ᠪᠠᠭᠠᠳᠤᠷᠴᠤᠳ᠎ᠢ ᠳᠡᠭᠡᠳᠤᠯᠠᠨ ᠪᠠᠭᠠᠳᠤᠷᠴᠤᠳ ᠡᠴᠡ ᠰᠤᠷᠤᠯᠴᠠᠵᠤ ᠪᠠᠭᠠᠳᠤᠷᠴᠤᠳ᠎ᠢ ᠬᠠᠯᠠᠮᠵᠢᠯᠠᠨ ᠬᠠᠢᠷᠠᠯᠠᠨ᠎ᠠ
2021-12-26 21:26:35
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠲᠡᠦᠬᠡ᠎ᠶ᠋ᠢ ᠵᠢᠭᠠᠬᠤ᠎ᠳᠠᠭᠠᠨ᠂ ᠰᠤᠷᠤᠭ᠍ᠴᠢᠳ᠎ᠤᠨ ᠦᠨᠳᠦᠰᠦᠲᠡᠨ᠎ᠦ ᠴᠢᠬᠡᠴᠢ ᠵᠣᠷᠢᠭ᠎ᠢᠶᠠᠨ ᠤᠯᠠᠮᠵᠢᠯᠠᠨ ᠵᠠᠯᠭᠠᠮᠵᠢᠯᠠᠬᠤ᠂ ᠪᠠᠭᠠᠲᠤᠷᠯᠢᠭ ᠴᠤᠭ ᠰᠦᠯᠳᠡ᠎ᠶ᠋ᠢ ᠡᠷᠬᠢᠮᠯᠡᠬᠦ᠌ ᠎ᠶ᠋ᠢ ᠬᠦᠳᠦᠯᠦᠨ ᠵᠢᠯᠣᠭᠣᠳᠭᠤ᠎ᠶ᠋ᠢ ᠴᠢᠬᠤᠯᠠᠴᠢᠯᠠᠵᠤ᠂ ᠰᠤᠷᠤᠭ᠍ᠴᠢᠳ᠎ᠢ᠎ᠬᠦᠳᠦᠯᠦᠨ᠎ᠵᠢᠯᠣᠭᠣᠳᠴᠤ᠌᠎ᠪᠠᠢᠭᠠᠳ᠎ᠪᠠᠭᠠᠲᠤᠷᠴᠤᠳ᠎ᠠᠴᠠ᠎ᠰᠤᠷᠤᠯᠴᠠᠭᠤᠯᠵᠤ᠂᠎ᠪᠠᠭᠠᠲᠤᠷᠴᠤᠳ᠎ᠢ᠎ᠪᠠᠲᠤ ᠴᠡᠭᠡᠵᠢᠯᠡᠭᠦᠯᠦᠨ᠂ ᠡᠪᠦᠭᠡ ᠳᠡᠭᠡᠳᠦᠰ᠎ᠢᠶᠡᠨ ᠮᠠᠷᠲᠠᠭ᠍ᠰᠠᠨ᠂ ᠪᠡᠶ᠎ᠡ᠎ᠪᠡᠨ ᠭᠣᠯᠣᠵᠤ ᠰᠠᠭ᠍ᠰᠠᠭᠤᠷᠠᠭ᠍ᠰᠠᠨ ᠲᠡᠦᠬᠡ ᠎ᠵᠢ ᠦᠭᠡᠢᠰᠭᠡᠬᠦ᠌ ᠦᠵᠡᠯ ᠪᠠ ᠰᠣᠶᠣᠯ᠎ᠢ ᠦᠭᠡᠢᠰᠭᠡᠬᠦ᠌ ᠦᠵᠡᠯ᠎ᠢ ᠤᠬᠠᠮᠰᠠᠷ᠎ᠠᠴᠠ᠎ᠪᠠᠨ ᠡᠰᠡᠷᠭᠦᠴᠡᠵᠦ᠍᠂ ᠤᠬᠠᠮᠰᠠᠷ᠎ᠠᠴᠠ᠎ᠪᠠᠨ ᠬᠢᠷᠢ ᠲᠦᠪᠰᠢᠨ᠎ᠢᠶᠠᠨ ᠳᠡᠭᠡᠭ᠌ᠰᠢᠯᠡᠭᠦᠯᠦᠨ᠂ ᠴᠤᠭ ᠰᠦᠯᠳᠡ ᠎ᠪᠡᠨ ᠬᠠᠳᠠᠭᠠᠯᠠᠵᠤ᠂ ᠬᠠᠷᠢᠭᠤᠴᠠᠯᠭ᠎ᠠ ᠡᠭᠦᠷᠭᠡᠯᠡᠬᠦ᠌᠎ᠶ᠋ᠢ ᠵᠣᠷᠢᠭ᠍ᠵᠢᠭᠤᠯᠬᠤ ᠬᠡᠷᠡᠭ᠌ᠲᠡᠢ᠃

(ᠰᠢ ᠵᠢᠨ ᠫᠢᠡᠭ᠎ᠤᠨ 2019 ᠣᠨ᠎ᠤ 3 ᠰᠠᠷ᠎ᠠ᠎ᠶ᠋ᠢᠨ 18 ᠎ᠤ ᠡᠳᠦᠷ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠤᠨᠤᠯ᠎ᠤᠨ ᠬᠢᠴᠢᠶᠡᠯ᠎ᠦᠨ ᠪᠠᠭ᠍ᠰᠢ᠎ᠨᠠᠷ᠎ᠤᠨ ᠶᠠᠷᠢᠯᠴᠠᠬᠤ ᠬᠤᠷᠠᠯ ᠳᠡᠭᠡᠷ᠎ᠡ ᠶᠠᠷᠢᠭ᠍ᠰᠠᠨ ᠶᠠᠷᠢᠶ᠎ᠠ ᠡᠴᠡ)


ᠪᠠᠭᠠᠲᠤᠷᠴᠤᠳ᠎ᠢ ᠡᠷᠬᠢᠮᠯᠡᠪᠡᠯ ᠰᠠᠶᠢ ᠪᠠᠭᠠᠲᠤᠷᠴᠤᠳ ᠪᠤᠢ ᠪᠤᠯᠵᠤ ᠴᠢᠳᠠᠨ᠎ᠠ᠂ ᠪᠠᠭᠠᠲᠤᠷᠴᠤᠳ ᠪᠣᠯᠬᠤ᠎ᠪᠠᠷ ᠴᠢᠷᠮᠠᠢᠪᠠᠯ ᠰᠠᠶᠢ ᠪᠠᠭᠠᠲᠤᠷᠴᠤᠳ ᠴᠣᠯᠭᠣᠷᠠᠨ ᠭᠠᠷᠴᠤ᠌ ᠴᠢᠳᠠᠨ᠎ᠠ᠃ ᠨᠠᠮ ᠪᠣᠯᠤᠨ ᠤᠯᠤᠰ᠎ᠠᠴᠠ ᠪᠠᠭᠠᠲᠤᠷ ᠵᠢᠱ᠌ᠢᠶᠡᠴᠢ᠎ᠶ᠋ᠢ ᠬᠥᠬᠢᠭᠦᠯᠦᠨ ᠰᠠᠢᠱᠢᠶᠠᠬᠤ᠎ᠶ᠋ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠭ᠍ᠰᠠᠭᠠᠷ ᠢᠷᠡᠵᠠᠢ᠃ ᠥᠨᠥᠳᠦᠷ ᠪᠢᠳᠡ ᠬᠠᠮᠤᠭ᠎ᠤᠨ ᠳᠡᠭᠡᠳᠦ ᠪᠠᠷᠢᠮᠵᠢᠶ᠎ᠠ᠎ᠪᠠᠷ ᠪᠠᠭᠠᠲᠤᠷ ᠵᠢᠱ᠌ᠢᠶᠡᠴᠢ᠎ᠶ᠋ᠢ ᠬᠥᠬᠢᠭᠦᠯᠦᠨ ᠰᠠᠢᠱᠢᠶᠠᠵᠤ ᠪᠠᠢᠭ᠎ᠠ ᠨᠢ ᠳᠠᠷᠤᠢ ᠲᠡᠳᠡᠨ᠎ᠦ ᠪᠡᠶ᠎ᠡ ᠳᠡᠭᠡᠷᠡᠬᠢ ᠦᠨᠡᠨᠴᠢ ᠱᠢᠳᠤᠷᠭᠤ᠂ ᠱᠢᠨᠲᠠᠷᠠᠰᠢ ᠦᠭᠡᠢ᠂ ᠪᠣᠷᠣᠭ᠍ᠵᠢᠭᠤᠨ ᠢᠯᠡ ᠲᠣᠳᠣ ᠵᠠᠩ ᠴᠢᠨᠠᠷ ᠎ᠢ ᠪᠠᠳᠠᠷᠠᠭᠤᠯᠬᠤ᠎ᠶ᠋ᠢᠨ ᠲᠥᠯᠥᠭᠡ ᠶᠤᠮ᠃

( ᠰᠢ ᠵᠢᠨ ᠫᠢᠡᠭ᠎ᠤᠨ 2019 ᠣᠨ᠎ᠤ 9 ᠰᠠᠷ᠎ᠠ᠎ᠶ᠋ᠢᠨ 29 ᠎ᠦ ᠡᠳᠦᠷ ᠤᠯᠤᠰ᠎ᠤᠨ ᠭᠠᠪᠢᠶᠠᠨ ᠲᠡᠮᠳᠡᠭ ᠪᠠ ᠤᠯᠤᠰ᠎ᠤᠨ ᠢᠷᠠᠭᠤ ᠠᠯᠳᠠᠷ᠎ᠤᠨ ᠴᠣᠯᠠ ᠣᠯᠭᠣᠬᠤ ᠶᠣᠰᠣᠯᠠᠯ ᠳᠡᠭᠡᠷ᠎ᠡ ᠶᠠᠷᠢᠭ᠍ᠰᠠᠨ ᠶᠠᠷᠢᠶ᠎ᠠ )


ᠳᠤᠮᠳᠠᠳᠤ᠎ᠶ᠋ᠢᠨ ᠦᠨᠳᠦᠰᠦᠲᠡᠨ ᠪᠣᠯ ᠪᠠᠭᠠᠲᠤᠷᠴᠤᠳ ᠴᠣᠯᠭᠣᠷᠠᠨ ᠭᠠᠷᠤᠭ᠍ᠰᠠᠨ ᠦᠨᠳᠦᠰᠦᠲᠡᠨ ᠮᠥᠨ᠂ ᠱᠢᠨ᠎ᠡ ᠴᠠᠭ ᠦᠶ᠎ᠡ ᠪᠣᠯ ᠪᠠᠭᠠᠲᠤᠷᠴᠤᠳ᠎ᠢ ᠪᠦᠲᠦᠭᠡᠬᠦ᠌ ᠴᠠᠭ ᠦᠶ᠎ᠡ ᠮᠥᠨ᠃ ᠪᠦᠬᠦ᠌ ᠨᠠᠮ ᠪᠦᠬᠦ᠌ ᠨᠡᠢᠭᠡᠮ᠎ᠢᠶᠡᠷ᠎ᠢᠶᠡᠨ ᠪᠠᠭᠠᠲᠤᠷᠴᠤᠳ᠎ᠢ ᠳᠡᠭᠡᠳᠦᠯᠡᠨ᠂ ᠪᠠᠭᠠᠲᠤᠷᠴᠤᠳ᠎ᠠᠴᠠ ᠰᠤᠷᠤᠯᠴᠠᠵᠤ᠂ ᠪᠠᠭᠠᠲᠤᠷᠴᠤᠳ᠎ᠢ ᠬᠠᠢᠷᠠᠯᠠᠨ ᠬᠠᠯᠠᠮᠵᠢᠯᠠᠵᠤ᠂ ᠪᠠᠭᠠᠲᠤᠷᠴᠤᠳ᠎ᠤᠨ ᠵᠣᠷᠢᠭ ᠰᠠᠨᠠᠭ᠎ᠠ ᠎ᠶ᠋ᠢ ᠶᠡᠬᠡ ᠎ᠪᠡᠷ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃

(ᠰᠢ ᠵᠢᠨ ᠫᠢᠡᠭ᠎ᠤᠨ 2020 ᠣᠨ᠎ᠤ 10 ᠰᠠᠷ᠎ᠠ᠎ᠶ᠋ᠢᠨ 21 ᠎ᠦ ᠡᠳᠦᠷ ᠰᠸᠴᠤᠸᠠᠨ ᠮᠤᠵᠢ᠎ᠶ᠋ᠢᠨ ᠬᠤᠪᠢᠰᠭᠠᠯᠲᠤ ᠵᠡᠮᠳᠡᠭ ᠴᠡᠷᠢᠭ᠎ᠦᠨ ᠰᠤᠪᠢᠯᠠᠯᠲᠠ᠎ᠶ᠋ᠢᠨ ᠬᠦᠷᠢᠶᠡᠯᠡᠩ᠎ᠦᠨ ᠪᠥᠬᠥ᠌ ᠨᠥᠬᠥᠳ᠎ᠲᠦ ᠥᠭ᠌ᠭᠦᠭ᠌ᠰᠡᠨ ᠬᠠᠷᠢᠭᠤ ᠵᠠᠬᠢᠳᠠᠯ ᠡᠴᠡ)

   

ᠢᠷᠡᠯᠳᠡ᠄ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠡᠦᠬᠡ ᠵᠢ ᠦᠬᠦᠯᠡᠬᠦ ᠨᠢ》


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号