ᠡᠸᠦ᠋ᠷᠦᠫᠠ ᠮᠠᠶᠢᠬ᠎ᠤᠨ ᠲᠤᠮᠤ ᠠᠰᠠᠷ 《ᠲᠦᠭᠡᠮᠡᠯ ᠬᠠᠢᠷ᠎ᠠ᠂ ᠡᠷᠴᠢ ᠬᠦᠴᠦᠨ᠂ ᠠᠴᠢ ᠳ᠋ᠦ ᠲᠠᠯᠠᠷᠬᠠᠬᠤ᠂ ᠦᠭᠡᠳᠡᠷᠭᠡᠭ ᠪᠠᠢᠬᠤ》 ᠵᠡᠷᠭᠡ ᠠᠯᠳᠠᠨ ᠰᠢᠷᠭᠠᠯ ᠦᠰᠦᠭ ᠵᠢᠡᠷ ᠰᠢᠵᠢᠷᠳᠤᠨ᠂ ᠠᠰᠠᠷ᠎ᠤᠨ ᠭᠤᠳᠤᠮᠵᠢ ᠬᠡᠤᠬᠡᠳ᠎ᠤᠳ᠎ᠤᠨ
ᠵᠢᠷᠤᠬᠰᠠᠨ ᠵᠢᠷᠤᠬ᠂ ᠤᠷᠤᠯᠴᠠᠬᠰᠠᠨ ᠬᠦᠳᠡᠯᠭᠡᠭᠡᠨ ᠪᠤᠶᠤ ᠰᠤᠷᠤᠯᠴᠠᠯᠭ᠎ᠠ ᠦᠰᠦᠨ ᠪᠤᠢᠵᠢᠯᠳᠠ ᠵᠢᠨ ᠲᠡᠮᠳᠡᠭᠯᠡᠯ
ᠵᠢᠡᠷ ᠴᠢᠮᠡᠭᠯᠡᠭᠳᠡᠵᠦ᠂ ᠤᠨᠳᠠᠯᠭ᠎ᠠ ᠵᠢᠨ ᠦᠷᠦᠭᠡ᠂ ᠲᠠᠪᠳᠠᠯᠭ᠎ᠠ ᠵᠢᠨ ᠲᠠᠰᠤᠬ᠂ ᠤᠬᠢᠶᠠᠯᠭ᠎ᠠ ᠵᠢᠨ ᠦᠷᠦᠭᠡ᠂ ᠤᠷᠠᠨ ᠵᠢᠷᠤᠬ᠎ᠤᠨ ᠲᠠᠰᠤᠭ᠂ ᠲᠠᠭᠤᠤ ᠪᠦᠵᠢᠭ᠎ᠤᠨ ᠦᠷᠦᠭᠡ ᠵᠡᠷᠭᠡ ᠨᠢ ᠦᠨᠦᠴᠢᠨ ᠦᠷᠦᠭᠡᠰᠦᠨ ᠬᠡᠦᠭᠡᠳ᠎ᠤᠨ
ᠵᠤᠯ ᠵᠢᠷᠭᠠᠯᠳᠤ ᠠᠮᠢᠳᠤᠷᠠᠯ᠎ᠢ ᠬᠦᠤᠷᠨᠢᠨ᠎ᠡ ᠁᠃ ᠡᠨᠡ ᠪᠤᠯ ᠬᠦᠯᠦᠨ ᠪᠤᠢᠷ ᠬᠤᠳᠠ ᠵᠢᠨ ᠬᠡᠦᠭᠡᠳ᠎ᠤᠨ ᠠᠰᠠᠷᠠᠮᠵᠢ ᠵᠢᠨ ᠬᠦᠷᠢᠶᠡᠯᠡᠩ ᠪᠤᠯᠤᠨ᠎ᠠ᠃
ᠠᠰᠠᠷᠠᠮᠵᠢ ᠵᠢᠨ ᠬᠦᠷᠢᠶᠡᠯᠡᠩ᠎ᠤᠨ ᠨᠢᠭᠡ ᠦᠷᠦᠭᠡᠨ ᠳ᠋ᠤ ᠠᠰᠠᠷᠠᠬᠴᠢ ᠡᠴᠡ 6 ᠰᠠᠷ᠎ᠠ ᠲᠠᠢ ᠨᠢᠯᠬ᠎ᠠ ᠬᠡᠤᠬᠡᠳ᠎ᠢ ᠡᠩᠭᠦᠷᠡᠢᠯᠡᠨ ᠦᠭᠦᠭᠡᠷᠳᠦᠬᠦ
ᠳ᠋ᠦ᠂ ᠨᠦᠭᠦᠭᠡ ᠦᠷᠦᠭᠡᠨ ᠳ᠋ᠤᠨᠢ ᠠᠰᠠᠷᠠᠬᠴᠢ ᠡᠴᠡ ᠤᠶᠤᠨᠮᠡᠳᠡᠷᠡᠯᠤᠨ
ᠰᠠᠭᠠᠳ ᠲᠠᠢ ᠬᠡᠤᠬᠡᠳ᠎ᠢ ᠲᠠᠭᠠᠭᠤᠯᠤᠨ ᠡᠷᠡᠬᠦᠯᠵᠢᠯ᠎ᠤᠨ ᠲᠡᠮᠢᠷ ᠬᠢᠭᠡᠳ ᠶᠠᠭᠠᠷᠠᠤ᠃
《ᠠᠰᠠᠷᠠᠮᠵᠢ ᠵᠢᠨ ᠬᠦᠷᠢᠶᠡᠯᠡᠩ᠎ᠤᠨ ᠤᠯᠠᠩᠬᠢ ᠨᠢ ᠦᠨᠦᠴᠢᠨ ᠬᠡᠤᠬᠡᠳ ᠪᠤᠯᠤᠨ᠎ᠠ᠂ ᠤᠨᠴᠠ ᠵᠠᠷᠢᠮ᠎ᠨᠢ ᠡᠵᠢ ᠠᠪᠤ ᠨᠢ ᠬᠦᠨᠳᠦ ᠡᠪᠡᠳᠴᠢᠨ ᠲᠡᠢ ᠬᠦᠴᠢᠷᠳᠡᠯᠲᠡᠢ
ᠬᠡᠤᠬᠡᠳ ᠪᠠᠢᠭ᠎ᠠ ᠶᠤᠮ᠃ ᠦᠨᠡᠨ ᠳ᠋ᠡᠭᠡᠨ 6 ᠨᠠᠰᠤᠨ ᠡᠴᠡ ᠡᠮᠦᠨᠡᠬᠢ ᠬᠡᠤᠬᠡᠳ᠎ᠤᠳ᠎ᠢ ᠪᠤᠯ ᠪᠦᠷ ᠬᠦᠷᠢᠶᠡᠯᠡᠩ
ᠳ᠋ᠡᠭᠡᠨ ᠦᠯᠡᠳᠡᠭᠡᠨ ᠬᠦᠮᠦᠵᠢᠯ ᠬᠦᠷᠳᠡᠭᠡᠵᠦ ᠪᠤᠯᠳᠠᠭ᠂ ᠬᠡᠪᠡᠴᠤ ᠪᠢᠳᠡ ᠲᠡᠳᠡᠨ᠎ᠢ ᠡᠩ᠎ᠤᠨ ᠬᠡᠤᠬᠡᠳ ᠲᠠᠢ
ᠠᠳᠠᠯᠢ ᠪᠡᠷ ᠰᠤᠷᠭᠠᠭᠤᠯᠢ ᠳ᠋ᠦ ᠰᠠᠭᠤᠵᠤ ᠰᠤᠷᠭᠠᠨ ᠬᠦᠮᠦᠵᠢᠯ ᠬᠦᠷᠳᠡᠬᠦ ᠬᠠᠪᠤ ᠴᠡᠩᠭᠡᠯ᠎ᠢ ᠡᠳ᠋ᠯᠡᠬᠦᠯᠬᠦ ᠵᠢᠨ ᠲᠦᠯᠦᠭᠡ᠂ ᠨᠠᠰᠤ ᠵᠢᠯ ᠵᠢᠡᠷ ᠨᠢ
ᠬᠤᠪᠢᠶᠠᠨ ᠬᠡᠤᠬᠡᠳ᠎ᠤᠨ ᠴᠡᠴᠡᠷᠯᠢᠭ ᠡᠴᠡ ᠶᠡᠬᠡ ᠰᠤᠷᠭᠠᠭᠤᠯᠢ ᠳ᠋ᠦ ᠬᠦᠷᠳᠡᠯ᠎ᠡ ᠰᠤᠷᠭᠠᠭᠤᠯᠢ ᠳ᠋ᠦ ᠬᠦᠷᠭᠡᠵᠦ
ᠪᠠᠢᠨ᠎ᠠ᠃ ᠡᠨᠡ ᠬᠦ᠌ ᠵᠠᠬᠪᠤᠷ ᠢ ᠪᠢᠳᠡ ᠪᠦᠬᠦ ᠤᠯᠤᠰ᠎ᠤᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ ᠳ᠋ᠤ ᠲᠦᠷᠦᠬᠦᠯᠡᠨ ᠬᠡᠷᠡᠭᠵᠢᠭᠦᠯᠦᠭᠰᠡᠨ
ᠶᠤᠮ᠃ ᠤᠳᠤ ᠡᠷᠡᠭᠦᠯ ᠬᠡᠤᠬᠡᠳ᠎ᠤᠳ ᠪᠦᠷ ᠰᠤᠷᠭᠠᠭᠤᠯᠢ ᠳ᠋ᠦ ᠤᠴᠢᠵᠠᠢ᠂ ᠰᠤᠷᠭᠠᠭᠤᠯᠢ ᠲᠠᠷᠬᠠᠪᠠᠯ ᠡᠨᠳᠡ ᠪᠡᠨ
ᠬᠠᠷᠢᠵᠤ ᠢᠷᠡᠨ᠎ᠡ᠃ ᠠᠰᠠᠷᠠᠮᠵᠢ ᠵᠢᠨ ᠬᠦᠷᠢᠶᠠᠯᠡᠩ ᠪᠤᠯ ᠦᠨᠡᠨ ᠳ᠋ᠡᠭᠡᠨ ᠲᠡᠳᠡᠨ᠎ᠤ ᠭᠡᠷ ᠨᠢ ᠪᠠᠢᠭ᠎ᠠ ᠶᠤᠮ》 ᠬᠡᠵᠦ ᠬᠦᠷᠢᠶᠡᠯᠡᠩ᠎ᠤᠨ ᠲᠠᠷᠤᠭ᠎ᠠ ᠠᠢ ᠯᠢ
ᠵᠢᠶᠦ᠋ᠨ ᠲᠠᠨᠢᠯᠴᠠᠭᠤᠯᠤᠨ᠎ᠠ᠃
ᠡᠨᠡ ᠬᠦ᠌ ᠬᠠᠢᠷ᠎ᠠ ᠬᠠᠯᠠᠮᠵᠢ ᠵᠢᠨ ᠶᠡᠭᠡ ᠬᠡᠷ ᠪᠦᠯᠢ ᠨᠢ ᠬᠦᠯᠦᠨ ᠪᠤᠢᠷ ᠬᠤᠳᠠ
ᠵᠢᠨ ᠥᠨᠥᠴᠢᠨ ᠵᠡᠮᠳᠡᠭ ᠨᠢᠯᠬ᠎ᠠ ᠬᠡᠸ᠋ᠬᠡᠳᠢ ᠡᠷᠭᠦᠨ ᠲᠡᠵᠢᠭᠡᠬᠦ᠌ ᠡᠭᠦᠷᠭᠡ᠎ᠶ᠋ᠢ ᠡᠭᠦᠷᠭᠡᠯᠡᠵᠦ᠍᠂ ᠠᠰᠠᠷᠠᠨ
ᠲᠡᠵᠢᠭᠡᠬᠦ᠌᠂ ᠡᠮᠨᠡᠬᠦᠯᠦᠨ ᠵᠠᠰᠠᠭᠤᠯᠬᠤ᠂ ᠡᠷᠡᠭᠦᠯᠵᠢᠭᠦᠯᠬᠦ᠌᠂ ᠰᠤᠷᠭᠠᠨ ᠬᠥᠮᠦᠵᠢᠭᠦᠯᠬᠦ᠌᠂ ᠲᠥᠪᠬᠢᠨᠡᠭᠦᠯᠬᠦ᠌
ᠶ᠋ᠢ ᠨᠢᠭᠡ ᠴᠤᠭ᠍ᠴᠠᠵᠢᠭᠤᠯᠤᠭ᠍ᠰᠠᠨ᠌ ᠬᠡᠸ᠋ᠬᠡᠳ᠎ᠦᠨ ᠠᠰᠠᠷᠠᠮᠵᠢ᠎ᠶ᠋ᠢᠨ ᠶᠡᠭᠡ ᠬᠡᠷ ᠪᠦᠯᠢ ᠪᠣᠯᠤᠨ᠎ᠠ᠃ ᠣᠲᠣᠬᠠᠨ
ᠳ᠋ᠠᠭᠠᠨ 166 ᠥᠨᠥᠴᠢᠨ ᠬᠡᠸ᠋ᠬᠡᠳ ( 136 ᠡᠷᠡᠭᠦᠯ ᠴᠢᠬᠢᠷᠠᠬ ᠬᠡᠸ᠋ᠬᠡᠳ᠂
30 ᠵᠡᠮᠳᠡᠭ ᠬᠡᠸ᠋ᠬᠡᠳ) ᠢ᠋ ᠠᠰᠠᠷᠠᠨ ᠲᠡᠵᠢᠭᠡᠵᠦ᠂ ᠬᠢᠲᠠᠳ᠂ ᠮᠣᠩᠭᠣᠯ᠂ ᠮᠠᠨᠵᠤ᠂
ᠳᠠᠭᠤᠷ᠂ ᠡᠸᠡᠩᠬᠢ᠂ ᠣᠷᠴᠣᠨ᠂ ᠬᠣᠲᠣᠩ᠂ ᠰᠣᠯᠣᠩᠭᠣᠰ᠂ ᠣᠷᠣᠰ
ᠵᠡᠷᠭᠡ ᠣᠯᠠᠨ ᠦᠨᠳᠦᠰᠦᠲᠡᠨ᠎ᠦ ᠲᠣᠮᠣ ᠬᠡᠷ ᠪᠦᠯᠢ ᠪᠤᠯᠵᠠᠢ᠃
ᠠᠮᠢᠳᠤᠷᠠᠯ ᠶᠠᠷᠦ ᠨᠢ ᠬᠠᠢᠷ᠎ᠠ ᠲᠡᠭᠡᠷ᠎ᠡ ᠲᠤᠭᠳᠠᠳᠠᠭ᠃ ᠬᠦᠴᠢᠷ ᠵᠤᠪᠠᠯᠠᠩ
ᠲᠠᠢ ᠨᠢᠭᠡ ᠵᠢ ᠪᠡᠨ ᠡᠨᠡᠷᠢᠵᠦ ᠲᠡᠳᠭᠦᠵᠦ ᠶᠠᠪᠤᠬᠤ ᠪᠤᠯ
ᠲᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯ᠃
ᠬᠦᠯᠦᠨ ᠪᠤᠢᠷ ᠬᠤᠳᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ ᠨᠢ ᠰᠠᠭᠤᠬᠤ ᠡᠴᠡ ᠴᠡᠪᠡᠷ
ᠲᠤᠬᠢᠯᠢᠭ᠂ ᠬᠠᠯᠠᠭᠤᠨ ᠲᠤᠯᠠᠭᠠᠨ ᠬᠡᠷ ᠲᠠᠢ᠂ ᠰᠤᠷᠤᠯᠴᠠᠬᠤ ᠡᠴᠡ ᠠᠮᠤᠷ ᠵᠢᠮᠤᠷ ᠲᠠᠪᠳᠠᠯᠭ᠎ᠠ ᠵᠢᠨ ᠦᠷᠦᠭᠡ᠂
ᠲᠡᠷᠢ ᠲᠡᠭᠰᠢ ᠰᠢᠷᠡᠭᠡ ᠰᠠᠨᠳᠠᠯᠢ ᠲᠠᠢ᠃ ᠮᠣᠷᠢᠨ ᠬᠤᠭᠤᠷ᠂ ᠡᠷᠡᠸ᠋ ᠬᠤᠭᠤᠷ᠂ ᠳᠠᠭᠤᠤ ᠬᠦᠭᠵᠢᠮ᠂ ᠪᠥᠵᠢᠭ᠂ ᠨᠡᠷᠡᠭᠦᠢ
ᠨᠢᠳᠤᠷᠭ᠎ᠠ᠂ ᠭᠢᠲ᠋ᠠᠷ᠂ ᠶᠠᠲᠤᠭ᠎ᠠ ᠵᠡᠷᠭᠡ ᠤᠷ᠎ᠠ ᠴᠢᠳᠠᠪᠤᠷᠢ ᠶ᠋ᠢᠨ ᠬᠥᠮᠦᠵᠢᠯ ᠨᠢ ᠦᠨᠦᠴᠢᠨ ᠬᠦᠬᠡᠷᠦᠭᠦᠢ
ᠬᠡᠸ᠋ᠬᠡᠳᠢ ᠢᠲᠡᠭᠡᠯ ᠲᠡᠭᠦᠯᠳᠡᠷ᠂ ᠴᠣᠭ ᠵᠢᠪᠬᠤᠭ᠎ᠠ᠎ᠲᠠᠶ ᠪᠣᠯᠭᠠᠵᠤ᠂ ᠢᠷᠠᠭᠤ ᠠᠯᠳᠠᠷᠲᠦ ᠰᠡᠳᠬᠢᠯᠭᠡ ᠪᠡᠷ
ᠪᠢᠯᠬᠠᠭᠤᠯᠵᠦ᠂ ᠬᠡᠸ᠋ᠬᠡᠳ᠎ᠦᠨ ᠪᠥᠬᠥ᠌ ᠲᠠᠯ᠎ᠠ ᠶ᠋ᠢᠨ᠂ ᠡᠷᠡᠭᠦᠯ ᠴᠢᠭᠢᠷᠠᠭ᠂ ᠪᠠᠶᠠᠷ ᠬᠥᠷ ᠲᠡᠶ ᠦᠰᠦᠨ ᠪᠣᠢᠵᠢᠯᠲᠠ
ᠶ᠋ᠢ ᠠᠬᠢᠭᠤᠯᠤᠨ᠎ᠠ᠃
《ᠬᠡᠦᠬᠡᠳ᠎ᠦᠳ᠎ᠦᠨ ᠬᠣᠭᠣᠷᠣᠨᠳᠣᠬᠢ ᠬᠠᠢᠷ᠎ᠠ ᠰᠡᠳᠭᠢᠯᠭᠡ᠎ᠶ᠋ᠢ ᠤᠯᠠᠮ ᠴᠢᠨᠠᠭ᠍ᠰᠢᠳᠠ
ᠭᠦᠨᠵᠡᠭᠡᠢᠷᠡᠭᠦᠯᠵᠦ᠍᠂ ᠨᠡᠩ ᠪᠦᠯᠬᠦᠮᠳᠡᠯ ᠲᠡᠶ᠂ ᠡᠶ᠎ᠡ
ᠨᠠᠢᠷᠲᠠᠢ ᠪᠤᠯᠭᠠᠬᠤ᠎ᠶ᠋ᠢᠨ ᠲᠥᠯᠥᠭᠡ᠂ ᠮᠠᠨ ᠤ ᠬᠦᠷᠢᠶᠡᠯᠡᠩ ᠤᠷᠳᠤ ᠬᠤᠭᠤᠴᠠᠭ᠎ᠠ᠎ᠪᠠᠷ ᠬᠡᠦᠬᠡᠳ᠎ᠲᠦ
ᠤᠷ᠎ᠠ ᠴᠢᠳᠠᠪᠤᠷᠢ᠎ᠶ᠋ᠢᠨ ᠬᠥᠮᠦᠵᠢᠯ ᠬᠦᠷᠳᠡᠭᠡᠬᠦ ᠵᠢ ᠴᠢᠬᠤᠯᠠᠴᠢᠯᠠᠵᠤ᠂ ᠲᠤᠰᠬᠠᠢ ᠮᠡᠷᠭᠡᠵᠢᠯ᠎ᠤᠨ ᠪᠠᠬᠰᠢ
ᠤᠷᠢᠨ᠂ ᠪᠠᠭ᠎ᠠ ᠰᠤᠷᠭᠠᠭᠤᠯᠢ ᠶ᠋ᠢᠨ ᠬᠡᠦᠬᠡᠳ᠎ᠲᠦ ᠡᠷᠡᠦ ᠬᠤᠭᠤᠷ᠂ ᠦᠨᠳᠦᠰᠦᠲᠡᠨ᠎ᠦ ᠲᠠᠭᠤᠤ ᠬᠦᠭᠵᠢᠮ ᠪᠥᠵᠢᠭ ᠵᠢᠭᠠᠵᠤ ᠪᠠᠢᠨ᠎ᠠ᠃ ᠪᠢᠳᠡ 30 ᠭᠠᠷᠤᠶ
ᠬᠡᠤᠬᠡᠳᠵᠢᠡᠷ ᠪᠦᠷᠢᠯᠳᠦᠭᠰᠡᠨ ᠡᠷᠡᠦ ᠬᠤᠭᠤᠷ᠎ᠤᠨ ᠪᠦᠯᠬᠦᠮ ᠪᠠ 10 ᠭᠠᠷᠤᠶ ᠴᠥᠭᠡᠨ ᠲᠣᠭᠠᠲᠤ ᠦᠨᠳᠦᠰᠦᠲᠡᠨ
ᠦ ᠬᠡᠸ᠋ᠬᠡᠳ ᠵᠢᠡᠷ ᠪᠦᠷᠢᠯᠳᠦᠭᠰᠡᠨ ᠮᠣᠷᠢᠨ ᠬᠤᠭᠤᠷ᠎ᠤᠨ ᠳᠤᠭᠤᠢᠯᠠᠩ᠎ᠢ ᠵᠣᠬᠢᠶᠠᠨ ᠪᠠᠢᠭᠤᠯᠵᠤ᠂ ᠤᠯᠠᠨᠳᠠ ᠲᠤᠬᠯᠠᠯᠲᠠ
ᠭᠠᠷᠭᠠᠵᠤ᠂ ᠮᠠᠰᠢ ᠰᠠᠢᠨ ᠦᠨᠡᠯᠡᠯᠲᠡ ᠵᠢ ᠤᠯᠤᠬᠰᠠᠨ᠃ ᠡᠭᠦᠨ
ᠡᠴᠡ ᠭᠠᠳᠠᠨ᠎ᠠ ᠪᠠᠰᠠ ᠮᠢᠭ᠌ᠮᠡᠨ ᠰᠢᠳᠠᠷ᠎ᠠ ᠵᠡᠷᠭᠡ ᠬᠢᠴᠢᠶᠡᠯ᠎ᠢ ᠨᠡᠮᠡᠨ ᠲᠤᠬᠢᠷᠠᠭᠤᠯᠵᠤ᠂ ᠬᠡᠦᠬᠡᠳ᠎ᠤᠳ᠎ᠤᠨ ᠢᠳᠡᠪᠬᠢᠵᠢᠯ᠎ᠢ ᠲᠠᠢᠴᠢᠯᠠᠵᠤ᠂ ᠬᠠᠷᠢᠯᠴᠠᠨ ᠰᠤᠷᠤᠯᠴᠠᠬᠤ᠂ ᠪᠠᠬᠠᠷᠬᠠᠬᠤ᠂
ᠦᠷᠦᠭᠡᠯ ᠪᠤᠰᠤᠳ᠎ᠢ ᠬᠦᠯᠢᠶᠡᠨ ᠠᠪᠬᠤ ᠲᠠᠯ᠎ᠠ ᠪᠡᠷ ᠵᠦᠪ
ᠵᠢᠡᠷ ᠬᠦᠲᠦᠯᠦᠨ ᠲᠠᠭᠠᠭᠤᠯᠵᠤ ᠪᠠᠢᠨ᠎ᠠ 》 ᠭᠡᠵᠦ᠍ ᠠᠢ ᠯᠢ ᠵᠢᠶᠦ᠋ᠨ
ᠶᠠᠷᠢᠵᠤ ᠪᠠᠢᠯ᠎ᠠ᠃
ᠤᠯᠠᠨ ᠵᠢᠯ᠎ᠤᠨ ᠲᠤᠷᠰᠢ᠂ ᠬᠦᠯᠦᠨ ᠪᠤᠢᠷ ᠬᠤᠳᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠪᠦᠬᠦ ᠠᠵᠢᠯᠲᠠᠳ ᠨᠦᠷᠢ ᠬᠦᠳᠡᠯᠮᠦᠷᠢ ᠵᠠᠷᠤᠴᠠᠭᠤᠯᠤᠨ
ᠡᠯ᠎ᠡ ᠲᠠᠯ᠎ᠠ ᠪᠡᠷ ᠬᠡᠤᠬᠡᠳ᠎ᠤᠨ ᠰᠤᠷᠤᠯᠭ᠎ᠠ ᠠᠮᠢᠳᠤᠷᠠᠯ᠎ᠢ ᠬᠠᠷᠠᠭᠠᠯᠵᠠᠵᠤ᠂ ᠬᠦᠯᠢᠴᠡᠩᠭᠦᠢ ᠲᠡᠰᠪᠦᠷᠢᠲᠡᠢ
ᠤᠪᠤᠷ ᠵᠢᠡᠷ ᠬᠡᠤᠬᠡᠳ᠎ᠤᠨ ᠲᠤᠳᠤᠭᠠᠳᠤ ᠰᠡᠳᠬᠢᠯᠭᠡ ᠵᠢ
ᠤᠢᠯᠠᠭᠠᠵᠦ᠂ ᠬᠡᠦᠬᠡᠳ᠎ᠤᠨ ᠭᠠᠷ ᠬᠥᠳᠡᠯᠬᠦ᠂ ᠲᠠᠷᠢᠬᠢ᠎ᠪᠠᠨ
ᠬᠥᠳᠡᠯᠭᠡᠬᠦ᠌ ᠴᠢᠳᠠᠪᠤᠷᠢ᠎ᠶ᠋ᠢ ᠨᠢ ᠨᠡᠭᠡᠭᠡᠨ ᠬᠥᠭ᠌ᠵᠢᠭᠦᠯᠵᠦ᠍᠂ ᠰᠡᠬᠡᠭᠡᠷᠡᠭᠦᠯᠬᠦ᠌ ᠬᠥᠮᠦᠵᠢᠯ ᠬᠦᠷᠲᠡᠭᠡᠭᠰᠡᠭᠡᠷ ᠢᠷᠡᠵᠡᠢ᠃
ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩᠬᠡᠭᠰᠡᠭᠡᠷ ᠤᠯᠠᠩᠬᠢ ᠨᠢ ᠠᠰᠠᠷᠠᠨ
ᠲᠡᠵᠢᠭᠡᠬᠦ ᠪᠡᠷ ᠭᠤᠤᠯᠯᠠᠳᠠᠬ᠃ ᠬᠦᠯᠦᠨ ᠪᠤᠢᠷ ᠬᠤᠳᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ ᠬᠠᠷᠢᠨ ᠠᠰᠠᠷᠠᠨ ᠲᠡᠵᠢᠭᠡᠬᠦ ᠪᠡᠷ ᠰᠠᠭᠤᠷᠢ ᠪᠤᠯᠭᠠᠨ ᠰᠤᠷᠭᠠᠨ
ᠬᠦᠮᠦᠵᠢᠯ ᠬᠦᠷᠳᠡᠭᠡᠬᠦ᠂ ᠨᠡᠢᠭᠡᠮ ᠲᠠᠢ ᠤᠢᠷᠠᠳᠴᠤ᠂ ᠨᠡᠢᠭᠡᠮ ᠳ᠋ᠦ ᠬᠡᠷᠡᠭᠴᠡᠭᠡ ᠲᠠᠢ ᠬᠦᠮᠦᠨ ᠪᠤᠯᠵᠤ ᠬᠦᠮᠦᠵᠢᠭᠳᠡᠬᠦ ᠵᠢ ᠴᠢᠬᠤᠯᠠᠴᠢᠯᠠᠳᠠᠬ ᠪᠠᠢᠯ᠎ᠠ᠃ ᠤᠳᠤ ᠪᠤᠯᠬᠤ ᠳ᠋ᠦ᠂ ᠬᠦᠯᠦᠨ
ᠪᠤᠢᠷ ᠬᠣᠲᠠ᠎ᠶ᠋ᠢᠨ ᠬᠡᠦᠬᠡᠳ᠎ᠦᠨ ᠠᠰᠠᠷᠠᠮᠵᠢ ᠶ᠋ᠢᠨ ᠬᠦᠷᠢᠶᠡᠯᠡᠩ᠎ᠦᠨ 100 ᠭᠠᠷᠤᠢ ᠬᠡᠤᠬᠡᠳ ᠡᠯ᠎ᠡ ᠶᠡᠭᠡ
ᠲᠡᠭᠡᠳᠦ ᠰᠤᠷᠭᠠᠭᠤᠯᠢ ᠪᠤᠶᠤ ᠬᠠᠢᠯᠠᠷ ᠲᠣᠭᠣᠷᠢᠭ ᠤᠨ ᠡᠯ᠎ᠡ ᠰᠤᠷᠭᠠᠭᠤᠯᠢ ᠳᠤ ᠰᠤᠷᠤᠯᠴᠠᠵᠦ ᠪᠤᠢ᠃ ᠬᠡᠤᠬᠡᠳ᠎ᠤᠨ ᠪᠠᠶᠠᠷ ᠵᠢᠴᠢ ᠰᠣᠶᠣᠯ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠂ ᠲᠠᠮᠢᠷ᠎ᠤᠨ ᠴᠤᠭ᠍ᠯᠠᠭᠠᠨ ᠪᠤᠯᠬᠤ ᠪᠦᠷᠢ ᠬᠡᠦᠬᠡᠳ᠎ᠦᠨ ᠠᠰᠠᠷᠠᠮᠵᠢ᠎ᠶ᠋ᠢᠨ ᠬᠦᠷᠢᠶᠡᠯᠡᠩ ᠡᠴᠡ ᠠᠵᠢᠯᠲᠠᠨ ᠠᠵᠢᠯᠴᠢᠨ᠎ᠤ
ᠲᠥᠯᠥᠭᠡᠯᠡᠭ᠌ᠴᠢ ᠲᠣᠮᠢᠯᠠᠨ ᠬᠡᠦᠭᠡᠳ᠎ᠤᠨ ᠬᠡᠷ᠎ᠤᠨ ᠠᠬᠠᠮᠠᠳ᠎ᠤᠨ ᠬᠤᠪᠢ ᠪᠡᠷ ᠣᠷᠣᠯᠴᠠᠭᠤᠯᠳᠠᠬ ᠮᠦᠷᠳᠡᠭᠡᠨ ᠬᠡᠦᠬᠡᠳ᠎ᠦᠨ
ᠰᠤᠷᠤᠯᠴᠠᠯᠭ᠎ᠠ᠎ᠶ᠋ᠢ ᠬᠠᠷᠢᠭᠤᠴᠠᠳᠠᠭ ᠬᠠᠪᠰᠤᠷᠤᠨ ᠵᠢᠯᠣᠭᠣᠳᠤᠬᠴᠢ ᠪᠠᠭ᠍ᠰᠢ᠎ᠨᠠᠷ ᠡᠴᠡ ᠡᠳᠦᠷ ᠪᠦᠷᠢ ᠰᠤᠷᠭᠠᠭᠤᠯᠢ᠎ᠶ᠋ᠢᠨ
ᠠᠩᠬᠢ᠎ᠶ᠋ᠢᠨ ᠡᠷᠬᠢᠯᠡᠭ᠌ᠴᠢ᠎ᠲᠡᠶ ᠬᠠᠷᠢᠯᠴᠠᠵᠤ᠂ ᠬᠡᠦᠬᠡᠳ᠎ᠦᠨ ᠰᠤᠷᠭᠠᠭᠤᠯᠢ ᠳᠤ ᠰᠤᠷᠤᠯᠴᠠᠵᠤ ᠪᠠᠢᠬᠤ ᠡᠯ᠎ᠡ ᠲᠠᠯ᠎ᠠ᠎ᠶ᠋ᠢᠨ ᠪᠠᠢᠳᠠᠯ᠎ᠢ ᠣᠢᠯᠠᠭᠠᠵᠦ᠂ ᠭᠡᠨᠡᠳᠲᠡ᠎ᠶ᠋ᠢᠨ ᠬᠡᠷᠡᠭ ᠭᠠᠷᠬᠤ ᠪᠤᠶᠤ
ᠡᠪᠡᠳᠴᠢᠯᠡᠬᠦ᠌ ᠦᠶ᠎ᠡ᠎ᠳᠦ ᠲᠠᠷᠤᠢᠬᠠᠨ ᠰᠤᠷᠭᠠᠭᠤᠯᠢ᠎ᠳᠤ ᠢᠷᠡᠵᠦ᠂ ᠬᠡᠦᠭᠡᠳ᠎ᠤᠨ ᠠᠰᠠᠭᠤᠳᠠᠯ ᠢ ᠴᠠᠭ ᠲᠤᠬᠠᠶ
ᠳᠤᠨᠢ ᠱᠢᠶ᠋ᠳᠪᠦᠷᠢᠯᠡᠵᠦ᠂ ᠬᠡᠤᠬᠡᠳ ᠲᠸ᠋ ᠡᠩ ᠤᠨ ᠬᠡᠤᠬᠡᠳ
ᠲᠠᠢ ᠠᠳᠠᠯᠢᠬᠠᠨ ᠬᠡᠷ ᠪᠦᠯᠢ ᠵᠢᠨ ᠬᠠᠯᠠᠭᠤᠨ
ᠲᠤᠯᠠᠭᠠᠨᠢ ᠡᠳ᠋ᠯᠡᠭᠦᠯᠳᠡᠭ᠃
《〈ᠬᠠᠢᠷ᠎ᠠ ᠪᠡᠷ ᠬᠠᠨᠢ ᠪᠤᠯᠤᠶ᠎ᠠ〉 ᠬᠡᠬᠦ ᠰᠢᠷᠢᠰ
ᠠᠵᠢᠯᠯᠠᠭ᠎ᠠ ᠦᠷᠨᠢᠭᠦᠯᠵᠦ᠂ ᠬᠡᠦᠬᠡᠳ᠎ᠦᠨ ᠲᠦᠷᠦᠭ᠌ᠰᠡᠨ ᠡᠳᠦᠷ᠎ᠦᠨ ᠪᠠᠶᠠᠷ᠎ᠢ ᠬᠠᠮᠲᠤ ᠪᠡᠷ ᠪᠡᠯᠭᠡᠯᠡᠬᠦ
ᠪᠤᠶᠤ ᠬᠡᠦᠬᠡᠳ ᠡᠪᠡᠳᠴᠢᠯᠡᠭ᠌ᠰᠡᠨ ᠦᠶ᠎ᠡ ᠳᠦ ᠡᠷᠭᠢᠨ ᠦᠵᠡᠵᠦ᠍ ᠲᠣᠬᠣᠨᠢᠭᠤᠯᠤᠨᠠ; ᠬᠡᠸ᠋ᠬᠡᠳ ᠨᠢᠭᠡᠪᠦᠷᠢ ᠳᠦ ᠦᠰᠦᠨ ᠪᠣᠢᠵᠢᠯᠲᠠ᠎ᠶ᠋ᠢᠨ ᠬᠡᠷᠡᠯ ᠵᠢᠷᠤᠭ᠎ᠤᠨ ᠲᠡᠭᠦᠪᠦᠷᠢ
ᠪᠠᠢᠭᠤᠯᠤᠨ ᠥᠭ᠌ᠴᠦ᠂ ᠰᠠᠷ᠎ᠠ ᠪᠦᠷᠢ ᠨᠠᠭᠠᠳᠤ ᠵᠠᠬ᠎ᠠ᠎ᠳᠠᠭᠠᠨ ᠨᠢᠭᠡ ᠬᠡᠷᠡᠯ ᠵᠢᠷᠤᠭ ᠲᠠᠳᠠᠭᠤᠯᠤᠨ᠂ ᠬᠡᠸ᠋ᠬᠡᠳ᠎ᠤᠨ ᠦᠰᠦᠨ ᠪᠣᠢᠵᠢᠯᠲᠠ᠎ᠶ᠋ᠢᠨ ᠶᠠᠪᠤᠴᠠ᠎ᠳᠠᠬᠢ ᠮᠠᠷᠲᠠᠭ᠍ᠳᠠᠰᠢ ᠥᠬᠡᠶ ᠬᠤᠷᠤᠮᠢ ᠲᠡᠮᠳᠡᠭᠯᠡᠵᠦ ᠥᠭ᠌ᠬᠦᠨ᠎ᠡ;ᠠᠰᠠᠷᠠᠮᠵᠢ ᠵᠢᠨ ᠬᠦᠷᠢᠶᠡᠯᠡᠩ᠎ᠤᠨ ᠠᠵᠢᠯᠳᠠᠳ ᠰᠠᠷ᠎ᠠ ᠪᠦᠷᠢ ᠬᠡᠦᠬᠡᠳ ᠢ ᠳᠠᠭᠠᠭᠤᠯᠤᠨ
ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠬᠡᠤᠬᠡᠳ ᠲᠸ᠋ ᠭᠡᠷ ᠦᠨ ᠬᠥᠮᠦᠰ ᠲᠠᠢ ᠪᠡᠨ ᠬᠠᠮᠲᠤ ᠪᠠᠢᠭ᠎ᠠ ᠵᠢᠷᠭᠠᠯᠳᠤ ᠲᠦᠷᠦᠭᠳᠡᠯ᠎ᠢ ᠤᠯᠭᠤᠨ᠎ᠠ ᠁》 ᠬᠡᠵᠦ ᠶᠠᠷᠢᠬᠤ
ᠳ᠋ᠦ ᠠᠢ ᠯᠢ ᠵᠢᠶᠦ᠋ᠨ ᠠᠰᠠᠷᠠᠮᠵᠢ ᠵᠢᠨ ᠬᠦᠷᠢᠶᠡᠯᠡᠩ᠎ᠤᠨ ᠲᠠᠷᠤᠭ᠎ᠠ ᠵᠢᠨ ᠴᠢᠷᠠᠢ ᠳ᠋ᠦ ᠡᠭᠡ ᠬᠦᠮᠦᠨ᠎ᠤ ᠡᠨᠡᠷᠢᠩᠬᠦᠢ
ᠮᠦᠰᠢᠶᠡᠳᠦ ᠲᠤᠳᠤᠷᠠᠨ᠎ᠠ᠃
ᠤᠢᠯᠠᠭᠠᠬᠰᠠᠨ ᠵᠢᠡᠷ᠂ ᠬᠥᠯᠥᠨ ᠪᠣᠢᠷᠬᠤᠳᠠ ᠵᠢᠨ ᠬᠡᠸ᠋ᠬᠡᠳ᠎ᠦᠨ ᠠᠰᠠᠷᠠᠮᠵᠢ᠎ᠶ᠋ᠢᠨ
ᠬᠦᠷᠢᠶᠡᠯᠡᠩ 2000 ᠣᠨ᠎ᠠᠴᠠ ᠨᠠᠭᠠᠰᠢ ᠨᠢᠭᠡᠨᠲᠡ 146 ᠣᠶᠤᠲᠠᠨ᠂ 7 ᠠᠰᠫᠢᠷᠠᠨᠲ᠎ᠢ ᠬᠥᠮᠦᠵᠢᠭᠦᠯᠵᠦ᠍᠂ 7 ᠬᠦᠮᠦᠨ ᠢ ᠴᠡᠷᠢᠭ᠎ᠲᠦ ᠬᠦᠷᠭᠡᠭᠰᠡᠨ ᠪᠠᠢᠨ᠎ᠠ᠃
ᠦᠨᠦᠴᠢᠨ ᠦᠷᠦᠭᠡᠰᠦᠨ ᠬᠡᠤᠬᠡᠳ᠎ᠢ ᠬᠠᠢᠷ᠎ᠠ ᠪᠡᠷ ᠢᠪᠡᠭᠡᠨ᠂ ᠬᠡᠦᠬᠡᠳ ᠨᠢᠭᠡᠪᠦᠷᠢ ᠶ᠋ᠢ ᠬᠠᠢᠷ᠎ᠠ ᠬᠠᠯᠠᠮᠵᠢ ᠪᠢᠯᠬᠠᠭ᠍ᠰᠠᠨ ᠨᠡᠢᠭᠡᠮ ᠵᠢᠷᠦᠮᠳᠦ ᠦᠨᠳᠦᠰᠦᠲᠡᠨ᠎ᠤ
ᠲᠤᠮᠤ ᠭᠡᠷ ᠪᠦᠯᠢ᠎ᠶ᠋ᠢᠨ ᠳᠤᠮᠳᠠ ᠢᠳᠡᠷᠡᠭᠦᠨ᠎ᠢᠶᠡᠷ ᠥᠰᠭᠡᠨ ᠬᠦᠮᠦᠵᠢᠬᠦᠯᠦᠨ᠎ᠡ᠃