2021 ᠣᠨ ᠎ᠤ ᠪᠥᠬᠥ᠌ ᠣᠷᠣᠨ ᠎ᠤ 《ᠠᠷᠪᠠᠨ ᠶᠡᠬᠡ ᠬᠠᠤᠯᠢᠵᠢᠯ ᠎ᠤᠨ ᠬᠡᠷᠡᠭ ᠵᠢᠴᠢ ᠠᠷᠪᠠᠨ ᠱᠢᠯᠢᠳᠡᠭ ᠬᠠᠤᠯᠢᠵᠢᠯ ᠎ᠤᠨ ᠬᠥᠮᠦᠨ 》 ᠢ᠋ ᠨᠡᠢᠲᠡᠯᠡᠬᠦ᠌ ᠶᠣᠰᠣᠯᠠᠯ ᠶᠠᠪᠤᠭ᠍ᠳᠠᠪᠠ
2021-12-26 20:49:02
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠎ᠬᠠᠤᠯᠢ ᠎ᠪᠠᠷ ᠣᠷᠣᠨ᠎ᠢᠶᠠᠨ ᠵᠠᠰᠠᠬᠤ ᠠᠯᠪᠠᠨ ᠬᠡᠷ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠠᠴᠠ ᠬᠠᠮᠲᠤᠷᠠᠨ ᠡᠷᠭᠢᠯᠡᠭ᠌ᠰᠡᠨ 2021 ᠣᠨ᠎ᠤ ᠪᠥᠬᠥ᠌ ᠣᠷᠣᠨ᠎ᠤ 《ᠠᠷᠪᠠᠨ ᠶᠡᠬᠡ ᠬᠠᠤᠯᠢᠵᠢᠯ᠎ᠤᠨ ᠬᠡᠷᠡᠭ ᠵᠢᠴᠢ ᠠᠷᠪᠠᠨ ᠱᠢᠯᠢᠳᠡᠭ ᠬᠠᠤᠯᠢᠵᠢᠯ ᠎ᠤᠨ ᠬᠥᠮᠦᠨ》 ᠢ᠋ ᠨᠡᠢᠲᠡᠯᠡᠬᠦ᠌ ᠶᠣᠰᠣᠯᠠᠯ ᠬᠥᠬᠡᠬᠣᠲᠠ ᠎ᠳᠤ ᠶᠠᠪᠤᠭ᠍ᠳᠠᠪᠠ᠃

ᠤᠢᠯᠠᠭᠠᠬᠰᠠᠨ ᠵᠢᠡᠷ᠂ ᠥᠪᠥᠷ ᠮᠣᠩᠭᠣᠯ ᠎ᠤᠨ 《ᠠᠷᠪᠠᠨ ᠶᠡᠬᠡ ᠬᠠᠤᠯᠢᠵᠢᠯ᠎ᠤᠨ ᠬᠡᠷᠡᠭ ᠵᠢᠴᠢ ᠠᠷᠪᠠᠨ ᠱᠢᠯᠢᠳᠡᠭ  ᠬᠠᠤᠯᠢᠵᠢᠯ᠎ᠤᠨ ᠬᠥᠮᠦᠨ》 ᠢ᠋ ᠱᠢᠯᠭᠠᠷᠠᠭᠤᠯᠬᠤ ᠠᠵᠢᠯᠯᠠᠭ᠎ᠠ  ᠨᠢᠭᠡᠨᠲᠡ 19 ᠬᠤᠭᠤᠴᠠᠭ᠎ᠠ ᠶᠠᠪᠤᠭ᠍ᠳᠠᠪᠠ᠂ ᠡᠨᠡ ᠵᠢᠯ᠎ᠦᠨ ᠠᠵᠢᠯᠯᠠᠭ᠎ᠠ ᠡᠬᠢᠯᠡᠭ᠌ᠰᠡᠨ ᠡᠴᠡ ᠨᠠᠭᠠᠰᠢ᠂ ᠥᠪᠥᠷ ᠮᠣᠩᠭᠣᠯ᠎ᠤᠨ ᠬᠢᠯᠢ ᠪᠡᠷ ᠤᠷᠤᠵᠤ ᠭᠠᠷᠬᠤ ᠬᠢᠯᠢ᠎ᠶ᠋ᠢᠨ ᠬᠠᠮᠠᠭᠠᠯᠠᠯᠳᠠ ᠵᠢᠨ ᠪᠠᠢᠴᠠᠭᠠᠬᠤ  ᠶᠡᠷᠦᠩᠬᠡᠶ ᠥᠷᠲᠡᠭᠡ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠤᠯᠤᠰ᠎ᠤᠨ ᠬᠢᠯᠢ ( ᠬᠢᠵᠠᠭᠠᠷ ) ᠎ᠶ᠋ᠢᠨ ᠬᠠᠮᠢᠶᠠᠷᠤᠯᠲᠠ᠎ᠶ᠋ᠢ ᠬᠠᠷᠱᠢᠯᠠᠭ᠍ᠰᠠᠨ ᠶᠠᠯᠠᠲᠤ ᠠᠵᠢᠯᠯᠠᠭ᠎ᠠ ᠎ᠳᠤ ᠲᠥᠪᠯᠡᠷᠡᠭᠦᠯᠦᠨ ᠴᠣᠬᠢᠯᠲᠠ ᠥᠭ᠌ᠬᠦ ᠲᠤᠰᠭᠠᠶ ᠲᠡᠮᠡᠴᠡᠯ᠂ ᠥᠪᠥᠷ ᠮᠣᠩᠭᠣᠯ᠎ᠤᠨ ᠬᠢᠯᠢ ᠎ᠶ᠋ᠢᠨ ᠪᠠᠢᠴᠠᠭᠠᠯᠲᠠ᠎ᠶ᠋ᠢᠨ ᠶᠡᠷᠦᠩᠬᠡᠶ ᠥᠷᠲᠡᠭᠡ᠎ᠡᠴᠡ ᠰᠢᠯᠭᠠᠷᠠᠭᠤᠯᠤᠨ ᠬᠦᠬᠢᠬᠦᠯᠦᠭᠰᠡᠨ ᠠᠷᠪᠠᠨ ᠬᠢᠯᠢ ᠵᠢᠨ ᠬᠠᠮᠠᠭᠠᠯᠠᠭ᠍ᠴᠢ᠂ ᠮᠣᠷᠢᠳᠤ ᠴᠠᠭ᠍ᠳᠠᠭ᠎ᠠ᠂ ᠲᠤᠢᠭ ᠰᠢᠯᠢ ᠵᠢᠨ ᠬᠢᠯᠢ᠎ᠶ᠋ᠢᠨ ᠲᠣᠮᠢᠯᠠᠭ᠍ᠰᠠᠨ ᠰᠠᠯᠪᠤᠷᠢ ᠵᠡᠷᠭᠡ ᠨᠡᠢᠳᠡᠯᠢᠭ ᠬᠠᠤᠯᠢᠵᠢᠯ ᠤ᠋ᠨ ᠬᠡᠷᠡᠭ ᠪᠠ ᠬᠠᠤᠯᠢᠵᠢᠯ ᠤ᠋ᠨ ᠬᠦᠮᠦᠨ᠎ᠢ ᠲᠡᠪᠰᠢᠬᠦᠯᠦᠨ ᠮᠡᠳᠡᠬᠦᠯᠵᠦ᠂᠎ᠥᠪᠥᠷ ᠮᠣᠩᠭᠣᠯ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠡᠩᠨᠡᠭᠡ ᠵᠢᠨ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ ᠶ᠋ᠢ ᠪᠠᠲᠤ ᠴᠣᠭ᠍ᠴᠠᠯᠠᠵᠤ᠂ ᠬᠠᠤᠯᠢᠵᠢᠯ᠎ᠤᠨ ᠥᠪᠥᠷ ᠮᠣᠩᠭᠣᠯ᠂ ᠠᠮᠤᠭᠤᠯᠠᠩᠳᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ ᠵᠢ ᠠᠬᠢᠭᠤᠯᠬᠤ ᠳ᠋ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ ᠪᠠᠢᠭ᠎ᠠ ᠴᠤᠭ ᠵᠢᠪᠬᠤᠭ᠎ᠠ ᠵᠢ ᠢᠯᠡᠷᠡᠬᠦᠯᠦᠭᠰᠡᠨ ᠪᠠᠢᠨ᠎ᠠ᠃

ᠡᠨᠡ ᠵᠢᠯ᠎ᠦᠨ ᠠᠵᠢᠯᠯᠠᠭ᠎ᠠ ᠲᠡᠬᠡᠷ᠎ᠡ ᠥᠪᠥᠷ  ᠮᠣᠩᠭᠣᠯ ᠎ᠤᠨ  ᠬᠢᠯᠢ ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ ᠎ᠡᠴᠨ ᠵᠣᠬᠢᠶᠠᠨ ᠪᠠᠢᠭᠤᠯᠵᠤ ᠥᠷᠨᠢᠭᠦᠯᠦᠭ᠌ᠰᠡᠨ ᠤᠯᠤᠰ᠎ᠤᠨ ᠬᠢᠯᠢ (ᠬᠢᠵᠠᠭᠠᠷ )᠎ᠶ᠋ᠢᠨ ᠬᠠᠮᠢᠶᠠᠷᠤᠯᠲᠠ᠎ᠶ᠋ᠢ ᠬᠠᠷᠱᠢᠯᠠᠭ᠍ᠰᠠᠨ ᠶᠠᠯᠠᠲᠤ ᠠᠵᠢᠯᠯᠠᠭ᠎ᠠ᠎ᠳᠤ ᠲᠥᠪᠯᠡᠷᠡᠭᠦᠯᠦᠨ ᠴᠣᠬᠢᠯᠲᠠ ᠥᠭ᠌ᠬᠦ ᠲᠤᠰᠭᠠᠶ ᠠᠵᠢᠯᠯᠠᠭ᠎ᠠ ᠨᠢ 《ᠠᠷᠪᠠᠨ ᠶᠡᠬᠡ ᠬᠠᠤᠯᠢᠵᠢᠯ ᠤ᠋ᠨ ᠬᠡᠷᠡᠭ》 ᠵᠢᠡᠷ ᠦᠨᠡᠯᠡᠭᠳᠡᠵᠦ᠂ ᠬᠥᠬᠡᠬᠣᠲᠠ᠎ᠶ᠋ᠢᠨ ᠬᠢᠯᠢ᠎ᠶ᠋ᠢᠨ ᠪᠠᠢᠴᠠᠭᠠᠬᠤ ᠥᠷᠲᠡᠭᠡ᠎ᠶ᠋ᠢᠨ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠭᠠᠵᠠᠷ᠎ᠤᠨ ᠳᠡᠳ᠋ ᠳᠠᠷᠤᠭ᠎ᠠ ᠨᠠᠰᠸ᠋ᠨ 《ᠠᠷᠪᠠᠨ ᠰᠢᠯᠢᠳᠡᠭ ᠬᠠᠤᠯᠢᠵᠢᠯ ᠤ᠋ᠨ ᠬᠥᠮᠦᠨ》 ᠤ᠋  ᠢᠷᠠᠭᠤ  ᠠᠯᠳᠠᠷ ᠢ᠋ ᠬᠦᠷᠳᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号