ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ
2021-12-27 09:50:29
ᠵᠣᠬᠢᠶᠠᠭ᠍ᠴᠢ᠄
ᠪᠠᠢ ᠯᠢᠶᠠᠨ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 20 ᠎ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠦᠨᠳᠦᠰᠦᠲᠡᠨ ᠪᠠ ᠱᠠᠱᠢᠨ ᠰᠤᠷᠲᠠᠬᠤᠨ᠎ᠤ ᠵᠥᠪᠯᠡᠯ᠎ᠦᠨ ᠬᠤᠪᠢᠶᠠᠷᠢ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠭᠤᠤ ᡁᠢ ᠮᠢᠩ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠡᠴᠡ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠶ᠎ᠡ》 ᠭᠡᠬᠦ᠌ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠮᠡᠳᠡᠭᠦᠯᠦᠯᠲᠡ᠎ᠳᠦ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠶ᠎ᠠ》᠂ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠣᠯᠤᠨ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ ᠲᠠᠨᠢᠶ᠎ᠠ》᠂ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ》ᠭᠡᠬᠦ᠌ ᠭᠤᠷᠪᠠᠨ ᠲᠠᠯ᠎ᠠ᠎ᠡᠴᠡ᠂ ᠨᠠᠮ᠎ᠤᠨ᠎ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠨᠡᠪᠲᠡᠷᠬᠡᠢ ᠲᠣᠳᠣᠷᠬᠠᠢᠯᠠᠨ ᠥᠭᠦᠯᠡᠪᠡ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠤᠨᠤᠯ᠎ᠤᠨ ᠦᠨᠳᠦᠷᠴᠡ ᠲᠠᠢ ᠪᠥᠭᠡᠳ ᠪᠣᠳᠠᠲᠤ ᠠᠴᠢ ᠬᠣᠯᠪᠣᠭ᠍ᠳᠠᠯ᠎ᠲᠠᠶ ᠪᠠᠢᠵᠤ᠂ ᠥᠷᠭᠡᠨ ᠤᠯᠠᠨ ᠪᠠᠭ᠍ᠰᠢ ᠰᠤᠷᠤᠭ᠍ᠴᠢᠳ᠎ᠤᠨ ᠬᠣᠶᠠᠷ ᠤᠳᠠᠭ᠎ᠠ᠎ᠶ᠋ᠢᠨ ᠴᠢᠬᠤᠯᠠ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠢ ᠣᠢᠯᠠᠭᠠᠬᠤ ᠪᠠ ᠡᠵᠡᠮᠱᠢᠬᠦ᠌᠎ᠳᠦ ᠴᠢᠬᠤᠯᠠ ᠬᠠᠪᠰᠤᠷᠤᠯᠭ᠎ᠠ ᠬᠠᠩᠭᠠᠪᠠ᠃

ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠨᠠᠮ᠎ᠤᠨ ᠶᠡᠷᠦᠩᠬᠡᠶ ᠡᠭᠦᠷ᠎ᠦᠨ ᠱᠦᠵᠢ᠂ ᠬᠣᠷᠢᠶᠠᠨ ᠳᠠᠷᠤᠭ᠎ᠠ ᠶᠤᠸᠠᠢ ᠳ᠋ᠦᠩ ᠴᠢᠩ᠂ ᠶᠡᠬᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠣᠨᠣᠯ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠲᠡᠷᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ᠎ᠤ ᠬᠠᠷᠠᠯᠲᠠ ᠱᠠᠭᠠᠷᠳᠠᠯᠭ᠎ᠠ᠎ᠶ᠋ᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠦᠨ ᠠᠵᠢᠯ᠎ᠢ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ  ᠪᠠᠢᠷᠢᠯᠠᠭᠤᠯᠤᠯᠲᠠ ᠲᠠᠢ ᠨᠢᠭᠡᠳᠭᠡᠵᠦ᠂ ᠬᠤᠷᠠᠯ᠎ᠤᠨ ᠵᠣᠷᠢᠭ ᠰᠠᠨᠠᠭ᠎ᠠ᠎ᠶ᠋ᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠵᠢᠭᠠᠨ ᠰᠤᠷᠭᠠᠯᠲᠠ᠎ᠳᠤ ᠪᠦᠲᠦᠮᠵᠢᠲᠡᠶ ᠠᠭᠤᠰᠤᠯᠴᠠᠭᠤᠯᠵᠤ᠂ ᠨᠠᠮ᠎ᠤᠨ ᠵᠠᠭᠤᠨ ᠵᠢᠯ ᠤ᠋ᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠲᠠᠢ ᠤᠶᠠᠯᠳᠤᠭᠤᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠠᠵᠢᠯᠯᠠᠭᠠᠨ᠎ᠤ ᠪᠠᠢᠷᠢᠯᠠᠭᠤᠯᠤᠯᠲᠠ᠎ᠶ᠋ᠢ ᠲᠠᠢᠯᠪᠤᠷᠢᠯᠠᠵᠦ᠂ ᠬᠤᠷᠠᠯ᠎ᠤᠨ ᠵᠣᠷᠢᠭ ᠰᠠᠨᠠᠭ᠎ᠠ᠎ᠶ᠋ᠢ᠎ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭᠠᠶ ᠵᠢ ᠨᠢ ᠵᠡᠪᠰᠡᠭᠯᠡᠬᠦ ᠵᠢ ᠠᠬᠢᠭᠤᠯᠵᠤ᠂ ᠥᠷᠭᠡᠨ ᠣᠯᠠᠨ ᠰᠤᠷᠤᠭ᠍ᠴᠢᠳ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢᠯᠠᠵᠤ᠂ ᠱᠢᠨ᠎ᠡ ᠴᠠᠭ ᠦᠶ᠎ᠠ᠎ᠳᠤ ᠭᠠᠪᠢᠶ᠎ᠠ ᠪᠠᠢᠭᠤᠯᠬᠤ᠎ᠶ᠋ᠢ ᠵᠢᠯᠣᠭᠣᠳᠤᠨ᠎ᠠ ᠭᠡᠵᠦ ᠢᠯᠡᠳᠭᠡᠪᠡ᠃

ᠲᠣᠰ ᠰᠤᠷᠭᠠᠭᠤᠯᠢ᠎ᠶ᠋ᠢᠨ ᠡᠪᠯᠡᠯ᠎ᠦᠨ ᠬᠣᠷᠢᠶᠠᠨ᠎ᠤ ᠳᠡᠳ᠋ ᠱᠦᠵᠢ ᠹᠦ᠋ ᠬᠣᠩ ᠳ᠋ᠠᠨ᠄《ᠡᠨᠡ ᠡᠳᠤᠷ᠎ᠦᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ ᠡᠯᠪᠡᠭ ᠪᠠᠶᠠᠯᠢᠭ ᠠᠭᠤᠯᠤᠭ᠍ᠳᠠᠬᠤᠨ ᠪᠠ ᠭᠤᠤᠯ ᠴᠢᠬᠤᠯᠠ ᠠᠭᠤᠯᠭ᠎ᠠ᠎ᠶ᠋ᠢ ᠨᠠᠩ ᠭᠦᠨᠵᠡᠭᠡᠶ ᠣᠢᠯᠠᠭᠠᠪᠠ᠃ ᠨᠠᠮ᠎ᠤᠨ ᠭᠡᠱᠢᠭᠦᠨ ᠪᠠ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭ᠎ᠠ᠎ᠶ᠋ᠢᠨ ᠤᠬᠠᠮᠰᠠᠷ᠎ᠢᠶᠠᠷ ᠠᠵᠢᠯ᠎ᠤᠨ᠎ᠪᠠᠢᠷᠢ᠎ᠳᠠᠭᠠᠨ ᠰᠠᠭᠤᠷᠢᠯᠠᠨ ᠯᠠᠪᠳᠠᠭᠤᠨ ᠪᠠᠲᠤᠲᠠᠢ ᠠᠵᠢᠯᠯᠠᠵᠤ᠂ ᠵᠠᠯᠠᠭᠤ ᠰᠤᠷᠤᠭ᠍ᠴᠢᠳ᠎ᠤᠨ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌᠎ᠶ᠋ᠢ ᠬᠦᠲᠦᠯᠦᠨ ᠵᠢᠯᠣᠭᠣᠳᠴᠤ᠌᠂ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ᠎ᠪᠡᠷ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠲᠣᠭ᠍ᠲᠠᠭᠠᠭ᠍ᠰᠠᠨ ᠠᠤᠭ᠎ᠠ ᠬᠠᠷᠠᠯᠲᠠ᠎ᠶ᠋ᠢ ᠪᠡᠶᠡᠯᠡᠭᠦᠯᠬᠦ᠌᠎ᠳᠦ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ》 ᠭᠡᠵᠦ ᠬᠡᠯᠡᠪᠡ᠃

ᠲᠤᠰ ᠰᠤᠷᠭᠠᠭᠤᠯᠢ᠎ᠶ᠋ᠢᠨ ᠬᠢᠲᠠᠳ ᠡᠮᠨᠡᠯᠭᠡ᠎ᠶ᠋ᠢᠨ ᠳᠡᠭᠡᠳᠦ ᠰᠤᠷᠭᠠᠭᠤᠯᠢ᠎ᠶ᠋ᠢᠨ ᠶᠠᠰᠤᠨ᠎ᠤ ᠭᠡᠮᠲᠦᠯ᠎ᠤᠨ ᠵᠢᠭᠠᠨ ᠰᠤᠳᠤᠯᠬᠤ ᠲᠠᠰᠤᠭ᠎ᠤᠨ ᠪᠠᠭ᠍ᠰᠢ ᠯᠢ ᠱᠤ᠌ ᠶᠠᠩ᠄ 《ᠡᠨᠡ ᠡᠳᠤᠷ᠎ᠦᠨ ᠤᠬᠠᠭᠤᠯᠤᠨ ᠲᠠᠢᠯᠪᠤᠷᠢᠯᠠᠯᠲᠠ ᠨᠢ ᠨᠠᠳᠠ᠎ᠳᠤ ᠮᠠᠰᠢ ᠶᠡᠬᠡ ᠠᠱᠢᠭ ᠬᠦᠷᠲᠡᠭᠡᠵᠡᠢ᠃ ᠪᠢ ᠡᠭᠦᠷᠭᠡᠲᠦ ᠰᠡᠳᠭᠢᠯᠭᠡ᠂ ᠬᠠᠷᠢᠭᠤᠴᠠᠯᠭᠠᠲᠤ ᠰᠡᠳᠭᠢᠯᠭᠡ᠎ᠪᠡᠨ ᠲᠠᠰᠤᠷᠠᠯᠲᠠ ᠦᠭᠡᠢ ᠴᠢᠩᠭᠠᠳᠭᠠᠵᠤ᠂ ᠨᠠᠮ᠎ᠤᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ᠎ᠶ᠋ᠢᠨ ᠲᠤᠷᠱᠢᠯᠭ᠎ᠠ᠎ᠡᠴᠡ ᠤᠷᠤᠭ᠍ᠰᠢᠯᠠᠯᠲᠠ᠎ᠶ᠋ᠢᠨ ᠬᠦᠴᠦᠨ᠎ᠢ ᠱᠢᠩᠭᠡᠭᠡᠨ ᠠᠪᠴᠤ᠌᠂ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠢᠯ ᠬᠢᠵᠦ᠍ ᠦᠢᠯᠡᠰ ᠪᠤᠰᠭᠠᠬᠤ ᠣᠷᠭᠢᠯᠤᠮ᠎ᠠ ᠬᠠᠯᠠᠭᠤᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠬᠣᠢᠱᠢᠳᠠ᠎ᠶ᠋ᠢᠨ ᠠᠵᠢᠯ ᠳᠤᠮᠳᠠ᠎ᠪᠠᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠳᠦ ᠰᠠᠭᠤᠷᠢᠯᠠᠨ᠂ ᠵᠢᠭᠠᠨ ᠰᠤᠷᠭᠠᠯᠲᠠ᠎ᠶ᠋ᠢᠨ ᠠᠵᠢᠯ᠎ᠢ ᠰᠡᠳᠭᠢᠯ ᠲᠠᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦ᠍ ᠣᠷᠣᠭᠤᠯᠤᠨ ᠰᠠᠢᠲᠤᠷ ᠬᠢᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠳᠠᠪᠤᠷᠢ᠎ᠪᠠᠨ ᠥᠷᠭᠡᠳᠭᠡᠨ᠂ ᠴᠤᠭ ᠪᠠᠳᠠᠷᠠᠩᠭᠤᠢ ᠡᠷᠴᠢ ᠵᠣᠷᠢᠭ᠎ᠢᠶᠠᠷ 〈ᠡᠷᠡᠭᠦᠯ ᠡᠩᠬᠡ ᠥᠪᠥᠷ ᠮᠣᠩᠭᠣᠯ〉 ᠎ᠢ᠋ ᠪᠦᠲᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号