ᠰᠢᠤᠢ ᠯᠢ ᠴᠢᠤᠸᠠᠨ ᠲᠤᠭᠤᠢᠯᠠᠡᠭ ᠲᠠᠭᠠᠭᠤᠯᠵᠠᠢ
ᠲᠥᠪ᠎ᠦᠨ ᠨᠢᠭᠡᠳᠦᠯᠲᠡᠢ ᠲᠤᠬᠢᠷᠠᠭᠤᠯᠤᠯᠳᠠ ᠶᠣᠰᠣᠭᠠᠷ᠂ 12 ᠰᠠᠷ᠎ᠠ᠎ᠶ᠋ᠢᠨ
22
ᠡᠴᠡ
26
ᠤ᠋
ᠡᠳᠦᠷ ᠪᠣᠯᠲᠠᠯ᠎ᠠ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠥᠪ᠎ᠦᠨ ᠨᠢᠭᠡᠳᠦᠭᠡᠷ ᠵᠢᠯᠣᠭᠣᠳᠭᠤ
ᠳᠤᠭᠤᠢᠯᠠᠩ ᠮᠠᠨ᠎ᠤ ᠣᠷᠣᠨ᠎ᠳᠤ ᠢᠷᠡᠵᠦ᠍ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠨᠡᠯᠡᠯᠲᠡ᠎ᠶ᠋ᠢᠨ
ᠠᠵᠢᠯ ᠥᠷᠨᠢᠭᠦᠯᠵᠦ᠍᠂ ᠡᠯ᠎ᠡ ᠲᠠᠯ᠎ᠠ᠎ᠶ᠋ᠢᠨ ᠬᠢᠨ᠎ᠦ ᠦᠨᠡᠯᠡᠯᠲᠡ ᠪᠠ ᠰᠠᠨᠠᠯ ᠰᠠᠨᠠᠭᠤᠯᠭ᠎ᠠ᠎ᠶ᠋ᠢ ᠰᠣᠨᠣᠰᠴᠤ᠌᠂
ᠮᠠᠨ᠎ᠤ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠪᠠᠢᠳᠠᠯ ᠪᠠ ᠦᠷ᠎ᠡ
ᠪᠦᠲᠦᠮᠵᠢ᠎ᠶ᠋ᠢ ᠪᠦᠬᠦ᠌ ᠲᠠᠯ᠎ᠠ᠎ᠪᠠᠷ ᠪᠤᠰᠤᠳᠴᠢ᠎ᠪᠠᠷ ᠦᠨᠡᠯᠡᠨ ᠵᠢᠱ᠌ᠢᠪᠡ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ
ᠬᠥᠮᠦᠵᠢᠯ᠎ᠦᠨ ᠲᠥᠪ᠎ᠦᠨ ᠨᠢᠭᠡᠳᠦᠭᠡᠷ ᠵᠢᠯᠣᠭᠣᠳᠭᠤ ᠳᠤᠭᠤᠢᠯᠠᠩ᠎ᠤᠨ ᠳᠠᠷᠤᠭ᠎ᠠ ᠱᠢᠤᠢ ᠯᠢ ᠴᠢᠤᠸᠠᠨ ᠪᠦᠯᠬᠦᠮ
ᠳᠠᠭᠠᠭᠤᠯᠤᠨ ᠦᠨᠡᠯᠡᠨ ᠵᠢᠱ᠌ᠢᠬᠦ᠌ ᠠᠵᠢᠯ ᠥᠷᠨᠢᠭᠦᠯᠪᠡ᠃ ᠦᠨᠡᠯᠡᠨ ᠵᠢᠱ᠌ᠢᠬᠦ᠌ ᠠᠵᠢᠯ ᠨᠢ ᠨᠠᠮ᠎ᠤᠨ ᠲᠡᠦᠬᠡ᠎ᠶ᠋ᠢᠨ
ᠰᠤᠷᠤᠯᠴᠠᠯᠭ᠎ᠠ ᠬᠥᠮᠦᠵᠢᠯ᠎ᠦᠨ ᠬᠠᠷᠠᠯᠲᠠ ᠡᠭᠦᠷᠭᠡ ᠪᠠ ᠭᠤᠤᠯᠳᠠᠯᠭ᠎ᠠ᠎ᠲᠠᠶ ᠠᠷᠭ᠎ᠠ ᠬᠡᠮᠵᠢᠶ᠎ᠡ᠎ᠳᠦ ᠠᠩᠬᠠᠷᠤᠯ᠎ᠢᠶᠠᠨ
ᠲᠥᠪᠯᠡᠷᠡᠭᠦᠯᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ᠎ᠪᠡᠷ ᠤᠳᠤᠷᠢᠳᠤᠮᠵᠢ ᠪᠣᠯᠭᠠᠬᠤ᠎ᠶ᠋ᠢ
ᠨᠢᠬᠡᠳᠤᠯᠳᠠᠢ ᠪᠠᠢᠯᠭᠠᠬᠤ ᠵᠢ ᠪᠠᠷᠢᠮᠲᠠᠯᠠᠵᠤ᠂ ᠴᠢᠨᠠᠷ
ᠢ᠋ ᠦᠨᠡᠯᠡᠬᠦ᠌ ᠪᠠ ᠬᠡᠮᠵᠢᠶ᠎ᠡ᠎ᠶ᠋ᠢ ᠵᠠᠳᠠᠯᠬᠤ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠨᠠᠮ᠎ᠤᠨ
ᠭᠡᠱᠢᠭᠦᠨ ᠺᠠᠳ᠋ᠷ᠎ᠤᠨ ᠰᠤᠷᠤᠯᠴᠠᠯᠭ᠎ᠠ᠎ᠶ᠋ᠢᠨ ᠪᠠᠢᠳᠠᠯ᠂ ᠰᠤᠷᠤᠯᠴᠠᠯᠭ᠎ᠠ ᠬᠥᠮᠦᠵᠢᠯ᠎ᠤᠨ ᠪᠦᠬᠦ᠌ ᠲᠠᠯ᠎ᠠ᠎ᠪᠠᠷ
ᠪᠦᠲᠦᠮᠵᠢᠲᠡᠶ ᠬᠠᠮᠤᠷᠤᠭ᠍ᠰᠠᠨ ᠪᠠᠶ᠋ᠢᠳᠠᠯ᠂ ᠣᠯᠠᠨ ᠲᠦᠮᠡᠨ᠎ᠳᠦ ᠪᠣᠳᠠᠲᠤ ᠶᠠᠪᠤᠳᠠᠯ ᠰᠠᠢᠨ ᠶᠠᠪᠤᠳᠠᠯ ᠬᠢᠵᠦ᠍
ᠥᠭ᠌ᠭᠦᠭ᠌ᠰᠡᠨ ᠪᠠᠶ᠋ᠢᠳᠠᠯ᠂ ᠲᠤᠰᠭᠠᠶ ᠰᠡᠳᠦᠪᠲᠦ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠎ᠢ
ᠥᠷᠨᠢᠭᠦᠯᠦᠭ᠌ᠰᠡᠨ ᠪᠠᠶ᠋ᠢᠳᠠᠯ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠱᠢᠨ᠎ᠡ ᠠᠬᠢᠴᠠ ᠱᠢᠨ᠎ᠡ ᠡᠬᠦᠳᠤᠯᠳᠠ ᠵᠢ ᠠᠬᠢᠭᠤᠯᠤᠬᠰᠠᠨ ᠪᠠᠢᠳᠠᠯ ᠪᠠᠢᠳᠠᠯ᠂ ᠨᠠᠮ᠎ᠤᠨ
ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠨ ᠬᠠᠷᠢᠭᠤᠴᠠᠯᠭ᠎ᠠ᠎ᠪᠠᠨ
ᠭᠦᠶ᠋ᠴᠡᠳᠭᠡᠭ᠌ᠰᠡᠨ ᠪᠠᠢᠳᠠᠯ ᠵᠡᠷᠭᠡ ᠲᠠᠯ᠎ᠠ᠎ᠪᠠᠷ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ
ᠪᠠᠢᠳᠠᠯ᠎ᠢ ᠪᠦᠬᠦ ᠲᠠᠯ᠎ᠠ ᠪᠡᠷ ᠪᠤᠰᠤᠳᠴᠢ᠎ᠪᠠᠷ ᠦᠨᠡᠯᠡᠨ ᠵᠢᠱ᠌ᠢᠵᠤ᠂ ᠤᠯᠠᠮ ᠨᠢᠭᠡ ᠠᠯᠬᠤᠮ ᠲᠠᠨᠢᠯᠲᠠ᠎ᠪᠠᠨ
ᠭᠦᠨᠵᠡᠭᠡᠢᠷᠡᠭᠦᠯᠵᠤ᠂ ᠦᠷ᠎ᠡ ᠪᠦᠲᠦᠮᠵᠢ ᠪᠠᠨ ᠡᠮᠬᠢᠯᠠᠵᠤ᠂
ᠠᠯᠳᠠᠭ᠎ᠠ ᠳᠤᠲᠠᠭ᠍ᠳᠠᠯ᠎ᠢᠶᠠᠨ ᠨᠥᠬᠥᠪᠥᠷᠢᠯᠡᠵᠤ᠂ ᠲᠤᠷᠱᠢᠯᠭ᠎ᠠ᠎ᠪᠠᠨ ᠳ᠋ᠦᠩᠨᠡᠪᠠ ᠃
ᠦᠨᠡᠯᠡᠨ ᠵᠢᠱ᠌ᠢᠬᠦ᠌ ᠬᠤᠭᠤᠴᠠᠭᠠᠨ᠎ᠳᠤ᠂
ᠵᠢᠯᠣᠭᠣᠳᠭᠤ ᠳᠤᠭᠤᠢᠯᠠᠩ᠎ᠦᠨ ᠬᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶ᠋ᠢᠨ
ᠬᠤᠷᠠᠯ᠎ᠤᠨ ᠥᠪᠥᠷ ᠮᠣᠩᠭᠣᠯ᠎ᠤᠨ ᠬᠤᠪᠢᠶᠠᠷᠢ ᠬᠤᠷᠠᠯ᠎ᠤᠨ ᠲᠠᠯᠠᠪᠠᠢ᠎ᠶ᠋ᠢᠨ ᠸᠢᠳᠢᠣ᠋ ᠬᠤᠷᠠᠯ᠎ᠳᠤ ᠣᠷᠣᠯᠴᠠᠭ᠍ᠰᠠᠨ
ᠪᠥᠭᠡᠳ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠬᠡᠰᠡᠭ ᠺᠠᠳ᠋ᠷ᠎ᠲᠠᠶ ᠶᠠᠷᠢᠯᠴᠠᠪᠠ᠃ ᠵᠢᠯᠣᠭᠣᠳᠭᠤ ᠳᠤᠭᠤᠢᠯᠠᠩ
ᠪᠠᠰᠠ ᠤᠯᠠᠭᠠᠨᠴᠠᠪ ᠬᠤᠳᠠ᠂ ᠬᠥᠬᠡᠬᠣᠲᠠ᠎ᠪᠠᠷ ᠭᠦᠨᠵᠡᠭᠡᠢᠷᠡᠵᠦ᠂ ᠪᠠᠢᠭᠤᠯᠭ᠎ᠠ᠂ ᠠᠵᠤ ᠠᠬᠤᠢᠯᠠᠯ᠂ ᠵᠡᠭᠡᠯᠢ ᠭᠤᠳᠤᠮᠵᠢ
ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ ᠺᠠᠳ᠋ᠷ ᠪᠣᠯᠤᠨ ᠦᠨᠳᠦᠰᠦᠨ ᠱᠠᠲᠤᠨ᠎ᠤ ᠤᠯᠠᠨ ᠲᠦᠮᠡᠨ᠎ᠲᠡᠶ ᠶᠠᠷᠢᠯᠴᠠᠬᠤ
ᠬᠤᠷᠠᠯ ᠬᠢᠵᠦ᠍᠂ 《ᠨᠢᠭᠡ᠎ᠶᠢ ᠨᠢᠭᠡ ᠲᠠᠢ ᠬᠠᠷᠠᠭᠠᠯᠵᠠᠭᠤᠯᠵᠤ》 ᠰᠤᠷᠪᠤᠯᠵᠢᠯᠠᠨ ᠶᠠᠷᠢᠯᠴᠠᠬᠤ
ᠪᠠ ᠰᠤᠭᠤᠴᠢᠨ ᠱᠢᠯᠭᠠᠨ ᠦᠨᠡᠯᠡᠵᠦ᠍᠂ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷ᠂ ᠦᠨᠳᠦᠰᠦᠨ ᠱᠠᠲᠤᠨ᠎ᠤ ᠤᠯᠠᠨ
ᠲᠦᠮᠡᠨ᠎ᠦ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠬᠠᠢ ᠲᠤᠰᠭᠠᠯ ᠦᠨᠡᠯᠡᠯᠲᠡ ᠪᠣᠯᠤᠨ ᠰᠠᠨᠠᠯ
ᠰᠠᠨᠠᠭᠤᠯᠭ᠎ᠠ᠎ᠶ᠋ᠢ ᠰᠣᠨᠣᠰᠴᠤ᠌᠂ ᠮᠠᠨ᠎ᠤ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ
ᠪᠠᠢᠳᠠᠯ ᠪᠣᠯᠤᠨ ᠪᠣᠳᠠᠲᠠᠢ ᠦᠷ᠎ᠡ ᠪᠦᠲᠦᠮᠵᠢ᠎ᠶ᠋ᠢ ᠭᠦᠨᠵᠡᠭᠡᠢ ᠣᠢᠯᠠᠭᠠᠪᠠ᠃ ᠵᠢᠯᠣᠭᠣᠳᠭᠤ ᠳᠤᠭᠤᠢᠯᠠᠩ ᠡᠴᠡ
ᠮᠠᠨ᠎ᠤ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠪᠠᠢᠳᠠᠯ ᠪᠣᠯᠤᠨ
ᠣᠯᠤᠭ᠍ᠰᠠᠨ ᠦᠷ᠎ᠡ ᠪᠦᠲᠦᠮᠵᠢ᠎ᠶ᠋ᠢ ᠭᠦᠢᠴᠡᠳ ᠨᠤᠲᠠᠯᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ
ᠥᠷᠨᠢᠭᠦᠯᠦᠭ᠌ᠰᠡᠨ᠎ᠡᠴᠡ ᠨᠠᠭᠠᠰᠢ᠂ ᠮᠠᠨ᠎ᠤ ᠣᠷᠣᠨ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠨᠠᠷᠢᠨ
ᠨᠢᠮᠪᠠᠢ ᠲᠥᠯᠥᠪᠵᠢᠭᠦᠯᠦᠨ ᠪᠠᠢᠷᠢᠯᠠᠭᠤᠯᠵᠤ᠂ ᠳᠡᠭᠡᠳᠦ ᠪᠠᠢᠷᠢ᠎ᠡᠴᠡ ᠠᠬᠢᠭᠤᠯᠬᠤ᠎ᠶ᠋ᠢ ᠴᠢᠬᠤᠯᠠᠴᠢᠯᠠᠵᠤ᠂ ᠤᠨᠤᠯ᠎ᠢᠶᠠᠷ
ᠵᠡᠪᠰᠡᠭ᠌ᠯᠡᠬᠦ᠌᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠤ᠂ ᠤᠬᠠᠭᠤᠯᠤᠨ ᠲᠠᠢᠯᠪᠤᠷᠢᠯᠠᠬᠤ᠎ᠳᠤ ᠱᠢᠨ᠎ᠡ
ᠠᠮᠵᠢᠯᠲᠠ ᠭᠠᠷᠭᠠᠵᠤ᠂ 《ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍
ᠦᠭᠬᠦ》ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠢᠷᠡᠭᠦᠯᠦᠨ
ᠪᠣᠳᠠᠲᠠᠢᠵᠢᠭᠤᠯᠵᠤ᠂ ᠨᠠᠮ᠎ᠤᠨ ᠭᠡᠱᠢᠭᠦᠨ ᠺᠠᠳ᠋ᠷ᠎ᠤᠨ ᠨᠠᠮᠴᠢ ᠴᠢᠨᠠᠷ᠎ᠤᠨ ᠪᠣᠯᠪᠠᠰᠤᠷᠠᠯ ᠦᠷᠭᠦᠯᠵᠢᠯᠡᠨ ᠴᠢᠩᠭᠠᠷᠠᠵᠤ᠂
ᠡᠯ᠎ᠡ ᠵᠦᠢᠯ᠎ᠦᠨ ᠠᠵᠢᠯ᠎ᠢ ᠪᠦᠬᠦ᠌ ᠲᠠᠯ᠎ᠠ᠎ᠪᠠᠷ ᠠᠬᠢᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ
ᠢᠯᠡᠳᠲᠡ ᠦᠷ᠎ᠡ ᠪᠦᠲᠦᠮᠵᠢ ᠤᠯᠵᠠᠢ ᠭᠡᠵᠦ᠍ ᠦᠵᠡᠪᠡ᠃ ᠵᠢᠯᠣᠭᠣᠳᠭᠤ ᠳᠤᠭᠤᠢᠯᠠᠩ᠎ᠡᠴᠡ᠂ ᠨᠠᠮ᠎ᠤᠨ ᠠᠷᠪᠠ ᠶᠢᠰᠦᠳᠦᠭᠡᠷ
ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ
ᠰᠤᠷᠤᠯᠴᠠᠨ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠭᠦᠨᠵᠡᠭᠡᠢᠷᠡᠭᠦᠯᠦᠨ ᠥᠷᠭᠡᠳᠭᠡᠵᠦ᠍᠂
ᠨᠠᠮ᠎ᠤᠨ ᠭᠡᠱᠢᠭᠦᠨ ᠺᠠᠳ᠋ᠷ᠂ ᠦᠨᠳᠦᠰᠦᠨ ᠱᠠᠲᠤᠨ᠎ᠤ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠨᠠᠮ᠎ᠤᠨ ᠲᠡᠦᠬᠡ᠎ᠶ᠋ᠢᠨ
ᠬᠥᠭ᠌ᠵᠢᠯᠲᠡ᠎ᠶ᠋ᠢᠨ ᠭᠤᠤᠯ ᠰᠡᠳᠦᠪ ᠭᠤᠤᠯ ᠱᠢᠵᠢᠮ᠂ ᠭᠤᠤᠯ ᠤᠷᠤᠰᠭᠠᠯ᠎ᠤᠨ ᠮᠥᠨ ᠴᠢᠨᠠᠷ᠎ᠢ ᠣᠨᠣᠪᠴᠢᠲᠠᠶ ᠡᠵᠡᠮᠱᠢᠭᠦᠯᠵᠦ᠍᠂
ᠲᠡᠦᠬᠡ᠎ᠶ᠋ᠢ ᠰᠤᠷᠤᠯᠴᠠᠵᠤ ᠶᠣᠰᠣ ᠤᠴᠢᠷ᠎ᠢ ᠤᠢᠯᠠᠭᠠᠬᠤ᠂ ᠲᠡᠦᠬᠡ᠎ᠶ᠋ᠢ ᠰᠤᠷᠤᠯᠴᠠᠵᠤ ᠢᠳᠡᠭᠡᠯ ᠵᠢᠡᠨ ᠨᠡᠮᠡᠭ᠌ᠳᠡᠭᠦᠯᠬᠦ᠌᠂ ᠲᠡᠦᠬᠡ ᠵᠢ ᠰᠤᠷᠤᠯᠴᠠᠵᠤ ᠶᠣᠰᠣ ᠰᠤᠷᠳᠠᠬᠤᠨ
ᠢ᠋ ᠡᠷᠬᠢᠮᠯᠡᠬᠦ᠌᠂ ᠲᠡᠦᠬᠡ ᠵᠢ ᠰᠤᠷᠤᠯᠴᠠᠵᠤ ᠴᠢᠷᠮᠠᠢᠨ ᠦᠢᠯᠡᠳᠦᠯᠭᠡᠵᠢᠭᠦᠯᠬᠦ ᠬᠡᠷᠡᠭ᠌ᠲᠡᠶ᠃ ᠨᠠᠮ᠎ᠤᠨ ᠲᠡᠦᠬᠡ᠎ᠶ᠋ᠢᠨ
ᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ
ᠰᠤᠷᠤᠯᠴᠠᠨ ᠣᠢᠯᠠᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶ᠋ᠢᠨ ᠠᠵᠢᠯ᠎ᠢ
ᠰᠠᠢᠲᠤᠷ ᠬᠢᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠳᠤᠮᠳᠠᠬᠢ ᠱᠢᠨ᠎ᠡ᠎ᠶ᠋ᠢ ᠡᠭᠦᠳᠦᠭ᠌ᠰᠡᠨ
ᠠᠷᠭ᠎ᠠ ᠬᠢᠳᠡᠯ ᠪᠣᠯᠤᠨ ᠨᠡᠢᠲᠡᠯᠢᠭ ᠲᠤᠷᠱᠢᠯᠭ᠎ᠠ᠎ᠶ᠋ᠢ ᠪᠣᠯᠪᠠᠰᠤᠷᠠᠭᠤᠯᠵᠤ᠂ ᠬᠤᠷᠢᠶᠠᠩᠭᠤᠢᠯᠠᠨ ᠳ᠋ᠦᠩᠨᠡᠵᠦ᠍᠂
ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠪᠠᠢ᠌ᠩᠭᠤᠵᠢᠭ᠍ᠰᠠᠨ᠂ ᠣᠷᠳᠣ ᠬᠤᠭᠤᠴᠠᠭᠠᠨ᠎ᠤ ᠪᠦᠲᠦᠮᠵᠢᠲᠡᠶ
ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠬᠤ ᠬᠡᠷᠡᠭ᠌ᠲᠡᠶ᠃ ᠲᠤᠰᠭᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ
ᠬᠤᠷᠠᠯ᠎ᠢ ᠨᠠᠷᠢᠨ ᠬᠢᠨᠠᠮᠠᠭᠠᠶ ᠵᠣᠬᠢᠶᠠᠨ ᠪᠠᠢᠭᠤᠯᠤᠨ ᠬᠤᠷᠠᠯᠳᠤᠭᠤᠯᠵᠤ᠂ ᠴᠢᠨᠠᠷ ᠰᠠᠢᠲᠠᠶ᠂ ᠥᠨᠳᠥᠷ ᠲᠦᠪᠱᠢᠨ᠎ᠢᠶᠡᠷ
ᠴᠢᠷᠮᠠᠢᠨ ᠬᠤᠷᠠᠯᠳᠤᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ
ᠲᠠᠰᠤᠷᠠᠯᠲᠠ ᠥᠬᠡᠶ ᠪᠡᠷ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶ᠋ᠢ ᠦᠨᠡᠨ ᠬᠦ᠌ ᠠᠬᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号