2017 ᠤᠨ ᠤ᠋ 10 ᠰᠠᠷ᠎ᠠ ᠢ᠋ᠢᠨ 18 ᠤ᠋ ᠡᠲᠦᠷ ᠡᠴᠡ 24 ᠤ᠋ ᠡᠲᠦᠷ ᠪᠤᠯᠲᠠᠯ᠎ᠠ᠂ ᠲᠤᠮᠲᠠᠲᠤ ᠤᠯᠤᠰ ᠤ᠋ᠨ ᠡᠪ ᠬᠠᠮᠲᠦ ᠨᠠᠮ ᠤ᠋ᠨ ᠠᠷᠪᠠ ᠶᠢᠰᠦᠳᠦᠭᠡᠷ ᠤᠳᠠᠭ᠎ᠠ ᠢ᠋ᠢᠨ ᠪᠦᠬᠦ ᠤᠯᠤᠰ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠪᠡᠭᠡᠵᠢᠩ ᠳ᠋ᠣ ᠬᠤᠷᠠᠯᠳᠤᠪᠠ᠃ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠳ᠋ᠤ ᠤᠷᠤᠯᠴᠠᠬᠤ ᠶᠤᠰᠤᠲᠠᠢ ᠲᠦᠯᠦᠭᠡᠯᠡᠭᠴᠢ 2280 ᠬᠦᠮᠦᠨ᠂ ᠤᠨᠴᠠ ᠤᠷᠢᠬᠰᠠᠨ ᠲᠦᠯᠦᠭᠡᠯᠡᠭᠴᠢ 74 ᠬᠦᠮᠦᠨ᠂ ᠨᠡᠢᠲᠡ 2354 ᠬᠦᠮᠦᠨ ᠪᠠᠢᠵᠦ᠂ ᠪᠦᠬᠦ ᠤᠯᠤᠰ ᠤ᠋ᠨ 8900 ᠭᠠᠷᠤᠢ ᠲᠦᠮᠡᠨ ᠨᠠᠮ ᠤ᠋ᠨ ᠬᠡᠰᠢᠭᠦᠨ ᠢ᠋ ᠲᠦᠯᠦᠭᠡᠯᠡᠪᠡ᠃
ᠰᠢ ᠵᠢᠨ ᠫᠢᠩ ᠠᠷᠪᠠᠨ ᠨᠠᠢ᠍ᠮᠠᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠡᠮᠦᠨ᠎ᠡ ᠡᠴᠡ ᠶᠡᠬᠡ ᠬᠤᠷᠠᠯ ᠳ᠋ᠤ 《ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠡᠷ ᠪᠡᠶᠡᠯᠡᠭᠦᠯᠬᠦ ᠰᠢᠢᠳᠪᠦᠷᠢᠲᠦ ᠢᠯᠠᠯᠲᠠ ᠵᠢ ᠤᠯᠵᠦ᠂ ᠰᠢᠨ᠎ᠡ ᠴᠠᠬ ᠦᠶ᠎ᠡ ᠢ᠋ᠢᠨ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠤ᠋ᠨ ᠠᠭᠤᠤ ᠶᠡᠬᠡ ᠢᠯᠠᠯᠲᠠ ᠵᠢ ᠲᠡᠮᠡᠴᠡᠨ ᠤᠯᠰᠤᠭᠠᠢ》 ᠬᠡᠬᠦ ᠰᠡᠲᠦᠪ ᠢ᠋ᠢᠡᠷ ᠢᠯᠡᠳᠬᠡᠯ ᠬᠢᠪᠡ᠃ ᠲᠤᠮᠲᠠᠲᠤ ᠤᠯᠤᠰ ᠤ᠋ᠨ ᠡᠪ ᠬᠠᠮᠲᠦ ᠨᠠᠮ ᠤ᠋ᠨ ᠠᠷᠪᠠ ᠶᠢᠰᠦᠳᠦᠭᠡᠷ ᠤᠳᠠᠭ᠎ᠠ ᠢ᠋ᠢᠨ ᠪᠦᠬᠦ ᠤᠯᠤᠰ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠪᠤᠯ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠡᠷ ᠪᠡᠶᠡᠯᠡᠭᠦᠯᠬᠦ ᠰᠢᠢᠳᠪᠦᠷᠢᠲᠦ ᠱᠠᠲᠦ᠂ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠰᠢᠨ᠎ᠡ ᠴᠠᠬ ᠦᠶᠡᠳᠤ ᠤᠷᠤᠬᠰᠠᠨ ᠵᠠᠩᠬᠢᠯᠠᠭ᠎ᠠ ᠢ᠋ᠢᠨ ᠴᠠᠬ ᠦᠶ᠎ᠡ ᠳ᠋ᠤ ᠬᠤᠷᠠᠯᠳᠤᠭᠤᠯᠤᠬᠰᠠᠨ ᠨᠢᠭᠡ ᠤᠳᠠᠭᠠᠨ ᠤ᠋ ᠮᠠᠰᠢ ᠴᠢᠬᠤᠯᠠ ᠶᠡᠬᠡ ᠬᠤᠷᠠᠯ ᠪᠤᠯᠤᠨ᠎ᠠ᠃ ᠶᠡᠬᠡ ᠬᠤᠷᠠᠯ ᠤ᠋ᠨ ᠭᠤᠤᠯ ᠰᠡᠲᠦᠪ ᠪᠤᠯ᠄ ᠤᠬ ᠰᠠᠨᠠᠭ᠎ᠠ ᠪᠠᠨ ᠦᠯᠦ ᠮᠠᠷᠲᠠᠵᠦ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠵᠦ᠂ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠤ᠋ᠨ ᠠᠭᠤᠤ ᠶᠡᠬᠡ ᠲᠤᠬ ᠢ᠋ ᠦᠨᠳᠦᠷ ᠮᠠᠨᠳᠤᠭᠤᠯᠵᠦ᠂ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠡᠷ ᠪᠡᠶᠡᠯᠡᠭᠦᠯᠬᠦ ᠰᠢᠢᠳᠪᠦᠷᠢᠲᠦ ᠢᠯᠠᠯᠲᠠ ᠵᠢ ᠤᠯᠵᠦ᠂ ᠰᠢᠨ᠎ᠡ ᠴᠠᠬ ᠦᠶ᠎ᠡ ᠢ᠋ᠢᠨ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠤ᠋ᠨ ᠠᠭᠤᠤ ᠶᠡᠬᠡ ᠢᠯᠠᠯᠲᠠ ᠵᠢ ᠲᠡᠮᠡᠴᠡᠨ ᠤᠯᠵᠦ᠂ ᠲᠤᠮᠲᠠᠲᠤ ᠢ᠋ᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠲᠤᠯᠲᠠ ᠢ᠋ᠢᠨ ᠲᠤᠮᠲᠠᠲᠤ ᠢ᠋ᠢᠨ ᠵᠡᠭᠦᠲᠦ ᠵᠢ ᠲᠡᠷᠭᠡᠯᠰᠢᠭᠦᠯᠬᠦ ᠢ᠋ᠢᠨ ᠲᠦᠯᠦᠭᠡ ᠴᠦᠬᠦᠷᠡᠰᠢ ᠦᠭᠡᠢ ᠲᠡᠮᠡᠴᠡᠬᠦ ᠶᠠᠪᠤᠲᠠᠯ ᠪᠤᠯᠤᠨ᠎ᠠ᠃
ᠶᠡᠬᠡ ᠬᠤᠷᠠᠯ ᠡᠴᠡ ᠠᠷᠪᠠᠨ ᠨᠠᠢ᠍ᠮᠠᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠢᠯᠡᠳᠬᠡᠯ ᠤ᠋ᠨ ᠲᠤᠬᠠᠢ ᠰᠢᠢᠳᠪᠦᠷᠢ ᠵᠢ ᠪᠠᠲᠤᠯᠠᠪᠠ᠃ ᠶᠡᠬᠡ ᠬᠤᠷᠠᠯ ᠡᠴᠡ ᠰᠢ ᠵᠢᠨ ᠫᠢᠩ ᠨᠦᠬᠦᠷ ᠤ᠋ᠨ ᠨᠠᠮ ᠤ᠋ᠨ ᠠᠷᠪᠠᠨ ᠨᠠᠢ᠍ᠮᠠᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠡᠮᠦᠨ᠎ᠡ ᠡᠴᠡ ᠬᠢᠭᠰᠡᠨ ᠢᠯᠡᠳᠬᠡᠯ ᠢ᠋ ᠵᠦᠪᠰᠢᠶᠡᠷᠡᠪᠡ᠃
ᠶᠡᠬᠡ ᠬᠤᠷᠠᠯ ᠡᠴᠡ ᠠᠷᠪᠠᠨ ᠨᠠᠢ᠍ᠮᠠᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠠᠵᠢᠯ ᠢ᠋ ᠲᠡᠭᠡᠲᠦ ᠬᠡᠮᠵᠢᠶ᠎ᠡ ᠪᠡᠷ ᠦᠨᠡᠯᠡᠵᠦ᠂ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢᠬᠢ ᠲᠠᠪᠤᠨ ᠵᠢᠯ ᠪᠤᠯ ᠨᠠᠮ ᠪᠠ ᠤᠯᠤᠰ ᠤ᠋ᠨ ᠬᠦᠭᠵᠢᠯᠲᠡ ᠢ᠋ᠢᠨ ᠠᠬᠢᠴᠠ ᠲᠤᠮᠲᠠᠬᠢ ᠲᠦᠢᠯ ᠤ᠋ᠨ ᠶᠡᠷᠦ ᠪᠤᠰᠤ ᠢ᠋ᠢᠨ ᠲᠠᠪᠤᠨ ᠵᠢᠯ ᠮᠦᠨ᠂ ᠦᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠦᠮᠲᠦ ᠤᠳᠤᠬᠢᠴᠢᠯᠠᠯᠲᠠ ᠢ᠋ᠢᠨ ᠪᠦᠲᠦᠭᠡᠨ ᠪᠠᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠤᠯᠪᠠ᠃ ᠲᠠᠪᠤᠨ ᠵᠢᠯ ᠤ᠋ᠨ ᠲᠤᠷᠰᠢᠬᠢ ᠠᠮᠵᠢᠯᠲᠠ ᠪᠦᠲᠦᠮᠵᠢ ᠪᠤᠯ ᠪᠦᠬᠦ ᠲᠠᠯ᠎ᠠ ᠢ᠋ᠢᠨ᠂ ᠪᠦᠲᠦᠭᠡᠯᠴᠢ ᠴᠢᠨᠠᠷᠲᠠᠢ ᠶᠤᠮ᠂ ᠲᠠᠪᠤᠨ ᠵᠢᠯ ᠤ᠋ᠨ ᠲᠤᠷᠰᠢᠬᠢ ᠬᠤᠪᠢᠷᠠᠯᠲᠠ ᠪᠤᠯ ᠬᠦᠨ ᠲᠠᠪᠬᠤᠷᠭ᠎ᠠ ᠢ᠋ᠢᠨ ᠦᠨᠳᠦᠰᠦᠨ ᠴᠢᠨᠠᠷᠲᠠᠢ ᠶᠤᠮ ᠬᠡᠵᠦ ᠵᠢᠭᠠᠵᠦ ᠭᠠᠷᠭᠠᠪᠠ᠃
ᠶᠡᠬᠡ ᠬᠤᠷᠠᠯ ᠡᠴᠡ᠂ ᠤᠷᠳᠤ ᠬᠤᠭᠤᠴᠠᠭᠠᠨ ᠤ᠋ ᠴᠢᠷᠮᠠᠢᠯᠭ᠎ᠠ ᠪᠡᠷ ᠲᠠᠮᠵᠢᠨ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠰᠢᠨ᠎ᠡ ᠴᠠᠬ ᠦᠶ᠎ᠡ ᠳ᠋ᠤ ᠤᠷᠤᠵᠠᠢ᠃ ᠡᠨᠡ ᠪᠤᠯ ᠮᠠᠨ ᠤ᠋ ᠤᠯᠤᠰ ᠤ᠋ᠨ ᠬᠦᠭᠵᠢᠯᠲᠡ ᠢ᠋ᠢᠨ ᠲᠡᠦᠬᠡᠨ ᠰᠢᠨ᠎ᠡ ᠤᠷᠤᠨ ᠪᠠᠢᠷᠢ ᠮᠦᠨ᠃ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠰᠢᠨ᠎ᠡ ᠴᠠᠬ ᠦᠶ᠎ᠡ ᠳ᠋ᠤ ᠤᠷᠤᠵᠦ᠂ ᠮᠠᠨ ᠤ᠋ ᠤᠯᠤᠰ ᠤ᠋ᠨ ᠨᠡᠢᠭᠡᠮ ᠤ᠋ᠨ ᠭᠤᠤᠯ ᠵᠦᠷᠢᠴᠡᠯ ᠨᠢᠭᠡᠨᠲᠡ ᠠᠷᠠᠳ ᠲᠦᠮᠡᠨ ᠤ᠋ ᠡᠲᠦᠷ ᠢᠷᠡᠭᠦᠶ᠎ᠡ ᠨᠡᠮᠡᠭᠲᠡᠵᠦ ᠪᠠᠢᠭ᠎ᠠ ᠰᠠᠢᠨ ᠰᠠᠢᠬᠠᠨ ᠠᠮᠢᠳᠤᠷᠠᠯ ᠤ᠋ᠨ ᠬᠡᠷᠡᠭᠴᠡᠭᠡ ᠪᠤᠯᠤᠨ ᠲᠡᠩᠴᠡᠭᠦᠷᠢ ᠦᠭᠡᠢ ᠬᠦᠢᠴᠡᠳ ᠦᠭᠡᠢ ᠬᠦᠭᠵᠢᠯᠲᠡ ᠢ᠋ᠢᠨ ᠬᠤᠭᠤᠷᠤᠨᠲᠤᠬᠢ ᠵᠦᠷᠢᠴᠡᠯ ᠪᠤᠯᠵᠦ ᠬᠤᠪᠢᠷᠠᠪᠠ᠃ ᠮᠠᠨ ᠤ᠋ ᠤᠯᠤᠰ ᠤ᠋ᠨ ᠨᠡᠢᠭᠡᠮ ᠤ᠋ᠨ ᠭᠤᠤᠯ ᠵᠦᠷᠢᠴᠡᠯ ᠤ᠋ᠨ ᠬᠤᠪᠢᠷᠠᠯᠲᠠ ᠪᠤᠯ ᠪᠦᠬᠦ ᠲᠠᠯ᠎ᠠ ᠳ᠋ᠤ ᠬᠤᠯᠪᠤᠬᠲᠠᠬᠤ ᠲᠡᠦᠬᠡᠲᠦ ᠴᠢᠨᠠᠷᠲᠠᠢ ᠬᠤᠪᠢᠷᠠᠯᠲᠠ ᠪᠤᠯᠤᠨ᠎ᠠ᠂ ᠨᠠᠮ ᠪᠤᠯᠤᠨ ᠤᠯᠤᠰ ᠤ᠋ᠨ ᠠᠵᠢᠯ ᠳ᠋ᠤ ᠮᠠᠰᠢ ᠤᠯᠠᠨ ᠰᠢᠨ᠎ᠡ ᠱᠠᠭᠠᠷᠲᠠᠯᠭ᠎ᠠ ᠲᠤᠷᠠᠳᠴᠠᠢ ᠬᠡᠵᠦ ᠴᠢᠬᠤᠯᠠᠴᠢᠯᠠᠪᠠ᠃
ᠶᠡᠬᠡ ᠬᠤᠷᠠᠯ ᠡᠴᠡ᠂ ᠰᠢᠨ᠎ᠡ ᠴᠠᠬ ᠦᠶᠡᠳᠤ ᠶᠠᠮᠠᠷ ᠶᠠᠩᠵᠦ ᠢ᠋ᠢᠨ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠢ᠋ ᠪᠠᠷᠢᠮᠲᠠᠯᠠᠨ ᠬᠦᠭᠵᠢᠭᠦᠯᠬᠦ᠂ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠢ᠋ ᠬᠡᠷᠬᠢᠨ ᠪᠠᠷᠢᠮᠲᠠᠯᠠᠨ ᠬᠦᠭᠵᠢᠭᠦᠯᠬᠦ ᠡᠨᠡᠬᠦ ᠴᠢᠬᠤᠯᠠ ᠶᠡᠬᠡ ᠴᠠᠬ ᠦᠶ᠎ᠡ ᠢ᠋ᠢᠨ ᠰᠡᠲᠦᠪ ᠲᠸ᠋ ᠬᠠᠷᠢᠭᠤᠯᠲᠠ ᠦᠭᠬᠦ ᠢ᠋ᠢᠨ ᠲᠤᠭᠤᠷᠢᠨ ᠳ᠋ᠤ᠂ ᠮᠠᠨ ᠤ᠋ ᠨᠠᠮ ᠴᠤ ᠰᠢᠨ᠎ᠡ ᠬᠠᠷᠠᠭᠠᠰᠤ ᠡᠴᠡ ᠡᠪ ᠬᠠᠮᠲᠦ ᠨᠠᠮ ᠤ᠋ᠨ ᠲᠦᠷᠦ ᠪᠠᠷᠢᠬᠤ ᠵᠢᠮ᠎ᠡ ᠶᠤᠰᠤ᠂ ᠨᠡᠢᠭᠡᠮ ᠵᠢᠷᠦᠮ ᠤ᠋ᠨ ᠪᠦᠲᠦᠭᠡᠨ ᠪᠠᠢᠭᠤᠯᠤᠯᠲᠠ ᠢ᠋ᠢᠨ ᠵᠢᠮ᠎ᠡ ᠶᠤᠰᠤ᠂ ᠬᠦᠮᠦᠨ ᠲᠦᠷᠦᠯᠬᠢᠲᠡᠨ ᠤ᠋ ᠨᠡᠢᠭᠡᠮ ᠤ᠋ᠨ ᠬᠦᠭᠵᠢᠯᠲᠡ ᠢ᠋ᠢᠨ ᠵᠢᠮ᠎ᠡ ᠶᠤᠰᠤᠨ ᠤ᠋ ᠲᠤᠬᠠᠢ ᠲᠠᠨᠢᠯᠲᠠ ᠪᠠᠨ ᠬᠦᠨᠵᠡᠭᠡᠢᠷᠡᠭᠦᠯᠵᠦ᠂ ᠰᠢᠷᠭᠠᠭᠤ ᠬᠠᠳᠠᠭᠤᠵᠢᠯᠲᠠᠢ ᠤᠨᠤᠯ ᠤ᠋ᠨ ᠰᠦᠪᠡᠭᠴᠢᠯᠡᠯᠲᠡ ᠬᠢᠵᠦ᠂ ᠴᠢᠬᠤᠯᠠ ᠶᠡᠬᠡ ᠤᠨᠤᠯ ᠤ᠋ᠨ ᠰᠢᠨ᠎ᠡ ᠡᠭᠦᠲᠦᠯᠲᠡ ᠢ᠋ᠢᠨ ᠦᠷ᠎ᠡ ᠪᠦᠲᠦᠭᠡᠯ ᠤᠯᠵᠦ᠂ ᠰᠢ ᠵᠢᠨ ᠫᠢᠩ ᠤ᠋ᠨ ᠰᠢᠨ᠎ᠡ ᠴᠠᠬ ᠦᠶ᠎ᠡ ᠢ᠋ᠢᠨ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠤ᠋ᠨ ᠦᠵᠡᠯ ᠰᠠᠨᠠᠭ᠎ᠠ ᠵᠢ ᠡᠭᠦᠲᠦᠭᠰᠡᠨ ᠪᠠᠢᠨ᠎ᠠ᠃ ᠰᠢ ᠵᠢᠨ ᠫᠢᠩ ᠤ᠋ᠨ ᠰᠢᠨ᠎ᠡ ᠴᠠᠬ ᠦᠶ᠎ᠡ ᠢ᠋ᠢᠨ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠤ᠋ᠨ ᠦᠵᠡᠯ ᠰᠠᠨᠠᠭ᠎ᠠ ᠪᠤᠯ ᠮᠠᠷᠺᠰ ᠯᠸᠨᠢᠨ ᠤ᠋ ᠦᠵᠡᠯ᠂ ᠮᠠᠤ ᠽᠸᠳ᠋ᠦ᠋ᠩ ᠤ᠋ᠨ ᠦᠵᠡᠯ ᠰᠠᠨᠠᠭ᠎ᠠ᠂ ᠳ᠋ᠸᠩ ᠰᠢᠶᠤᠤ ᠫᠢᠩ ᠤ᠋ᠨ ᠤᠨᠤᠯ᠂《ᠭᠤᠷᠪᠠ ᠵᠢ ᠲᠦᠯᠦᠭᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠢ᠋ᠢᠨ ᠦᠵᠡᠯᠲᠡ ᠢ᠋ᠢᠨ ᠵᠠᠯᠭᠠᠮᠵᠢᠯᠠᠯ ᠪᠠ ᠬᠦᠭᠵᠢᠭᠦᠯᠦᠯ ᠮᠦᠨ᠂ ᠮᠠᠷᠺᠰ ᠤ᠋ᠨ ᠦᠵᠡᠯ ᠢ᠋ ᠲᠤᠮᠲᠠᠲᠤ ᠤᠯᠤᠰᠴᠢᠯᠠᠬᠰᠠᠨ ᠬᠠᠮᠤᠭ ᠤ᠋ᠨ ᠰᠢᠨ᠎ᠡ ᠦᠷ᠎ᠡ ᠪᠦᠲᠦᠭᠡᠯ ᠮᠦᠨ᠂ ᠨᠠᠮ ᠪᠠ ᠠᠷᠠᠳ ᠲᠦᠮᠡᠨ ᠤ᠋ ᠦᠢᠯᠡᠲᠦᠯᠭᠡ ᠢ᠋ᠢᠨ ᠲᠤᠷᠰᠢᠯᠭ᠎ᠠ ᠪᠠ ᠬᠠᠮᠲᠦ ᠢ᠋ᠢᠨ ᠤᠶᠤᠨ ᠤᠬᠠᠭᠠᠨ ᠤ᠋ ᠤᠬᠢ ᠪᠦᠲᠦᠭᠡᠯ ᠮᠦᠨ᠂ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠤ᠋ᠨ ᠤᠨᠤᠯ ᠤ᠋ᠨ ᠰᠢᠰᠲ᠋ᠸᠮ ᠤ᠋ᠨ ᠴᠢᠬᠤᠯᠠ ᠪᠦᠷᠢᠯᠲᠦᠭᠦᠨ ᠬᠡᠰᠡᠭ ᠮᠦᠨ᠂ ᠪᠦᠬᠦ ᠨᠠᠮ ᠪᠦᠬᠦ ᠤᠯᠤᠰ ᠤ᠋ᠨ ᠠᠷᠠᠳ ᠲᠦᠮᠡᠨ ᠤ᠋ ᠲᠤᠮᠲᠠᠲᠤ ᠢ᠋ᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠲᠤᠯᠲᠠ ᠵᠢ ᠪᠡᠶᠡᠯᠡᠭᠦᠯᠬᠦ ᠢ᠋ᠢᠨ ᠲᠦᠯᠦᠭᠡ ᠲᠡᠮᠡᠴᠡᠬᠦ ᠠᠵᠢᠯᠯᠠᠭᠠᠨ ᠤ᠋ ᠵᠦᠭᠯᠡᠭᠦᠷ ᠮᠦᠨ᠂ ᠡᠷᠬᠡᠪᠰᠢ ᠤᠷᠳᠤ ᠬᠤᠭᠤᠴᠠᠭ᠎ᠠ ᠪᠡᠷ ᠪᠠᠷᠢᠮᠲᠠᠯᠠᠬᠤ ᠢ᠋ᠢᠨ ᠬᠠᠮᠲᠦ ᠲᠠᠰᠤᠷᠠᠯᠲᠠ ᠦᠭᠡᠢ ᠬᠦᠭᠵᠢᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃
ᠶᠡᠬᠡ ᠬᠤᠷᠠᠯ ᠡᠴᠡ ᠢᠯᠡᠳᠬᠡᠯ ᠳ᠋ᠡᠬᠢ ᠮᠠᠨ ᠤ᠋ ᠤᠯᠤᠰ ᠤ᠋ᠨ ᠨᠡᠢᠭᠡᠮ ᠵᠢᠷᠦᠮ ᠤ᠋ᠨ ᠠᠵᠦ ᠠᠬᠤᠢ ᠢ᠋ᠢᠨ ᠪᠦᠲᠦᠭᠡᠨ ᠪᠠᠢᠭᠤᠯᠤᠯᠲᠠ᠂ ᠤᠯᠤᠰ ᠲᠦᠷᠦ ᠢ᠋ᠢᠨ ᠪᠠᠢᠭᠤᠯᠤᠯᠲᠠ᠂ ᠰᠤᠶᠤᠯ ᠤ᠋ᠨ ᠪᠠᠢᠭᠤᠯᠤᠯᠲᠠ᠂ ᠨᠡᠢᠭᠡᠮ ᠤ᠋ᠨ ᠪᠠᠢᠭᠤᠯᠤᠯᠲᠠ᠂ ᠠᠮᠢ ᠠᠬᠤᠢ ᠢ᠋ᠢᠨ ᠪᠤᠯᠪᠠᠰᠤᠨ ᠤ᠋ ᠪᠠᠢᠭᠤᠯᠤᠯᠲᠠ ᠢ᠋ᠢᠨ ᠲᠤᠬᠠᠢ ᠪᠠᠢᠷᠢᠯᠠᠭᠤᠯᠤᠯᠲᠠ ᠵᠢ ᠵᠦᠪᠰᠢᠶᠡᠷᠡᠪᠡ᠃
ᠶᠡᠬᠡ ᠬᠤᠷᠠᠯ ᠡᠴᠡ ᠠᠷᠪᠠᠨ ᠨᠠᠢ᠍ᠮᠠᠳᠤᠭᠠᠷ ᠬᠤᠭᠤᠴᠠᠭᠠᠨ ᠤ᠋ ᠲᠦᠪ ᠤ᠋ᠨ ᠰᠠᠬᠢᠯᠭ᠎ᠠ ᠪᠠᠲᠦ ᠪᠠᠢᠴᠠᠭᠠᠬᠤ ᠬᠤᠷᠢᠶᠠᠨ ᠤ᠋ ᠠᠵᠢᠯ ᠤ᠋ᠨ ᠮᠡᠲᠡᠭᠦᠯᠦᠯᠲᠡ ᠢ᠋ᠢᠨ ᠲᠤᠬᠠᠢ ᠰᠢᠢᠳᠪᠦᠷᠢ ᠵᠢ ᠪᠠᠲᠤᠯᠠᠵᠦ᠂ 《ᠲᠤᠮᠲᠠᠲᠤ ᠤᠯᠤᠰ ᠤ᠋ᠨ ᠡᠪ ᠬᠠᠮᠲᠦ ᠨᠠᠮ ᠤ᠋ᠨ ᠲᠦᠷᠢᠮ(ᠵᠠᠰᠠᠪᠤᠷᠢ ᠤᠷᠤᠭᠤᠯᠬᠤ ᠲᠦᠰᠦᠯ)》 ᠤ᠋ᠨ ᠲᠤᠬᠠᠢ ᠰᠢᠢᠳᠪᠦᠷᠢ ᠵᠢ ᠪᠠᠲᠤᠯᠠᠵᠦ᠂ ᠡᠨᠡᠬᠦ ᠵᠠᠰᠠᠪᠤᠷᠢ ᠤᠷᠤᠭᠤᠯᠬᠤ ᠲᠦᠰᠦᠯ ᠢ᠋ ᠪᠠᠲᠤᠯᠠᠬᠰᠠᠨ ᠡᠲᠦᠷ ᠡᠴᠡ ᠡᠬᠢᠯᠡᠨ ᠬᠦᠴᠦᠨ ᠲᠠᠢ ᠪᠤᠯᠭᠠᠬᠤ ᠪᠡᠷ ᠲᠤᠬᠲᠠᠪᠠ᠃
ᠨᠠᠮ ᠤ᠋ᠨ ᠲᠦᠷᠢᠮ ᠳ᠋ᠤ ᠰᠢ ᠵᠢᠨ ᠫᠢᠩ ᠤ᠋ᠨ ᠰᠢᠨ᠎ᠡ ᠴᠠᠬ ᠦᠶ᠎ᠡ ᠢ᠋ᠢᠨ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠤ᠋ᠨ ᠦᠵᠡᠯ ᠰᠠᠨᠠᠭ᠎ᠠ ᠵᠢ ᠮᠠᠷᠺᠰ ᠯᠸᠨᠢᠨ ᠤ᠋ ᠦᠵᠡᠯ᠂ ᠮᠠᠤ ᠽᠸᠳ᠋ᠦ᠋ᠩ ᠤ᠋ᠨ ᠦᠵᠡᠯ ᠰᠠᠨᠠᠭ᠎ᠠ᠂ ᠳ᠋ᠸᠩ ᠰᠢᠶᠤᠤ ᠫᠢᠩ ᠤ᠋ᠨ ᠤᠨᠤᠯ᠂ 《ᠭᠤᠷᠪᠠ ᠵᠢ ᠲᠦᠯᠦᠭᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠢ᠋ᠢᠨ ᠦᠵᠡᠯᠲᠡ ᠲᠠᠢ ᠴᠤᠬ ᠢ᠋ᠢᠡᠷ ᠨᠠᠮ ᠤ᠋ᠨ ᠠᠵᠢᠯᠯᠠᠭᠠᠨ ᠤ᠋ ᠵᠦᠭᠯᠡᠭᠦᠷ ᠪᠤᠯᠭᠠᠬᠤ ᠪᠡᠷ ᠶᠡᠬᠡ ᠬᠤᠷᠠᠯ ᠡᠴᠡ ᠰᠠᠨᠠᠯ ᠨᠢᠭᠡᠲᠡᠢ ᠵᠦᠪᠰᠢᠶᠡᠷᠡᠪᠡ᠃
ᠶᠡᠬᠡ ᠬᠤᠷᠠᠯ ᠡᠴᠡ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠤ᠋ᠨ ᠰᠤᠶᠤᠯ ᠢ᠋ ᠲᠤᠮᠲᠠᠲᠤ ᠤᠯᠤᠰ ᠤ᠋ᠨ ᠤᠨᠴᠠᠯᠢᠭ ᠲᠠᠢ ᠨᠡᠢᠭᠡᠮ ᠵᠢᠷᠦᠮ ᠤ᠋ᠨ ᠵᠠᠮ᠂ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠤ᠋ᠨ ᠤᠨᠤᠯ ᠤ᠋ᠨ ᠰᠢᠰᠲ᠋ᠸᠮ᠂ ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠤ᠋ᠨ ᠪᠠᠢᠭᠤᠯᠤᠯ ᠲᠠᠢ ᠴᠤᠭ ᠢ᠋ᠢᠡᠷ ᠨᠠᠮ ᠤ᠋ᠨ ᠲᠦᠷᠢᠮᠳᠤ ᠪᠢᠴᠢᠵᠦ ᠤᠷᠤᠭᠤᠯᠬᠤ ᠵᠢ ᠵᠦᠪᠰᠢᠶᠡᠷᠡᠪᠡ᠃
ᠶᠡᠬᠡ ᠬᠤᠷᠠᠯ ᠡᠴᠡ 204 ᠬᠡᠰᠢᠭᠦᠨ᠂ 172 ᠤᠷᠤᠯᠠᠬᠴᠢ ᠬᠡᠰᠢᠭᠦᠨ ᠢ᠋ᠢᠡᠷ ᠪᠦᠷᠢᠯᠲᠦᠭᠰᠡᠨ ᠲᠦᠪ ᠬᠤᠷᠢᠶ᠎ᠠ ᠪᠤᠯᠤᠨ 133 ᠬᠡᠰᠢᠭᠦᠨ ᠢ᠋ᠢᠡᠷ ᠪᠦᠷᠢᠯᠲᠦᠭᠰᠡᠨ ᠲᠦᠪ ᠤ᠋ᠨ ᠰᠠᠬᠢᠯᠭ᠎ᠠ ᠪᠠᠲᠦ ᠪᠠᠢᠴᠠᠭᠠᠬᠤ ᠬᠤᠷᠢᠶ᠎ᠠ ᠵᠢ ᠰᠤᠩᠭᠤᠨ ᠭᠠᠷᠭᠠᠵᠠᠢ᠃ 10 ᠰᠠᠷ᠎ᠠ ᠢ᠋ᠢᠨ 25 ᠤ᠋ ᠡᠲᠦᠷ᠂ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠦᠪ ᠬᠤᠷᠢᠶᠠᠨ ᠤ᠋ ᠠᠩᠬᠠᠳᠤᠭᠠᠷ ᠪᠦᠬᠦᠲᠡ ᠬᠤᠷᠠᠯ ᠡᠴᠡ ᠰᠢᠨ᠎ᠡ ᠨᠢᠭᠡ ᠬᠤᠭᠤᠴᠠᠭᠠᠨ ᠤ᠋ ᠲᠦᠪ ᠬᠤᠷᠢᠶᠠᠨ ᠤ᠋ ᠤᠯᠤᠰ ᠲᠦᠷᠦ ᠢ᠋ᠢᠨ ᠲᠤᠪᠴᠢᠶ᠎ᠠ ᠪᠠ ᠲᠦᠪ ᠤ᠋ᠨ ᠱᠦᠵᠢ ᠨᠠᠷ ᠤ᠋ᠨ ᠭᠠᠵᠠᠷ ᠢ᠋ ᠰᠤᠩᠭᠤᠨ ᠭᠠᠷᠭᠠᠪᠠ᠃ ᠰᠢ ᠵᠢᠨ ᠫᠢᠩ ᠢ᠋ ᠲᠦᠪ ᠬᠤᠷᠢᠶᠠᠨ ᠤ᠋ ᠶᠡᠷᠦᠩᠬᠡᠢ ᠱᠦᠵᠢ ᠪᠡᠷ ᠰᠤᠩᠭᠤᠪᠠ; ᠰᠢ ᠵᠢᠨ ᠫᠢᠩ ᠢ᠋ ᠲᠦᠪ ᠤ᠋ᠨ ᠴᠡᠷᠢᠭ ᠤ᠋ᠨ ᠶᠠᠪᠤᠲᠠᠯ ᠤ᠋ᠨ ᠬᠤᠷᠢᠶᠠᠨ ᠤ᠋ ᠲᠡᠷᠢᠭᠦᠯᠡᠭᠴᠢ ᠪᠤᠯᠭᠠᠬᠤ ᠪᠡᠷ ᠲᠤᠬᠲᠠᠪᠠ; ᠵᠤᠤ ᠯᠸ ᠵᠢᠢ ᠵᠢ ᠲᠦᠪ ᠤ᠋ᠨ ᠰᠠᠬᠢᠯᠭ᠎ᠠ ᠪᠠᠲᠦ ᠪᠠᠢᠴᠠᠭᠠᠬᠤ ᠬᠤᠷᠢᠶᠠᠨ ᠤ᠋ ᠱᠦᠵᠢ ᠪᠡᠷ ᠵᠦᠪᠰᠢᠶᠡᠷᠡᠪᠡ᠃
(《ᠰᠤᠷᠤᠯᠴᠠᠯᠭ᠎ᠠ ᠢ᠋ᠢᠨ ᠬᠦᠴᠦᠷᠭᠡᠭ ᠤᠯᠤᠰ》 ᠰᠢᠯᠵᠢᠶ᠎ᠡ ᠡᠴᠡ ᠬᠠᠨ ᠯᠢᠩ ᠯᠢᠩ ᠤᠷᠴᠢᠭᠤᠯᠪᠠ)