ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠰᠠᠨ ᠪᠦᠭᠡᠳ 《ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠲᠥᠯᠥᠭᠡᠯᠡᠵᠦ᠍᠂ ᠠᠷᠠᠳ ᠲᠦᠮᠡᠨ᠎ᠲᠡᠶ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠦᠬᠦᠵᠦ᠍ ᠰᠡᠭᠡᠬᠦ᠌᠎ᠪᠡᠨ ᠬᠠᠮᠲᠤᠳᠭᠠᠵᠤ᠂ ᠶᠠᠮᠠᠷᠪᠠ ᠥᠪᠡᠷ᠎ᠦᠨ ᠭᠡᠰᠡᠨ ᠣᠨᠴᠠᠭᠠᠢ ᠠᠱᠢᠭ ᠲᠤᠰᠠ ᠦᠭᠡᠢ᠂ ᠶᠠᠮᠠᠷᠪᠠ ᠠᠱᠢᠭ ᠲᠤᠰᠠ ᠶ᠋ᠢᠨ ᠪᠦᠯᠦᠭ᠌ᠯᠡᠯ᠂ ᠶᠠᠮᠠᠷᠪᠠ ᠡᠷᠬᠡ ᠰᠦᠷᠲᠦ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ᠎ᠶ᠋ᠢᠨ ᠠᠱᠢᠭ ᠲᠤᠰᠠ᠎ᠶ᠋ᠢ ᠶᠡᠷᠦ᠍᠎ᠡᠴᠡ ᠲᠥᠯᠥᠭᠡᠯᠡᠳᠡᠭ ᠦᠭᠡᠢ》 ᠭᠡᠵᠦ᠍ ᠵᠢᠭᠠᠵᠤ ᠭᠠᠷᠭᠠᠪᠠ᠃ ᠡᠨᠡ ᠬᠦ᠌ ᠴᠢᠬᠤᠯᠠ ᠥᠭᠦᠯᠡᠯᠲᠡ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠬᠤ ᠨᠢ ᠨᠠᠮ᠎ᠤᠨ ᠭᠡᠱᠢᠭᠦᠨ ᠺᠠᠳ᠋ᠷᠴᠤᠳ᠎ᠤᠨ ᠵᠣᠷᠢᠯᠲᠠ᠎ᠶ᠋ᠢᠨ ᠤᠬᠠᠮᠰᠠᠷ ᠢᠶᠠᠨ ᠴᠢᠩᠭᠠᠳᠭᠠᠨ᠂ ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌᠎ᠳᠦ ᠲᠤᠢᠯ᠎ᠤᠨ ᠴᠢᠬᠤᠯᠠ ᠣᠨᠣᠯ᠎ᠤᠨ ᠪᠠ ᠪᠣᠳᠠᠲᠤ ᠠᠬᠤᠢᠴᠢ ᠠᠴᠢ ᠬᠣᠯᠪᠣᠭ᠍ᠳᠠᠯ᠎ᠲᠠᠶ ᠶᠤᠮ᠃
ᠨᠠᠮ ᠢᠮᠠᠭ᠍ᠲᠠ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠲᠦᠯᠦᠭᠡᠯᠡᠲᠡᠭ ᠨᠢ ᠨᠠᠮ᠎ᠤᠨ ᠮᠥᠨ ᠴᠢᠨᠠᠷ ᠪᠠ ᠦᠨᠳᠦᠰᠦᠨ ᠱᠠᠭᠠᠷᠳᠠᠯᠭ᠎ᠠ ᠶ᠋ᠢ ᠭᠦᠨᠵᠡᠭᠡᠶ ᠢᠯᠡᠷᠡᠭᠦᠯᠪᠡ
ᠮᠥᠨ ᠴᠢᠨᠠᠷ ᠨᠢ ᠦᠵᠡᠭ᠌ᠳᠡᠯ᠎ᠢ ᠲᠣᠭ᠍ᠲᠠᠭᠠᠵᠤ᠂ ᠠᠭᠤᠯᠭ᠎ᠠ ᠨᠢ ᠬᠡᠯᠪᠡᠷᠢ᠎ᠶ᠋ᠢ ᠲᠣᠭ᠍ᠲᠠᠭᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠠᠵᠢᠯᠴᠢᠨ ᠠᠡᠭ᠌ᠬᠢ᠎ᠶ᠋ᠢᠨ ᠬᠣᠱᠢᠭᠤᠴᠢ ᠠᠡᠭ᠌ᠬᠢ ᠮᠥᠨ᠂ ᠪᠠᠰᠠ ᠴᠤ᠌ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠦ ᠬᠣᠱᠢᠭᠤᠴᠢ ᠠᠡᠭ᠌ᠬᠢ ᠮᠥᠨ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠢᠯᠡᠰ᠎ᠢ ᠤᠳᠤᠷᠢᠳᠭᠤ ᠭᠣᠣᠯᠯᠠᠭ᠍ᠴᠢ ᠬᠦᠴᠦᠨ ᠮᠥᠨ᠃ ᠬᠣᠶᠠᠷ 《ᠬᠣᠱᠢᠭᠤᠴᠢ ᠠᠩᠭᠢ》ᠪᠠ ᠨᠢᠭᠡ 《ᠤᠳᠤᠷᠢᠳᠭᠤ ᠭᠣᠣᠯᠯᠠᠭ᠍ᠴᠢ》᠎ᠶ᠋ᠢᠨ ᠮᠥᠨ ᠴᠢᠨᠠᠷ᠎ᠤᠨ ᠱᠢᠨᠵᠢ ᠴᠢᠨᠠᠷ ᠨᠢ ᠨᠠᠮ ᠡᠷᠬᠡᠪᠰᠢ ᠢᠮᠠᠭ᠍ᠲᠠ ᠳᠤᠮᠳᠠᠳᠤ ᠤᠯᠤᠰ᠎ᠤᠨ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠲᠥᠯᠥᠭᠡᠯᠡᠵᠦ᠍᠂ ᠳᠤᠮᠳᠠᠳᠤ ᠤᠯᠤᠰ᠎ᠤᠨ ᠲᠡᠷᠢᠭᠦᠨ᠎ᠦ ᠰᠣᠶᠣᠯ᠎ᠤᠨ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠥᠯᠥᠭᠡᠯᠡᠵᠦ᠍᠂ ᠳᠤᠮᠳᠠᠳᠤ ᠤᠯᠤᠰ᠎ᠤᠨ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ ᠶ᠋ᠢ ᠲᠥᠯᠥᠭᠡᠯᠡᠬᠦ᠌ ᠶ᠋ᠢ ᠲᠣᠭ᠍ᠲᠠᠭᠠᠭ᠍ᠰᠠᠨ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠠᠵᠢᠯᠴᠢᠨ ᠠᠩᠬᠢ ᠶ᠋ᠢᠨ ᠬᠣᠱᠢᠭᠤᠴᠢ ᠠᠨᠭᠭᠢ ᠮᠥᠨ ᠪᠣᠯᠬᠣᠷ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠦ ᠬᠣᠱᠢᠭᠤᠴᠢ ᠠᠩᠬᠢ ᠡᠷᠬᠡᠪᠰᠢ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠴᠠᠭ ᠢᠮᠠᠭ᠍ᠲᠠ ᠲᠥᠯᠥᠭᠡᠯᠡᠬᠦ᠌ ᠬᠡᠷᠡᠭ᠌ᠲᠡᠢ᠂ ᠬᠠᠷᠢᠨ ᠶᠠᠮᠠᠷᠪᠠ ᠠᠱᠢᠭ ᠲᠤᠰᠠ᠎ᠶ᠋ᠢᠨ ᠪᠦᠯᠦᠭ᠌ᠯᠡᠯ᠂ ᠡᠷᠬᠡ ᠰᠦᠷᠲᠦ ᠪᠦᠯᠬᠦᠮ ᠪᠤᠶᠤ ᠣᠨᠴᠠ ᠡᠷᠬᠡᠲᠦ ᠳᠠᠪᠬᠤᠷᠭ᠎ᠠ᠎ᠶ᠋ᠢᠨ ᠠᠱᠢᠭ ᠲᠤᠰᠠ᠎ᠶ᠋ᠢ ᠲᠥᠯᠥᠭᠡᠯᠡᠵᠦ᠍ ᠪᠣᠯᠬᠤ ᠦᠭᠡᠢ᠂ ᠡᠷᠬᠡᠪᠰᠢ ᠠᠷᠠᠳ ᠲᠦᠮᠡᠨ᠎ᠢ ᠰᠡᠳᠭᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠠᠷᠠᠳ ᠲᠦᠮᠡᠨ ᠲᠡᠶ ᠵᠢᠷᠭᠠᠯ ᠵᠣᠪᠠᠯᠠᠩ᠎ᠢᠶᠠᠨ ᠬᠠᠮᠲᠤᠳᠭᠠᠨ᠂ ᠦᠬᠦᠵᠦ᠍ ᠰᠡᠭᠡᠬᠦ᠌᠎ᠪᠡᠨ ᠬᠠᠮᠲᠤᠳᠭᠠᠬᠤ ᠬᠡᠷᠡᠭ᠌ᠲᠡᠢ; ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠢᠯᠡᠰ᠎ᠦᠨ ᠤᠳᠤᠷᠢᠳᠭᠤ ᠭᠣᠣᠯᠯᠠᠭ᠍ᠴᠢ ᠮᠥᠨ ᠪᠣᠯᠬᠣᠷ ᠡᠷᠬᠡᠪᠰᠢ ᠪᠥᠬᠥ᠌ ᠠᠷᠠᠳ ᠲᠦᠮᠡᠨ᠎ᠦ ᠣᠶᠣᠨ ᠤᠬᠠᠭᠠᠨ ᠪᠠ ᠬᠦᠴᠦᠨ ᠴᠢᠳᠠᠯ᠎ᠢ ᠴᠢᠷᠮᠠᠢᠨ ᠨᠢᠭ᠍ᠲᠠᠷᠠᠭᠤᠯᠵᠤ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠪᠥᠳᠥᠭᠡᠨ ᠪᠠᠢᠭᠤᠯᠬᠤ ᠬᠡᠷᠡᠭ᠌ᠲᠡᠢ᠂ ᠡᠭᠦᠨ᠎ᠢ ᠪᠡᠶᠡᠯᠡᠭᠦᠯᠬᠦ᠌ ᠳᠦ ᠡᠷᠬᠡᠪᠰᠢ ᠠᠷᠠᠳ ᠲᠦᠮᠡᠨ᠎ᠦ ᠵᠣᠭ᠍ᠰᠣᠯᠲᠠ ᠪᠠ ᠠᠷᠠᠳ ᠲᠦᠮᠡᠨ᠎ᠦ ᠦᠵᠡᠯᠲᠡ᠎ᠶ᠋ᠢ ᠤᠬᠠᠮᠰᠠᠷ ᠡᠴᠡ᠎ᠪᠠᠨ ᠪᠠᠷᠢᠮᠲᠠᠯᠠᠵᠤ᠂ ᠠᠷᠠᠳ ᠲᠦᠮᠡᠨ᠎ᠳᠦ ᠠᠱᠢᠭ ᠲᠤᠰᠠ ᠣᠯᠭᠣᠬᠤ᠂ ᠵᠣᠯ ᠵᠢᠷᠭᠠᠯ ᠣᠯᠭᠣᠬᠤ᠎ᠶ᠋ᠢ ᠥᠪᠡᠷ᠎ᠦᠨ ᠪᠥᠬᠥ᠌ ᠠᠵᠢᠯᠯᠠᠭ᠎ᠠ᠎ᠶ᠋ᠢᠨ᠎ᠢᠶᠠᠨ ᠵᠤᠷᠢᠯᠲᠠ ᠪᠠ ᠲᠤᠰᠤᠯᠲᠠ ᠪᠣᠯᠭᠠᠵᠤ᠂ ᠢᠮᠠᠭ᠍ᠲᠠ ᠠᠷᠠᠳ ᠲᠦᠮᠡᠨ᠎ᠢ ᠳᠠᠭᠠᠭᠤᠯᠤᠨ ᠰᠠᠢ᠌ᠨ ᠰᠠᠢᠬᠠᠨ ᠠᠮᠢᠳᠤᠷᠠᠯ᠎ᠤᠨ ᠬᠠᠷᠠᠯᠲᠠ᠎ᠶ᠋ᠢ ᠪᠡᠶᠡᠯᠡᠭᠦᠯᠬᠦ᠌ ᠶ᠋ᠢᠨ ᠲᠥᠯᠥᠭᠡ ᠲᠠᠰᠣᠷᠠᠯᠳᠠ ᠥᠭᠡᠢ ᠲᠡᠮᠡᠴᠡᠬᠦ᠌ ᠬᠡᠷᠡᠭ᠌ᠲᠡᠢ᠃
ᠨᠠᠮ ᠢᠮᠠᠭ᠍ᠲᠠ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠲᠥᠯᠥᠭᠡᠯᠡᠲᠡᠭ ᠨᠢ ᠨᠠᠮ᠎ᠤᠨ ᠦᠨᠳᠦᠰᠦᠨ ᠵᠣᠷᠢᠯᠲᠠ᠎ᠶ᠋ᠢᠨ ᠳᠣᠲᠣᠭᠠᠳᠤ ᠬᠡᠷᠡᠭ᠌ᠴᠡᠭᠡ᠎ᠶ᠋ᠢ ᠭᠦᠨᠵᠡᠭᠡᠢ ᠢᠯᠡᠷᠡᠭᠦᠯᠪᠡ
ᠪᠦᠬᠦ᠌ ᠰᠡᠳᠭᠢᠯ ᠪᠦᠬᠦ᠌ ᠵᠣᠷᠢᠭ᠎ᠢᠶᠠᠷ ᠢᠶᠠᠨ ᠠᠷᠠᠳ ᠲᠦᠮᠡᠨ᠎ᠳᠦ ᠦᠢᠯᠡᠴᠢᠯᠡᠬᠦ᠌ ᠪᠣᠯ ᠨᠠᠮ᠎ᠤᠨ ᠦᠨᠳᠦᠰᠦᠨ ᠵᠣᠷᠢᠯᠲᠠ ᠮᠥᠨ᠂ ᠪᠠᠰᠠ ᠴᠤ᠌ ᠮᠠᠨ᠎ᠤ ᠨᠠᠮ᠎ᠤᠨ ᠠᠯᠢᠪᠠ ᠠᠵᠢᠯ ᠢᠶᠠᠨ ᠰᠠᠢᠲᠤᠷ ᠬᠢᠵᠦ᠍᠂ ᠠᠯᠢᠪᠠ ᠡᠭᠦᠷᠭᠡ᠎ᠪᠡᠨ ᠪᠡᠶᠡᠯᠡᠭᠦᠯᠬᠦ᠌ ᠶ᠋ᠢᠨ ᠵᠤᠷᠢᠯᠲᠠ ᠪᠠ ᠲᠤᠰᠤᠯᠲᠠ ᠮᠥᠨ᠃ ᠲᠤᠬᠠᠢ᠎ᠶ᠋ᠢᠨ ᠵᠢᠯ᠎ᠳᠦ ᠮᠠᠤ ᠽᠸ ᠳ᠋ᠦᠩ ᠨᠥᠬᠥᠷ ᠪᠦᠬᠦ᠌ ᠰᠡᠳᠭᠢᠯ ᠪᠦᠬᠦ᠌ ᠵᠣᠷᠢᠭ ᠢᠶᠠᠷ ᠢᠶᠠᠨ ᠠᠷᠠᠳ ᠲᠦᠮᠡᠨ ᠳᠦ ᠦᠢᠯᠡᠴᠢᠯᠡᠬᠦ᠌ ᠶᠠᠪᠤᠳᠠᠯ᠎ᠢ ᠡᠪ ᠬᠠᠮᠲᠤᠴᠤᠳ᠎ᠤᠨ ᠪᠤᠰᠤᠳ ᠶᠠᠮᠠᠷᠪᠠ ᠲᠦᠷᠦ᠍᠎ᠶ᠋ᠢᠨ ᠨᠠᠮ ᠡᠴᠡ ᠢᠯᠭᠠᠭ᠍ᠳᠠᠬᠤ 《ᠢᠯᠡᠷᠬᠡᠢ ᠱᠢᠨᠵᠢ ᠲᠡᠮᠳᠡᠭ》 ᠭᠡᠵᠦ᠍ ᠦᠵᠡᠵᠦ᠍᠂ ᠮᠠᠨ ᠤ ᠡᠪ ᠬᠠᠮᠲᠤᠴᠤᠳ ᠡᠷᠬᠡᠪᠰᠢ ᠪᠦᠬᠦ᠌ ᠰᠡᠳᠭᠢᠯ ᠪᠦᠬᠦ᠌ ᠵᠣᠷᠢᠭ ᠢᠶᠠᠷ ᠢᠶᠠᠨ ᠠᠷᠠᠳ ᠲᠦᠮᠡᠨ ᠳᠦ ᠦᠢᠯᠡᠴᠢᠯᠡᠬᠦ᠌ ᠬᠡᠷᠡᠭ᠌ᠲᠡᠢ᠂ ᠤᠯᠡᠠ ᠲᠦᠮᠡᠨ᠎ᠡᠴᠡ ᠨᠢᠭᠡ ᠮᠥᠴᠡ ᠴᠦ᠍ ᠰᠠᠯᠤᠩᠬᠢᠷᠠᠬᠤ ᠤᠢ᠍ᠭᠡᠢ᠂ ᠠᠯᠢᠪᠠ ᠪᠦᠬᠦᠠ᠎ᠳᠦ ᠠᠷᠠᠳ ᠲᠦᠮᠡᠨ᠎ᠦ ᠠᠱᠢᠭ ᠲᠤᠰᠠ ᠡᠴᠡ ᠡᠭᠦᠰᠭᠦ ᠬᠡᠷᠡᠭ᠌ᠲᠡᠢ᠂ ᠬᠠᠷᠢᠨ ᠬᠤᠪᠢ ᠬᠥᠮᠦᠨ ᠪᠤᠶᠤ ᠵᠢᠵᠢᠭ ᠪᠦᠯᠬᠦᠮ᠎ᠦᠨ ᠠᠱᠢᠭ ᠲᠤᠰᠠ ᠡᠴᠡ ᠡᠭᠦᠰᠭᠦ ᠪᠢᠰᠢ; ᠡᠪ ᠬᠠᠮᠲᠤ ᠨᠠᠮ ᠪᠣᠯ ᠲᠡᠮᠡᠴᠡᠬᠦ᠌ ᠬᠡᠷᠡᠭ᠌ᠲᠡᠢ᠂ ᠪᠦᠬᠦ᠌ ᠰᠡᠳᠭᠢᠯ ᠪᠦᠬᠦ᠌ ᠵᠣᠷᠢᠭ ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠬᠡᠷᠡᠭ᠌ᠲᠡᠢ᠂ ᠬᠠᠭᠠᠰ ᠰᠡᠳᠭᠢᠯ ᠬᠠᠭᠠᠰ ᠵᠣᠷᠢᠭ᠎ᠢᠶᠠᠷ ᠪᠤᠶᠤ ᠭᠤᠷᠪᠠᠨ᠎ᠤ ᠬᠣᠶᠠᠷ ᠬᠤᠪᠢ᠎ᠶ᠋ᠢᠨ ᠰᠠᠨᠠᠭ᠎ᠠ᠎ᠪᠠᠷ ᠠᠷᠠᠳ ᠲᠦᠮᠡᠨ᠎ᠳᠦ ᠦᠢᠯᠡᠴᠢᠯᠡᠵᠦ᠍ ᠪᠣᠯᠬᠤ ᠦᠭᠡᠢ ᠬᠡᠵᠦ ᠴᠢᠬᠤᠯᠠᠴᠢᠯᠠᠬᠰᠠᠨ ᠶᠤᠮ᠃ ᠶᠡᠷᠦᠩᠬᠡᠢ ᠱᠦᠵᠢ ᠰᠢ ᠵᠢᠨ ᠫᠢᠩ ᠠᠷᠠᠳ ᠲᠦᠮᠡᠨ᠎ᠢ 《ᠲᠥᠷᠥ᠍ ᠵᠠᠰᠠᠭ》 ᠬᠡᠮᠡᠨ ᠵᠦᠢᠷᠯᠡᠵᠦ᠍᠂ 《ᠲᠥᠷᠥ᠍ ᠵᠠᠰᠠᠭ ᠪᠣᠯ ᠲᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠲᠠᠷᠤᠢ ᠲᠥᠷᠥ᠍ ᠵᠠᠰᠠᠭ ᠮᠦᠨ᠂ ᠲᠥᠷᠥ᠍ ᠵᠠᠰᠠᠭ᠎ᠢ ᠪᠠᠢᠭᠤᠯᠵᠤ᠂ ᠲᠥᠷᠥ᠍ ᠵᠠᠰᠠᠭ ᠢ ᠰᠠᠬᠢᠬᠤ ᠨᠢ ᠠᠷᠠᠳ ᠲᠦᠮᠡᠨ᠎ᠦ ᠰᠡᠳᠭᠢᠯ ᠢ ᠰᠠᠬᠢᠬᠤ ᠶᠠᠪᠤᠲᠠᠯ ᠪᠤᠯᠤᠨ᠎ᠠ》 ᠭᠡᠵᠦ᠍ ᠴᠢᠬᠤᠯᠠᠴᠢᠯᠠᠪᠠ᠃ ᠮᠠᠨ᠎ᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡ ᠪᠣᠯ ᠦᠨᠡᠨ᠎ᠳᠡᠭᠡᠨ ᠠᠷᠠᠳ ᠲᠦᠮᠡᠨ᠎ᠳᠦ ᠠᠱᠢᠭ ᠲᠤᠰᠠ ᠣᠯᠭᠣᠬᠤ᠂ ᠵᠣᠯ ᠵᠢᠷᠭᠠᠯ ᠣᠯᠭᠣᠬᠤ ᠲᠡᠮᠡᠴᠡᠯ᠎ᠦᠨ ᠲᠡᠦᠬᠡ ᠮᠥᠨ᠃ ᠱᠢᠨ᠎ᠡ ᠲᠡᠦᠬᠡᠨ ᠨᠥᠬᠥᠴᠡᠯ ᠳᠣᠣᠷ᠎ᠠ᠂ ᠪᠢᠳᠡ ᠡᠷᠬᠡᠪᠰᠢ ᠪᠦᠬᠦ᠌ ᠰᠡᠳᠭᠢᠯ ᠪᠦᠬᠦ᠌ ᠵᠣᠷᠢᠭ᠎ᠢᠶᠠᠷ ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠵᠣᠭ᠍ᠰᠣᠯᠲᠠ᠎ᠳᠤ ᠪᠠᠲᠤ ᠵᠣᠭ᠍ᠰᠣᠵᠤ᠂ ᠤᠯᠠᠨ ᠲᠦᠮᠡᠨᠴᠢ ᠱᠤᠭᠤᠮ᠎ᠢ ᠲᠤᠭᠤᠱᠢᠯᠠᠭᠤᠯᠵᠤ᠂ ᠠᠷᠠᠳ ᠲᠦᠮᠡᠨ᠎ᠦ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠠᠷᠠᠳ ᠤᠯᠠᠨ᠎ᠤ ᠪᠠᠴᠢᠮᠳᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠪᠡᠶᠡᠯᠡᠭᠦᠯᠬᠦ᠌ ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠬᠦ᠌ ᠬᠡᠷᠡᠭ᠌ᠲᠡᠢ᠃
ᠨᠠᠮ ᠢᠮᠠᠭ᠍ᠲᠠ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠲᠥᠯᠥᠭᠡᠯᠡᠲᠡᠭ ᠨᠢ ᠨᠠᠮ᠎ᠤᠨ ᠵᠢᠯᠣᠭᠣᠳᠭᠤ ᠦᠵᠡᠯ ᠰᠠᠨᠠᠭᠠᠨ᠎ᠤ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ ᠢᠯᠡᠷᠡᠭᠦᠯᠪᠡ
ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠮᠠᠷᠺᠰ᠎ᠤᠨ ᠦᠵᠡᠯ᠎ᠦᠨ ᠱᠢᠨᠵᠢᠯᠡᠬᠦ᠌ ᠤᠬᠠᠭᠠᠨᠴᠢ ᠣᠨᠣᠯ᠎ᠢᠶᠠᠷ ᠵᠢᠯᠣᠭᠣᠳᠭᠤ ᠦᠵᠡᠯ ᠰᠠᠨᠠᠭ᠎ᠠ᠎ᠪᠠᠨ ᠪᠣᠯᠭᠠᠭ᠍ᠰᠠᠨ ᠦᠭᠡᠢᠭᠦᠦ ᠠᠩᠭᠢ᠎ᠶ᠋ᠢᠨ ᠲᠥᠷᠥ᠎ᠶ᠋ᠢᠨ ᠨᠠᠮ ᠮᠥᠨ᠃ ᠠᠷᠠᠳᠴᠢ ᠴᠢᠨᠠᠷ ᠪᠣᠯ ᠮᠠᠷᠺᠰ᠎ᠤᠨ ᠦᠵᠡᠯ᠎ᠦᠨ ᠮᠥᠨ ᠴᠢᠨᠠᠷ ᠤᠨ ᠣᠨᠴᠠᠯᠢᠭ ᠮᠥᠨ᠃ ᠶᠡᠷᠦᠩᠬᠡᠢ ᠱᠦᠵᠢ ᠰᠢ ᠵᠢᠨ ᠫᠢᠩ ᠮᠠᠷᠺᠰ᠎ᠤᠨ ᠮᠡᠨᠳᠦᠯᠡᠭ᠌ᠰᠡᠨ 200 ᠵᠢᠯ᠎ᠦᠨ ᠤᠢ ᠶ᠋ᠢ ᠳᠤᠷᠠᠰᠭᠠᠬᠤ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ 《ᠮᠠᠷᠺᠰ᠎ᠤᠨ ᠦᠵᠡᠯ ᠪᠣᠯ ᠠᠷᠠᠳ ᠲᠦᠮᠡᠨ᠎ᠦ ᠤᠨᠤᠯ ᠮᠥᠨ》᠂ 《ᠮᠠᠷᠺᠰ᠎ᠤᠨ ᠦᠵᠡᠯ ᠨᠢ ᠤᠯᠤᠰ ᠠᠯᠤᠰᠯᠠᠭ᠍ᠰᠠᠨ᠂ ᠴᠠᠭ ᠦᠶ᠎ᠡ᠎ᠶ᠋ᠢ ᠠᠯᠤᠰᠯᠠᠭ᠍ᠰᠠᠨ ᠨᠥᠯᠥᠭᠡᠯᠡᠬᠦ᠌ ᠬᠦᠴᠦᠨ᠎ᠲᠡᠶ ᠪᠣᠯᠤᠭ᠍ᠰᠠᠨ ᠨᠢ ᠠᠷᠠᠳ ᠲᠦᠮᠡᠨ᠎ᠦ ᠳᠤᠮᠳᠠ ᠦᠨᠳᠦᠰᠦᠯᠡᠵᠦ᠍᠂ ᠠᠷᠠᠳ ᠲᠦᠮᠡᠨ᠎ᠳᠦ ᠲᠦᠱᠢᠭ᠌ᠯᠡᠨ ᠲᠡᠦᠬᠡ᠎ᠶ᠋ᠢ ᠲᠦᠯᠬᠢᠨ ᠤᠷᠤᠭ᠍ᠰᠢᠯᠠᠭᠤᠯᠬᠤ ᠬᠥᠮᠦᠨ᠎ᠦ ᠶᠢᠷᠲᠢᠨᠴᠦ᠍᠎ᠶ᠋ᠢᠨ ᠵᠥᠪ ᠵᠠᠮ᠎ᠢ ᠵᠢᠭᠠᠵᠤ ᠥᠭ᠌ᠭᠦᠭ᠌ᠰᠡᠨ᠎ᠡᠴᠡ ᠪᠣᠯᠤᠭ᠍ᠰᠠᠨ ᠶᠤᠮ》ᠭᠡᠵᠦ᠍ ᠲᠣᠳᠣᠷᠬᠠᠢ ᠵᠢᠭᠠᠵᠤ ᠭᠠᠷᠭᠠᠪᠠ᠃ ᠠᠯᠢ ᠡᠷᠲᠡ 170 ᠭᠠᠷᠤᠢ ᠵᠢᠯ᠎ᠦᠨ ᠡᠮᠦᠨ᠎ᠡ᠂ ᠮᠠᠷᠺᠰ ᠡᠩᠭᠧᠯᠰ 《ᠡᠪ ᠬᠠᠮᠲᠤ ᠨᠠᠮ᠎ᠤᠨ ᠲᠤᠩᠬᠠᠭ》 ᠲᠠᠭᠠᠨ᠄ 《ᠥᠩᠭᠡᠷᠡᠭ᠌ᠰᠡᠨ᠎ᠦ ᠠᠯᠢᠪᠠ ᠬᠥᠳᠡᠯᠭᠡᠭᠡᠨ ᠪᠣᠯ ᠴᠥᠮ ᠴᠥᠭᠡᠨ ᠲᠣᠭᠠᠨ᠎ᠤ ᠬᠥᠮᠦᠨ ᠤ᠋ ᠪᠤᠶᠤ ᠴᠥᠭᠡᠨ ᠲᠣᠭᠠᠨ᠎ᠤ ᠬᠥᠮᠦᠨ᠎ᠳᠦ ᠠᠱᠢᠭ ᠣᠯᠭᠣᠬᠤ ᠬᠥᠳᠡᠯᠭᠡᠭᠡᠨ ᠮᠥᠨ᠃ ᠦᠭᠡᠢᠭᠦᠦ ᠠᠡᠭᠬᠢ᠎ᠶ᠋ᠢᠨ ᠬᠥᠳᠡᠯᠭᠡᠭᠡᠨ ᠪᠣᠯ ᠵᠣᠩᠬᠢᠯᠠᠬᠤ ᠤᠯᠠᠨ ᠲᠣᠭᠠᠨ᠎ᠤ ᠬᠥᠮᠦᠨ ᠦ ᠠᠱᠢᠭ ᠲᠤᠰᠠ᠎ᠶ᠋ᠢᠨ ᠲᠥᠯᠥᠭᠡ ᠲᠡᠮᠡᠴᠡᠬᠦ ᠪᠡᠶ᠎ᠡ ᠪᠡᠨ ᠳᠠᠭᠠᠭᠠᠭ᠍ᠰᠠᠨ ᠬᠥᠳᠡᠯᠭᠡᠭᠡᠨ ᠮᠥᠨ᠃ ᠭᠠᠭ᠍ᠴᠠ ᠬᠦ᠌ ᠮᠠᠷᠺᠰ᠎ᠤᠨ ᠦᠵᠡᠯ᠎ᠢᠶᠡᠷ ᠵᠢᠯᠣᠭᠣᠳᠭᠤ ᠦᠵᠡᠯ ᠰᠠᠨᠠᠭ᠎ᠠ ᠪᠣᠯᠭᠠᠭ᠍ᠰᠠᠨ ᠦᠭᠡᠢᠭᠦᠦ ᠠᠡᠭ᠌ᠬᠢ᠎ᠶ᠋ᠢᠨ ᠲᠦᠷᠦ᠍᠎ᠶ᠋ᠢᠨ ᠨᠠᠮ ᠪᠣᠯ ᠰᠠᠶᠢ ᠠᠷᠠᠳ ᠤᠯᠡᠠ᠎ᠤ ᠠᠱᠢᠭ ᠲᠤᠰᠠ᠎ᠶ᠋ᠢ ᠵᠢᠩᠬᠢᠨᠢ ᠲᠥᠯᠥᠭᠡᠯᠡᠭ᠌ᠰᠡᠨ ᠲᠡᠷᠢᠭᠦᠨ᠎ᠦ ᠲᠦᠷᠦ᠍᠎ᠶ᠋ᠢᠨ ᠨᠠᠮ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠡᠳᠦᠷ᠎ᠡᠴᠡ᠎ᠪᠡᠨ ᠡᠬᠢᠯᠡᠭᠡᠳ ᠳᠠᠷᠤᠢ 《ᠢᠮᠠᠭ᠍ᠲᠠ ᠬᠠᠮᠤᠭ᠎ᠤᠨ ᠥᠷᠭᠡᠨ ᠤᠯᠡᠠ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠲᠥᠯᠥᠭᠡᠯᠡᠳᠡᠭ》 ᠪᠥᠭᠡᠳ 《ᠶᠠᠮᠠᠷ ᠴᠤ᠌ ᠥᠪᠡᠷ᠎ᠦᠨ ᠣᠨᠴᠠᠭᠠᠢ ᠠᠱᠢᠭ ᠲᠤᠰᠠ ᠪᠠᠢᠳᠠᠭ ᠤᠢ᠍ᠭᠡᠢ》᠂ ᠮᠥᠨ ᠴᠢᠨᠠᠷ ᠡᠴᠡ ᠨᠢ ᠠᠪᠴᠤ᠌ ᠬᠡᠯᠡᠪᠡᠯ᠂ ᠨᠠᠮ᠎ᠤᠨ ᠠᠱᠢᠭ ᠲᠤᠰᠠ ᠪᠣᠯᠤᠨ ᠠᠷᠠᠳ ᠤᠯᠡᠠ᠎ᠤ ᠠᠱᠢᠭ ᠲᠤᠰᠠ ᠪᠣᠯ ᠪᠦᠷᠢᠮᠦᠰᠦᠨ ᠨᠢᠭᠡᠳᠦᠯᠲᠡᠢ ᠪᠠᠢᠳᠠᠭ᠂ ᠨᠠᠮ᠎ᠤᠨ ᠵᠣᠭ᠍ᠰᠣᠯᠲᠠ ᠪᠣᠯᠤᠨ ᠠᠷᠠᠳ ᠤᠯᠡᠠ᠎ᠤ ᠵᠣᠭ᠍ᠰᠣᠯᠲᠠ ᠴᠤ᠌ ᠪᠦᠷᠢᠮᠦᠰᠦᠨ ᠨᠢᠭᠡᠳᠦᠯᠲᠡᠢ ᠪᠠᠢᠳᠠᠭ᠃ ᠨᠠᠮ ᠥᠪᠡᠷ᠎ᠦᠨ ᠲᠡᠦᠬᠡᠲᠦ ᠡᠭᠦᠷᠭᠡ᠎ᠪᠡᠨ ᠪᠡᠶᠡᠯᠡᠭᠦᠯᠦᠶ᠎ᠡ ᠭᠡᠪᠡᠯ ᠡᠷᠬᠡᠪᠰᠢ ᠠᠯᠢᠪᠠ ᠪᠦᠬᠦᠨ᠎ᠳᠦ ᠤᠯᠠᠨ ᠲᠦᠮᠡᠨ᠎ᠦ ᠲᠥᠯᠥᠭᠡ ᠪᠠᠢᠵᠤ᠂ ᠠᠯᠢᠪᠠ ᠪᠦᠬᠦᠨ ᠳᠦ ᠤᠯᠠᠨ ᠲᠦᠮᠡᠨ᠎ᠢ ᠲᠦᠱᠢᠭ᠌ᠯᠡᠨ᠂ ᠠᠷᠠᠳ ᠤᠯᠠᠨ ᠤ ᠠᠭᠤᠤ ᠶᠡᠬᠡ ᠦᠢᠯᠡᠳᠦᠯᠭᠡ ᠶ᠋ᠢᠨ ᠳᠤᠮᠳᠠ ᠠᠷᠠᠳ ᠤᠯᠠᠨ ᠤ ᠦᠨᠳᠦᠰᠦᠨ ᠠᠱᠢᠭ ᠲᠤᠰᠠ᠎ᠶ᠋ᠢ ᠪᠡᠶᠡᠯᠡᠭᠦᠯᠬᠦ᠌ ᠬᠡᠷᠡᠭ᠌ᠲᠡᠢ᠃
ᠨᠠᠮ ᠢᠮᠠᠭ᠍ᠲᠠ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠲᠥᠯᠥᠭᠡᠯᠡᠲᠡᠭ ᠨᠢ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶ᠋ᠢᠨ ᠦᠶ᠋ᠯᠡᠳᠦᠯᠭᠡ ᠶ᠋ᠢᠨ ᠱᠠᠭᠠᠷᠳᠠᠯᠭ᠎ᠠ ᠶ᠋ᠢ ᠭᠦᠨᠵᠡᠭᠡᠶ ᠢᠯᠡᠷᠡᠭᠦᠯᠪᠡ
ᠤᠭ ᠰᠠᠨᠠᠭ᠎ᠠ᠎ᠪᠠᠨ ᠦᠯᠦ᠍ ᠮᠠᠷᠲᠠᠪᠠᠰᠤ ᠡᠴᠦᠰ᠎ᠦᠨ ᠢᠯᠠᠯᠲᠠ᠎ᠶ᠋ᠢ ᠣᠯᠵᠤ ᠴᠢᠳᠠᠮᠤᠢ᠃ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠭ᠌ᠰᠡᠨ ᠡᠳᠦᠷ᠎ᠡᠴᠡ᠎ᠪᠡᠨ ᠡᠬᠢᠯᠡᠨ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠡᠷ ᠥᠪᠡᠷ᠎ᠦᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠪᠠᠨ ᠪᠣᠯᠭᠠᠪᠠ᠃ ᠨᠠᠮ᠎ᠤᠨ ᠠᠩᠬᠠᠳᠤᠭᠠᠷ ᠶᠡᠬᠡ ᠬᠤᠷᠠᠯ ᠡᠴᠡ ᠪᠠᠲᠤᠯᠠᠭ᠍ᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠥᠲᠥᠯᠪᠦᠷᠢ》᠎ᠳ᠋ᠤ ᠳᠤᠮᠳᠠᠳᠤ ᠤᠯᠤᠰ᠎ᠤᠨ ᠡᠪ ᠬᠠᠮᠲᠤ ᠨᠠᠮ ᠡᠷᠬᠡᠪᠰᠢ《ᠬᠥᠷᠥᠩᠭᠡᠲᠡᠨ ᠠᠩᠬᠢ᠎ᠶ᠋ᠢ ᠲᠦᠯᠬᠢᠨ ᠤᠨᠠᠭᠠᠵᠤ》᠂ 《ᠬᠦᠷᠦᠨᠭ᠌ᠭᠡ᠎ᠶ᠋ᠢᠨ ᠬᠤᠪᠢ᠎ᠶ᠋ᠢᠨ ᠥᠮᠴᠢᠯᠡᠯᠢ ᠬᠦᠴᠦᠨ ᠦᠭᠡᠢ ᠪᠣᠯᠭᠠᠵᠤ》᠂ 《ᠬᠥᠳᠡᠯᠮᠦᠷᠢᠴᠢᠨ ᠠᠩᠬᠢ ᠤᠯᠤᠰ ᠣᠷᠣᠨ᠎ᠢᠶᠠᠨ ᠳᠠᠬᠢᠨ ᠪᠠᠢᠭᠤᠯᠬᠤ ᠬᠡᠷᠡᠭ᠌ᠲᠡᠶ》 ᠭᠡᠵᠦ᠍ ᠲᠣᠳᠣᠷᠬᠠᠶ ᠳᠤᠷᠠᠳᠴᠠᠶ᠃ ᠨᠠᠮ᠎ᠤᠨ ᠭᠤᠷᠪᠠᠳᠤᠭᠠᠷ ᠶᠡᠬᠡ ᠬᠤᠷᠠᠯ ᠡᠴᠡ 《ᠠᠵᠢᠯᠴᠢᠨ ᠲᠠᠷᠢᠶᠠᠴᠢᠨ᠎ᠤ ᠲᠤᠰ ᠪᠡᠶ᠎ᠡ᠎ᠶ᠋ᠢᠨ ᠠᠱᠢᠭ ᠲᠤᠰᠠ᠎ᠶ᠋ᠢ ᠬᠦᠷᠢᠶᠡᠯᠡᠬᠦ᠌》 ᠶ᠋ᠢ ᠥᠪᠡᠷ᠎ᠦᠨ 《ᠣᠨᠴᠠᠭᠠᠶ ᠬᠠᠷᠢᠭᠤᠴᠠᠯᠭ᠎ᠠ》 ᠪᠠᠨ ᠪᠣᠯᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠰᠡᠭᠦᠯᠡᠷ ᠨᠢ ᠨᠠᠮ ᠤ᠋ᠨ ᠤᠳᠠᠭ᠎ᠠ ᠪᠦᠷᠢ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠴᠥᠮ ᠠᠳᠠᠯᠢ ᠪᠤᠰᠤ ᠲᠠᠯ᠎ᠠ ᠡᠴᠡ ᠨᠠᠮ ᠡᠷᠬᠡᠪᠰᠢ ᠢᠮᠠᠭ᠍ᠲᠠ ᠠᠷᠠᠳ ᠤᠯᠡᠠ᠎ᠤ ᠠᠱᠢᠭ ᠲᠤᠰᠠ᠎ᠶ᠋ᠢ ᠲᠥᠯᠥᠭᠡᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠭ᠍ᠰᠠᠨ ᠪᠠᠢᠨ᠎ᠠ᠃ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠡᠴᠡ 《ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠍᠂ ᠳᠤᠮᠳᠠᠳᠤ ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌》 ᠡᠨᠡᠬᠦ᠌ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ《ᠳᠤᠮᠳᠠᠳᠤ ᠤᠯᠤᠰ᠎ᠤᠨ ᠡᠪ ᠬᠠᠮᠲᠤᠴᠤᠳ᠎ᠢ ᠤᠷᠮᠠᠱᠢᠭᠤᠯᠤᠨ ᠵᠣᠷᠢᠭ᠍ᠵᠢᠭᠤᠯᠵᠤ ᠲᠠᠰᠤᠷᠠᠯᠲᠠ ᠦᠭᠡᠢ ᠤᠷᠤᠭ᠍ᠰᠢᠯᠠᠭᠤᠯᠬᠤ ᠦᠨᠳᠦᠰᠦᠨ ᠬᠥᠳᠡᠯᠭᠡᠬᠦ᠌ ᠬᠦᠴᠦᠨ ᠮᠥᠨ》 ᠭᠡᠵᠦ᠍ ᠲᠣᠳᠣᠷᠬᠠᠢᠯᠠᠪᠠ᠃ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠠᠢ᠌ᠴᠢᠯᠠᠯᠳᠠ᠎ᠶ᠋ᠢᠨ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ 《ᠮᠠᠨ᠎ᠤ ᠨᠠᠮ᠎ᠤᠨ ᠵᠠᠭᠤᠨ ᠵᠢᠯ᠎ᠦᠨ ᠲᠡᠦᠬᠡ ᠪᠣᠯ ᠳᠠᠷᠤᠢ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠦᠢᠯᠡᠳᠦᠯᠭᠡᠵᠢᠭᠦᠯᠦᠭ᠌ᠰᠡᠨ ᠲᠡᠦᠬᠡ ᠮᠥᠨ᠂ ᠳᠠᠷᠤᠢ ᠨᠠᠮ ᠪᠣᠯᠤᠨ ᠠᠷᠠᠳ ᠲᠦᠮᠡᠨ ᠰᠡᠳᠭᠢᠯ ᠵᠢᠷᠦᠬᠡ᠎ᠪᠡᠨ ᠬᠣᠯᠪᠣᠵᠤ᠂ ᠠᠮᠢᠰᠭᠤᠭ᠎ᠠ᠎ᠪᠠᠨ ᠨᠢᠭᠡᠳᠭᠡᠵᠦ᠍᠂ ᠬᠤᠪᠢ ᠵᠠᠶᠠᠭ᠎ᠠ᠎ᠪᠠᠨ ᠬᠠᠮᠲᠤᠳᠭᠠᠭ᠍ᠰᠠᠨ ᠲᠡᠦᠬᠡ ᠮᠥᠨ》 ᠭᠡᠵᠦ᠍ ᠴᠢᠬᠤᠯᠠᠴᠢᠯᠠᠪᠠ᠃ ᠨᠠᠮ᠎ᠤᠨ ᠲᠦᠷᠦ᠍ ᠪᠠᠷᠢᠭ᠍ᠰᠠᠨ ᠬᠤᠭᠤᠴᠠᠭ᠎ᠠ ᠬᠡᠳᠦᠢ ᠤᠷᠳᠤ ᠪᠣᠯᠬᠤ ᠲᠤᠳᠤᠮ᠂ ᠲᠤᠯᠭᠠᠷᠠᠵᠤ ᠪᠠᠢᠭ᠎ᠠ ᠥᠷᠢᠰᠥᠯᠳᠦᠭᠡᠨ ᠲᠡᠳᠦᠢ ᠶᠡᠬᠡ ᠪᠤᠯᠵᠤ᠂ ᠨᠠᠮ᠎ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶ᠋ᠢ ᠲᠡᠳᠦᠢ ᠮᠠᠷᠲᠠᠵᠤ ᠪᠣᠯᠬᠤ ᠦᠭᠡᠢ᠃ ᠨᠡᠢᠭᠡᠮ ᠵᠢᠷᠤᠮᠲᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ ᠵᠠᠮ᠎ᠳᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠨᠠᠩ ᠪᠠᠲᠤ ᠴᠡᠭᠡᠵᠢᠯᠡᠵᠦ᠂ ᠰᠠᠢ᠌ᠨ ᠰᠠᠢᠬᠠᠨ ᠢᠷᠡᠭᠡᠳᠦᠢ᠎ᠶ᠋ᠢ ᠴᠣᠭ᠍ᠴᠠᠯᠠᠬᠤ ᠳ᠋ᠤ᠂ ᠡᠷᠬᠡᠪᠰᠢ ᠶᠡᠷᠦᠩᠬᠡᠶ ᠱᠦᠵᠢ ᠰᠢ ᠵᠢᠨ ᠫᠢᠩ ᠦᠨ ᠱᠠᠭᠠᠷᠳᠠᠯᠭ᠎ᠠ ᠶᠣᠰᠣᠭᠠᠷ᠂ ᠪᠦᠬᠦ᠌ ᠰᠡᠳᠭᠢᠯ ᠪᠦᠬᠦ᠌ ᠵᠣᠷᠢᠭ ᠢᠶᠠᠷ ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠢᠮᠠᠭ᠍ᠲᠠ ᠪᠠᠷᠢᠮᠲᠠᠯᠠᠵᠦ᠂ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠂ ᠰᠠᠢᠲᠤᠷ ᠬᠠᠮᠠᠭᠠᠯᠠᠬᠤ᠂ ᠰᠠᠢᠲᠤᠷ ᠬᠥᠭ᠌ᠵᠢᠭᠦᠯᠬᠦ᠌᠎ᠪᠡᠷ ᠦᠨᠳᠦᠰᠦᠨ ᠡᠭᠦᠷᠭᠡ ᠪᠣᠯᠭᠠᠵᠦ᠂ ᠠᠷᠠᠳ ᠲᠦᠮᠡᠨ ᠬᠦᠷᠢᠶᠡᠯᠡᠬᠦ᠌ ᠡᠰᠡᠬᠦ᠂ ᠵᠥᠪᠱᠢᠶᠡᠷᠡᠬᠦ ᠡᠰᠡᠬᠦ᠂ ᠪᠠᠶᠠᠷᠯᠠᠬᠤ ᠡᠰᠡᠬᠦ ᠪᠡᠷ ᠠᠯᠢᠪᠠ ᠠᠵᠢᠯ᠎ᠤᠨ ᠣᠯᠵᠤ ᠠᠯᠳᠠᠬᠤ᠎ᠶ᠋ᠢ ᠬᠡᠮᠵᠢᠬᠦ᠌ ᠦᠨᠳᠦᠰᠦᠨ ᠪᠠᠷᠢᠮᠵᠢᠶ᠎ᠠ ᠪᠣᠯᠭᠠᠵᠦ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠦ ᠨᠡᠩ ᠢᠯᠡᠭᠦᠦ ᠬᠦᠷᠲᠡᠭᠡᠵᠦ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠶ ᠪᠤᠯᠭᠠᠬᠤ ᠬᠡᠷᠡᠭᠲᠡᠢ᠃
(《ᠰᠤᠷᠤᠯᠴᠠᠯᠭᠠᠢ᠋ᠢᠨ ᠬᠦᠴᠦᠷᠭᠡᠭ ᠤᠯᠤᠰ》 ᠰᠢᠯᠵᠢᠶ᠎ᠡ ᠡᠴᠡ ᠬᠠᠨ ᠯᠢᠩ ᠯᠢᠩ ᠤᠷᠴᠢᠭᠤᠯᠪᠠ)