ᠳᠤᠮᠳᠠᠳᠤ ᠤᠯᠤᠰ ᠎ᠤᠨ ᠡᠪ ᠬᠠᠮᠲᠤ ᠨᠠᠮ ᠭᠡᠭᠴᠢ 《ᠶᠠᠮᠠᠷ ᠨᠠᠮ ᠪᠤᠢ ᠂ ᠶᠠᠭᠤ ᠬᠢᠬᠦ᠌ ᠪᠤᠢ 》 ᠭᠡᠬᠦ ᠦᠨᠳᠦᠰᠦᠨ ᠠᠰᠠᠭᠤᠳᠠᠯ ᠎ᠢ ᠪᠠᠲᠤ ᠴᠡᠭᠡᠵᠢᠯᠡᠬᠦ᠌ ᠬᠡᠷᠡᠭ᠌ᠲᠡᠢ
2021-12-27 10:15:10
ᠵᠣᠬᠢᠶᠠᠭ᠍ᠴᠢ᠄
ᠵᠢᠶᠠ ᠵᠧᠨ ᠵᠧᠨ ᠯᠦ᠍ ᠱᠢᠶᠤᠤ ᠯᠢᠦ ᠶᠠᠩ ᠶᠤᠸᠠᠢ
ᠣᠩᠱᠢᠭ᠍ᠰᠠᠨ ᠣᠳᠠᠭ᠎ᠠ᠄
★★★☆☆

ᠤᠭ ᠰᠠᠨᠠᠭ᠎ᠠ᠎ᠪᠠᠨ ᠦᠯᠦ᠍ ᠮᠠᠷᠲᠠᠪᠠᠰᠤ ᠡᠴᠦᠰ᠎ᠦᠨ ᠢᠯᠠᠯᠲᠠ᠎ᠶ᠋ᠢ ᠣᠯᠵᠤ ᠴᠢᠳᠠᠮᠤᠢ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ《ᠨᠠᠮ᠎ᠤᠨ ᠵᠠᠭᠤᠨ ᠵᠢᠯ ᠤ᠋ᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ ᠎ᠶ᠋ᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ ᠎ᠤ ᠱᠢᠢᠳᠪᠦᠷᠢ》 ᠳ᠋ᠤ᠂ ᠪᠦᠬᠦ᠌ ᠨᠠᠮ ᠎ᠢᠶᠠᠷ ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠭᠡᠭᠴᠢ 《ᠶᠠᠮᠠᠷ ᠨᠠᠮ ᠪᠤᠢ᠂ ᠶᠠᠭᠤ ᠬᠢᠬᠦ᠌ ᠪᠤᠢ》 ᠭᠡᠬᠦ᠌ ᠡᠨᠡ ᠬᠦ᠌ ᠦᠨᠳᠦᠰᠦᠨ ᠠᠰᠠᠭᠤᠳᠠᠯ᠎ᠢ ᠪᠠᠲᠤ ᠴᠡᠭᠡᠵᠢᠯᠡᠵᠦ᠍᠂ ᠲᠡᠦᠬᠡ᠎ᠶ᠋ᠢᠨ ᠬᠥᠭ᠌ᠵᠢᠯᠲᠡ᠎ᠶ᠋ᠢᠨ ᠶᠡᠬᠡ ᠬᠠᠨᠳᠤᠰᠢ ᠶ᠋ᠢ ᠡᠵᠡᠮᠳᠡᠠ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠎ᠪᠠᠨ ᠪᠠᠲᠤ ᠴᠡᠭᠡᠵᠢᠯᠡᠵᠦ᠍᠂ ᠢᠮᠠᠭ᠍ᠲᠠ ᠳᠠᠷᠤᠤ ᠬᠢᠴᠢᠶᠡᠩᠭᠦᠢ᠂ ᠪᠠᠷᠳᠠᠮᠨᠠᠬᠤ ᠦᠭᠡᠢ᠂ ᠪᠠᠴᠢᠮᠳᠠᠬᠤ ᠦᠭᠡᠢ᠂ ᠲᠡᠰᠪᠦᠷᠢ ᠬᠠᠲᠠᠭᠤᠵᠢᠯᠲᠠᠢ ᠲᠡᠮᠡᠴᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ 《ᠶᠠᠮᠠᠷ ᠨᠠᠮ ᠪᠤᠢ᠂ ᠶᠠᠭᠤ ᠬᠢᠬᠦ᠌  ᠪᠤᠢ》 ᠭᠡᠬᠦ᠌ ᠡᠨᠡ  ᠬᠦ᠌ ᠦᠨᠳᠦᠰᠦᠨ ᠠᠰᠠᠭᠤᠳᠠᠯ  ᠨᠢ ᠮᠠᠨ᠎ᠤ ᠨᠠᠮ᠎ᠤᠨ ᠬᠠᠮᠢᠭ᠎ᠠ᠎ᠠᠴᠠ ᠢᠷᠡᠭ᠌ᠰᠡᠨ᠂ ᠶᠠᠮᠠᠷ ᠶᠠᠩᠵᠤ᠎ᠶ᠋ᠢᠨ᠂ ᠬᠠᠮᠢᠭᠠᠰᠢ ᠶᠠᠪᠤᠬᠤ ᠎ᠲᠠᠶ ᠬᠣᠯᠪᠣᠭ᠍ᠳᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠢᠯᠡᠷᠡᠭᠦᠯᠤᠨ᠂ ᠨᠠᠮ᠎ᠤᠨ ᠦᠨᠳᠦᠰᠦᠨ ᠵᠣᠷᠢᠯᠲᠠ ᠪᠣᠯᠤᠨ ᠲᠡᠮᠡᠴᠡᠬᠦ᠌ ᠬᠠᠷᠠᠯᠲᠠ᠎ᠶ᠋ᠢ ᠨᠢᠭ᠍ᠲᠠᠷᠠᠭᠤᠯᠵᠤ᠂ ᠮᠠᠨ᠎ᠤ ᠠᠭᠤᠤ ᠶᠡᠬᠡ ᠬᠦᠰᠡᠯ ᠵᠡᠭᠦᠳᠦ᠍ ᠎ᠪᠡᠨ ᠲᠣᠭ᠍ᠲᠠᠭᠠᠨ ᠡᠷᠡᠮᠡᠬᠡᠢᠯᠡᠨ ᠤᠷᠤᠭ᠍ᠰᠢᠯᠠᠬᠤ ᠢᠯᠡ ᠲᠣᠳᠣᠷᠬᠠᠢ ᠲᠤᠭ ᠲᠡᠮᠳᠡᠭ ᠪᠣᠯᠪᠠ᠃

ᠨᠢᠭᠡ᠂ 《ᠶᠠᠮᠠᠷ ᠨᠠᠮ ᠪᠤᠢ᠂ ᠶᠠᠭᠤ ᠬᠢᠬᠦ᠌ ᠪᠤᠢ》 ᠭᠡᠬᠦ᠌ ᠡᠨᠡ ᠬᠦ᠌ ᠦᠨᠳᠦᠰᠦᠨ ᠠᠰᠠᠭᠤᠳᠠᠯ ᠎ᠳᠤ ᠮᠠᠨ᠎ᠤ ᠨᠠᠮ᠎ᠤᠨ ᠱᠢᠨᠵᠢ ᠴᠢᠨᠠᠷ᠂ ᠵᠣᠷᠢᠯᠲᠠ ᠠᠭᠤᠯᠤᠭ᠍ᠳᠠᠵᠤ᠂ ᠮᠠᠨ᠎ᠤ ᠨᠠᠮ᠎ᠤᠨ ᠳᠡᠭᠡᠳᠦ ᠬᠡᠮᠵᠢᠶᠡᠨ᠎ᠦ ᠰᠡᠷᠭᠡᠭ ᠪᠠᠢᠳᠠᠯ ᠪᠠ ᠲᠡᠦᠬᠡ᠎ᠶ᠋ᠢᠨ ᠤᠬᠠᠮᠰᠠᠷ᠎ᠢ ᠢᠯᠡᠷᠡᠭᠦᠯᠦᠭ᠌ᠰᠡᠨ ᠪᠠᠢᠨ᠎ᠠ᠃ ᠵᠠᠭᠤᠨ ᠵᠢᠯ᠎ᠦᠨ ᠲᠡᠮᠡᠴᠡᠯ᠎ᠦᠨ ᠦᠢᠯᠡᠳᠦᠯᠭᠡ ᠳᠤᠮᠳᠠ᠂ ᠮᠠᠨ᠎ᠤ ᠨᠠᠮ ᠢᠮᠠᠭ᠍ᠲᠠ ᠮᠠᠷᠺᠰ᠎ᠤᠨ ᠦᠵᠡᠯ᠎ᠦᠨ ᠲᠤᠭ᠎ᠢ ᠥᠨᠳᠥᠷ ᠮᠠᠨᠳᠤᠭᠤᠯᠵᠤ᠂ 《ᠶᠠᠮᠠᠷ ᠨᠠᠮ ᠪᠤᠢ᠂ ᠶᠠᠭᠤ ᠬᠢᠬᠦ᠌ ᠪᠤᠢ》 ᠭᠡᠬᠦ᠌ ᠡᠨᠡ ᠬᠦ᠌ ᠦᠨᠳᠦᠰᠦᠨ ᠠᠰᠠᠭᠤᠳᠠᠯ᠎ᠢ ᠪᠠᠲᠤ ᠴᠡᠭᠡᠵᠢᠯᠡᠵᠦ᠍᠂ ᠶᠠᠮᠠᠷᠪᠠ ᠠᠶᠤᠯ ᠲᠦᠭ᠌ᠰᠢᠭᠦᠷᠢ᠎ᠡᠴᠡ ᠠᠶᠤᠬᠤ ᠦᠭᠡᠢ᠂ ᠶᠠᠮᠠᠷᠪᠠ ᠬᠠᠷᠱᠢᠯᠠᠯ᠎ᠳᠤ ᠲᠥᠭᠡᠷᠢᠭ᠌ᠳᠡᠬᠦ᠌ ᠦᠭᠡᠢ ᠪᠠᠢᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠯᠢ ᠤᠯᠠᠨ ᠠᠭᠤᠤ ᠶᠡᠬᠡ ᠢᠯᠠᠯᠲᠠ᠎ᠶ᠋ᠢ ᠲᠡᠮᠡᠴᠡᠨ ᠣᠯᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠪᠤᠯᠬᠤ ᠪᠤᠢ᠂ ᠳᠤᠮᠳᠠᠳᠤ ᠤᠯᠤᠰ᠎ᠤᠨ ᠣᠨᠴᠠᠯᠢᠭ ᠎ᠲᠠᠶ ᠨᠡᠢᠭᠡᠮ ᠵᠢᠷᠤᠮ ᠶᠠᠭᠠᠬᠢᠭᠠᠳ ᠰᠠᠢ᠌ᠨ ᠪᠤᠢ᠂ ᠡᠴᠦᠰ᠎ᠦᠨ ᠡᠴᠦᠰ᠎ᠲᠡᠬᠡᠨ ᠮᠠᠷᠺᠰ᠎ᠤᠨ ᠦᠵᠡᠯ᠎ᠡᠴᠡ ᠪᠣᠯᠤᠭ᠍ᠰᠠᠨ ᠶᠤᠮ》 ᠭᠡᠬᠦ᠌ ᠱᠢᠨᠵᠢᠯᠡᠬᠦ᠌ ᠤᠬᠠᠭᠠᠨᠴᠢ ᠴᠢᠨᠠᠷ᠂ ᠦᠨᠡᠨ ᠶᠣᠰᠣᠴᠢ ᠴᠢᠨᠠᠷ ᠎ᠢ ᠠᠮᠢᠳᠤᠯᠢᠭ ᠎ᠢᠶᠠᠷ ᠲᠠᠢᠯᠪᠤᠷᠢᠯᠠᠪᠠ᠃

《ᠶᠠᠮᠠᠷ ᠨᠠᠮ ᠪᠤᠢ᠂ ᠶᠠᠭᠤ ᠬᠢᠬᠦ᠌ ᠪᠤᠢ 》 ᠭᠡᠬᠦ᠌ ᠡᠨᠡ ᠬᠦ᠌ ᠦᠨᠳᠦᠰᠦᠨ ᠠᠰᠠᠭᠤᠳᠠᠯ᠎ᠢ ᠪᠠᠲᠤ ᠴᠡᠭᠡᠵᠢᠯᠡᠵᠦ᠍᠂ ᠮᠠᠨ᠎ᠤ ᠨᠠᠮ ᠢᠮᠠᠭ᠍ᠲᠠ ᠠᠷᠠᠳ ᠲᠦᠮᠡᠨ᠎ᠦ ᠵᠣᠭ᠍ᠰᠣᠯᠲᠠ᠎ᠳᠤ ᠪᠠᠲᠤ ᠵᠣᠭ᠍ᠰᠣᠵᠤ᠂ ᠠᠷᠠᠳ ᠤᠯᠠᠨ᠎ᠯᠤᠭ᠎ᠠ᠎ᠶ᠋ᠢᠨ ᠵᠢᠭᠠᠰᠤ ᠤᠰᠤᠨ᠎ᠤ ᠭᠦᠨ ᠵᠤᠵᠠᠭᠠᠨ ᠬᠠᠢᠷ᠎ᠠ ᠰᠡᠳᠭᠢᠯᠭᠡ᠂ ᠴᠢᠰᠤ ᠮᠢᠬᠠᠨ᠎ᠤ ᠬᠠᠷᠢᠴᠠᠭ᠎ᠠ᠂ ᠬᠠᠮᠤᠭ᠎ᠤᠨ ᠥᠷᠭᠡᠨ ᠳᠡᠯᠭᠡᠷ ᠬᠠᠮᠤᠭ᠎ᠤᠨ ᠨᠠᠢᠳᠠᠪᠤᠷᠢᠲᠠᠢ ᠬᠠᠮᠤᠭ᠎ᠤᠨ ᠪᠠᠲᠤ ᠪᠡᠬᠢ ᠤᠯᠠᠨ ᠲᠦᠮᠡᠨ᠎ᠦ ᠰᠠᠭᠤᠷᠢ ᠪᠠ ᠳᠠᠭᠤᠰᠤᠰᠢ ᠦᠭᠡᠢ ᠬᠦᠴᠦᠨ ᠴᠢᠳᠠᠯ᠎ᠤᠨ ᠡᠬᠢ ᠪᠤᠯᠠᠭ᠎ᠢ ᠪᠤᠢ ᠪᠣᠯᠭᠠᠭ᠍ᠰᠠᠨ ᠶᠤᠮ᠃ ᠨᠠᠮ᠎ᠤᠨ ᠠᠭᠤᠤ ᠶᠡᠬᠡ ᠨᠢ ᠠᠯᠳᠠᠭ᠎ᠠ ᠪᠤᠷᠤᠭᠤ ᠭᠠᠷᠭᠠᠬᠤ ᠦᠭᠡᠢ᠎ᠳᠦ ᠪᠠᠢᠬᠤ ᠪᠢᠰᠢ᠂ ᠬᠠᠷᠢᠨ ᠶᠡᠷᠦ᠍᠎ᠡᠴᠡ ᠡᠪᠡᠳᠴᠢᠨ᠎ᠢᠶᠡᠨ ᠨᠢᠭᠤᠭᠠᠳ ᠡᠮᠨᠡᠭᠦᠯᠬᠦ᠌ ᠦᠭᠡᠢ᠂ ᠱᠢᠭᠦᠮᠵᠢᠯᠡᠯ ᠪᠠ ᠥᠪᠡᠷ ᠎ᠦᠨ ᠱᠢᠭᠦᠮᠵᠢᠯᠡᠯ ᠎ᠢ ᠢᠳᠡᠪᠬᠢᠲᠡᠢ ᠥᠷᠨᠢᠭᠦᠯᠵᠦ᠍᠂ ᠵᠣᠷᠢᠭ᠍ᠲᠠᠢ ᠎ᠪᠠᠷ ᠠᠰᠠᠭᠤᠳᠠᠯ᠎ᠳᠤ ᠱᠢᠭᠤᠳ ᠬᠠᠨᠳᠤᠵᠤ᠂ ᠵᠣᠷᠢᠭ᠍ᠲᠠᠢ ᠎ᠪᠠᠷ ᠥᠪᠡᠷ ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠎ᠳᠦ ᠪᠠᠢᠨ᠎ᠠ᠃ ᠬᠦ᠋ ᠲᠢᠶᠠᠨ᠎ᠤ ᠬᠤᠷᠠᠯ᠎ᠠᠴᠠ ᠶᠠᠨ ᠠᠨ᠎ᠤ ᠰᠤᠷᠲᠠᠯ ᠴᠡᠭ᠌ᠴᠡᠯᠡᠯᠲᠡ ᠬᠦᠷᠲᠡᠯ᠎ᠡ᠂ ᠰᠠᠮᠠᠭᠤᠷᠠᠯ᠎ᠢ ᠵᠠᠰᠠᠨ ᠵᠦᠭ᠌ᠰᠢᠷᠡᠭᠦᠯᠦᠭ᠌ᠰᠡᠨ ᠎ᠡᠴᠡ ᠥᠭᠡᠷᠡᠴᠢᠯᠡᠯᠲᠡ ᠨᠡᠭᠡᠭᠡᠯᠳᠠ ᠬᠢᠭ᠌ᠰᠡᠨ ᠬᠦᠷᠲᠡᠯ᠎ᠡ᠂ 《ᠲᠦᠷᠪᠡᠨ ᠰᠤᠷᠲᠠᠯ》  ᠢ᠋ ᠵᠠᠯᠠᠷᠠᠭᠤᠯᠤᠨ ᠵᠠᠰᠠᠭ᠍ᠰᠠᠨ ᠡᠴᠠ ᠨᠠᠮ᠎ᠤᠨ ᠳᠣᠲᠣᠭᠠᠳᠤᠬᠢ ᠬᠢᠨᠠᠯᠲᠠ ᠲᠠᠯᠪᠢᠬᠤ ᠱᠢᠰᠲ᠋ᠧᠮ᠎ᠢ ᠲᠡᠭᠦᠯᠳᠡᠷᠵᠢᠭᠦᠯᠦᠭ᠌ᠰᠡᠨ ᠬᠦᠷᠲᠡᠯ᠎ᠡ᠂ ᠮᠠᠨ᠎ᠤ ᠨᠠᠮ ᠮᠤᠬᠤᠷᠳᠠᠯ᠎ᠳᠤ ᠲᠤᠯᠭᠠᠷᠠᠭ᠍ᠰᠠᠨ ᠦᠶ᠎ᠡ ᠳ᠋ᠤ ᠡᠷᠡᠰ ᠱᠢᠭᠤᠷᠬᠠᠢ ᠎ᠪᠠᠷ ᠡᠷᠡᠯᠬᠡᠭ᠌ᠯᠡᠨ ᠪᠣᠰᠴᠤ᠌᠂ ᠲᠤᠢᠯ᠎ᠤᠨ ᠬᠦᠴᠢᠷ ᠪᠡᠷᠬᠡᠱᠢᠶᠡᠯ ᠎ᠦᠨ ᠳᠤᠮᠳᠠ ᠬᠥᠭ᠌ᠵᠢᠨ ᠪᠤᠵᠠᠭᠠᠢᠷᠠᠵᠤ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠠᠷᠢᠭᠤᠨ ᠴᠢᠨᠠᠷ ᠎ᠢ ᠰᠤᠯᠠᠷᠠᠭᠤᠯᠬᠤ ᠠᠯᠢᠪᠠ ᠦᠵᠡᠭ᠌ᠳᠡᠯ ᠎ᠲᠡᠶ ᠡᠷᠡᠰ ᠲᠡᠮᠡᠴᠡᠯ ᠬᠢᠵᠦ᠍᠂ ᠮᠠᠭᠤ᠎ᠶ᠋ᠢ ᠨᠢ ᠮᠠᠭᠤᠱᠢᠶᠠᠵᠤ ᠰᠠᠢ᠌ᠨ᠎ᠢ ᠨᠢ ᠰᠠᠢᠱᠢᠶᠠᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ ᠎ᠶ᠋ᠢ ᠴᠢᠩᠳᠠᠯᠠᠵᠤ᠂ ᠢᠮᠠᠭ᠍ᠲᠠ ᠵᠥᠪ ᠴᠢᠭ᠌ᠯᠡᠯ ᠎ᠢᠶᠡᠷ ᠤᠷᠤᠭ᠍ᠰᠢᠯᠠᠵᠠᠢ᠃ 《ᠶᠠᠮᠠᠷ ᠨᠠᠮ ᠪᠤᠢ᠂ ᠶᠠᠭᠤ ᠬᠢᠬᠦ᠌ ᠪᠤᠢ》᠎ᠶ᠋ᠢ ᠲᠣᠳᠣᠷᠬᠠᠢᠯᠠᠭ᠍ᠰᠠᠨ᠎ᠠᠴᠠ ᠮᠠᠨ᠎ᠤ ᠨᠠᠮ ᠰᠠᠶᠢ ᠰᠠᠮᠠᠭᠤᠷᠠᠯ᠎ᠢ ᠵᠠᠰᠠᠵᠤ ᠮᠠᠨᠳᠤᠵᠤ ᠪᠠᠭᠤᠷᠠᠬᠤ ᠲᠡᠦᠬᠡᠨ ᠦᠶᠡᠯᠡᠯ᠎ᠦᠨ ᠳᠠᠪᠲᠠᠮᠵᠢ᠎ᠠᠴᠠ ᠳᠠᠪᠠᠵᠤ᠂ ᠡᠷᠡᠯᠬᠡᠭ᠌ᠯᠡᠨ ᠤᠷᠤᠭ᠍ᠰᠢᠯᠠᠬᠤ ᠳᠦᠷᠰᠦ ᠪᠠᠢᠳᠠᠯ ᠵᠢᠡᠨ ᠢᠮᠠᠭ᠍ᠲᠠ ᠪᠠᠲᠤᠯᠠᠵᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠣᠯᠤᠭ᠍ᠰᠠᠨ ᠶᠤᠮ᠃

ᠬᠣᠶᠠᠷ᠂ ᠵᠠᠭᠤᠨ ᠵᠢᠯ᠎ᠦᠨ ᠠᠶᠠᠨ ᠵᠠᠮ ᠰᠦᠷ ᠳᠠᠯᠠᠢᠴᠠᠲᠠᠢ᠂ ᠵᠠᠭᠤᠨ ᠵᠢᠯ᠎ᠦᠨ ᠤᠬ ᠰᠠᠨᠠᠭ᠎ᠠ ᠶᠠᠪᠤᠬᠤ ᠲᠤᠳᠤᠮ ᠪᠡᠬᠢᠵᠢᠪᠡ᠃ ᠮᠠᠨ᠎ᠤ ᠨᠠᠮ᠎ᠤᠨ ᠵᠠᠭᠤᠨ ᠵᠢᠯ ᠪᠣᠯ 《 ᠶᠠᠮᠠᠷ ᠨᠠᠮ ᠪᠤᠢ᠂ ᠶᠠᠭᠤ ᠬᠢᠬᠦ᠌ ᠪᠤᠢ》᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠤᠯᠠᠷᠢᠯ ᠬᠤᠪᠢᠰᠤᠯᠲᠠ ᠎ᠶ᠋ᠢ ᠲᠤᠭᠤᠯᠤᠭ᠍ᠰᠠᠨ ᠴᠤ᠌ ᠮᠥᠨ ᠯᠡ ᠠᠷᠢᠭᠤᠨ ᠴᠠᠭᠠᠨ ᠰᠡᠳᠭᠢᠯ᠎ᠢ ᠡᠪᠦᠷᠯᠡᠵᠦ᠍᠂ ᠬᠠᠯᠠ ᠵᠣᠪᠠᠯᠠᠩ ᠎ᠢ ᠬᠠᠱᠢᠷᠠᠲᠠᠯ᠎ᠠ ᠠᠮᠰᠠᠭ᠍ᠰᠠᠨ ᠴᠤ᠌ ᠮᠥᠨ ᠯᠡ ᠤᠤᠷ ᠴᠢᠨᠠᠷ ᠎ᠢᠶᠠᠨ ᠪᠠᠲᠤ ᠰᠠᠬᠢᠬᠰᠠᠨ ᠵᠠᠭᠤᠨ ᠵᠢᠯ ᠮᠥᠨ᠂ 《ᠶᠠᠮᠠᠷ ᠨᠠᠮ ᠪᠤᠢ᠂ ᠶᠠᠭᠤ ᠬᠢᠬᠦ᠌ ᠪᠤᠢ》᠎ᠶ᠋ᠢ ᠲᠠᠰᠤᠷᠠᠯᠲᠠ ᠦᠭᠡᠢ ᠲᠠᠢᠯᠪᠤᠷᠢᠯᠠᠵᠤ᠂ ᠬᠦᠴᠢᠷ ᠪᠡᠷᠬᠡᠱᠢᠶᠡᠯ᠎ᠢ ᠢᠯᠠᠨ ᠳᠠᠪᠠᠵᠤ ᠰᠠᠭᠤᠷᠢ ᠲᠠᠯᠪᠢᠨ ᠦᠢᠯᠡᠰ ᠪᠤᠰᠭᠠᠵᠤ᠂ ᠭᠡᠷᠡᠯ ᠰᠠᠴᠤᠷᠠᠩᠭᠤᠢ ᠦᠢᠯᠡᠰ᠎ᠢ ᠡᠭᠦᠳᠦᠨ ᠪᠦᠲᠦᠭᠡᠵᠦ᠍ ᠢᠷᠡᠭᠡᠳᠦᠢ᠎ᠪᠡᠨ ᠨᠡᠭᠡᠭᠡᠬᠦ᠌ ᠵᠠᠭᠤᠨ ᠵᠢᠯ ᠮᠥᠨ᠃ ᠤᠷᠳᠤ ᠵᠠᠮ᠎ᠤᠨ ᠠᠶᠠᠨ ᠲᠠᠢ᠌ᠨ᠎ᠳᠦ ᠳᠤᠮᠳᠠᠴᠢ ᠎ᠪᠠᠷ 300 ᠮᠸᠲᠷ ᠪᠦᠷᠢ ᠎ᠳᠦ ᠨᠢᠭᠡ ᠤᠯᠠᠭᠠᠨ ᠴᠡᠷᠢᠭ ᠪᠡᠶ᠎ᠡ ᠦᠷᠡᠭ᠌ᠳᠡᠵᠠᠢ; ᠠᠮᠧᠷᠢᠺᠠ ᠎ᠶ᠋ᠢ ᠡᠰᠡᠷᠭᠦᠴᠡᠨ ᠰᠣᠯᠣᠩᠭᠣᠰ᠎ᠢ ᠲᠤᠰᠠᠯᠠᠵᠤ ᠪᠠᠢᠭ᠍ᠰᠠᠨ ᠦᠶ᠎ᠡ᠎ᠳᠦ᠂ 19.7 ᠲᠦᠮᠡ ᠭᠠᠷᠤᠶ ᠪᠠᠭᠠᠲᠤᠷ ᠬᠥᠪᠡᠭᠦᠳ ᠥᠬᠢᠳ ᠡᠬᠡ ᠤᠯᠤᠰ᠎ᠤᠨ᠎ᠢᠶᠠᠨ ᠲᠥᠯᠥᠭᠡ᠂ ᠠᠷᠠᠳ ᠲᠦᠮᠡᠨ᠎ᠦ᠎ᠪᠡᠨ ᠲᠥᠯᠥᠭᠡ᠂ ᠡᠩᠬᠡ ᠲᠠᠢᠪᠤᠩ᠎ᠤᠨ ᠲᠥᠯᠥᠭᠡ ᠡᠷᠬᠢᠮ ᠨᠠᠨᠳᠢᠨ ᠠᠮᠢ ᠨᠠᠰᠤ᠎ᠪᠠᠨ ᠵᠣᠷᠢᠭᠤᠯᠤᠭ᠍ᠰᠠᠨ  ᠶᠤᠮ; ᠬᠢᠵᠢᠭ ᠎ᠲᠡᠶ ᠲᠡᠮᠡᠴᠡᠬᠦ᠌ ᠲᠡᠮᠡᠴᠡᠯ ᠳᠤᠮᠳᠠ᠂ 460 ᠭᠠᠷᠤᠢ ᠲᠦᠮᠡᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠭᠠᠪᠱᠢᠭᠠᠢᠯᠠᠨ ᠲᠡᠮᠡᠴᠡᠵᠦ᠍᠂ 2. 5 ᠲᠦᠮᠡ ᠭᠠᠷᠤᠢ ᠱᠢᠯᠢᠳᠡᠭ ᠬᠥᠮᠦᠰ ᠲᠡᠮᠡᠴᠡᠯ ᠎ᠦᠨ ᠡᠮᠦᠨ᠎ᠡ ᠹᠷᠣᠨᠲ ᠎ᠲᠤ ᠲᠠᠩᠭᠠᠷᠢᠭ᠍ᠯᠠᠨ ᠨᠠᠮ ᠎ᠳᠤ ᠣᠷᠣᠪᠠ; ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠤᠮᠳᠠ᠂ ᠭᠠᠯ ᠤᠯᠠᠭᠠᠨ ᠨᠠᠮ᠎ᠤᠨ ᠲᠤᠭ ᠢᠮᠠᠭ᠍ᠲᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠭᠣᠣᠯ ᠳᠠᠢᠯᠠᠯᠳᠤᠭᠠᠨ᠎ᠤ ᠲᠠᠯᠠᠪᠤᠷ ᠎ᠲᠤ ᠥᠨᠳᠥᠷ ᠨᠠᠮᠢᠷᠠᠵᠠᠢ; ᠲᠦᠭ ᠲᠦᠮᠡᠨ ᠡᠪ ᠬᠠᠮᠲᠤ ᠨᠠᠮ᠎ᠤᠨ ᠭᠡᠱᠢᠭᠦᠨ ᠤ᠋ ᠥᠪᠡᠷ ᠥᠪᠡᠷ᠎ᠦᠨ ᠠᠵᠢᠯ ᠎ᠤᠨ ᠪᠠᠢᠷᠢ ᠳᠡᠭᠡᠷ᠎ᠡ ᠎ᠪᠡᠨ ᠭᠠᠷᠭᠠᠭ᠍ᠰᠠᠨ ᠪᠠᠭᠠᠲᠤᠷᠯᠢᠭ ᠦᠢᠯᠡ ᠠᠵᠢᠯᠯᠠᠭ᠎ᠠ ᠨᠢ ᠳᠡᠯᠡᠬᠡᠢ ᠳ᠋ᠠᠬᠢᠨ ᠎ᠳᠤ ᠬᠣᠪᠣᠷᠬᠠᠨ ᠪᠠᠢᠵᠤ᠂ ᠦᠷᠡᠭ᠌ᠳᠡᠯ ᠪᠠ ᠬᠤᠪᠢ ᠨᠡᠮᠡᠷᠢ ᠎ᠪᠡᠷ ᠬᠦᠰᠡᠯᠡᠩ ᠢᠲᠡᠭᠡᠯ ᠪᠢᠱᠢᠷᠡᠯ᠎ᠳᠡᠭᠡᠨ ᠦᠨᠡᠨᠴᠢ ᠱᠢᠳᠤᠷᠭᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠳᠠᠭᠠᠨ ᠴᠥᠬᠥᠷᠡᠰᠢ ᠦᠭᠡᠢ ᠲᠡᠮᠡᠴᠡᠭ᠌ᠰᠡᠨ ᠢᠷᠠᠭᠤ ᠭᠠᠢᠬᠠᠮᠱᠢᠭ᠍ᠲᠤ ᠲᠤᠤᠯᠢᠰ ᠎ᠢ ᠪᠢᠴᠢᠭ᠌ᠯᠡᠪᠡ᠃

ᠳᠤᠮᠳᠠᠳᠤ ᠤᠯᠤᠰ᠎ᠤᠨ ᠬᠤᠪᠢᠰᠭᠠᠯ᠂ ᠪᠦᠲᠦᠭᠡᠨ ᠪᠠᠢᠭᠤᠯᠤᠯᠲᠠ ᠪᠠ ᠥᠭᠡᠷᠡᠴᠢᠯᠡᠯᠲᠡ᠎ᠶ᠋ᠢᠨ ᠠᠶᠠᠨ ᠵᠠᠮ ᠎ᠳᠤ᠂ ᠮᠠᠨ᠎ᠤ ᠨᠠᠮ ᠢᠮᠠᠭ᠍ᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠬᠦᠴᠦᠷᠬᠡᠭ ᠳᠠᠢᠰᠤᠨ᠎ᠠᠴᠠ ᠠᠶᠤᠬᠤ ᠦᠭᠡᠢ᠂ ᠠᠶᠤᠯ ᠲᠦᠭ᠌ᠰᠢᠭᠦᠷᠢ᠎ᠡᠴᠡ ᠠᠶᠤᠬᠤ ᠦᠭᠡᠢ᠂ ᠵᠣᠷᠢᠭ᠍ᠲᠠᠢ ᠪᠡᠷ ᠲᠡᠮᠡᠴᠡᠵᠦ᠍᠂ ᠵᠣᠷᠢᠭ᠍ᠲᠠᠢ ᠪᠡᠷ ᠢᠯᠠᠯᠲᠠ ᠣᠯᠵᠤ᠂ ᠯᠤᠲᠤ ᠶᠡᠬᠡ ᠰᠥᠰᠥ᠍ ᠵᠣᠷᠢᠭ᠂ ᠬᠠᠳᠠᠨ ᠵᠣᠷᠢᠭ ᠪᠠ ᠤᠯᠠᠨ ᠡᠴᠡ ᠬᠡᠲᠦᠢᠳᠦᠭ᠌ᠰᠡᠨ ᠤᠶᠤᠨ ᠤᠬᠠᠭᠠᠨ ᠎ᠢᠶᠠᠷ ᠬᠦᠰᠡᠯᠡᠩ ᠢᠲᠡᠭᠡᠯ ᠪᠢᠱᠢᠷᠡᠯ᠂ ᠱᠢᠨᠵᠢ ᠴᠢᠨᠠᠷ ᠵᠣᠷᠢᠯᠲᠠ᠂ ᠬᠠᠷᠠᠯᠲᠠ ᠡᠭᠦᠷᠭᠡ ᠎ᠶ᠋ᠢ ᠠᠭᠤᠤ ᠶᠡᠬᠡ ᠲᠡᠮᠡᠴᠡᠯ ᠎ᠦᠨ ᠵᠣᠷᠢᠭ ᠰᠠᠨᠠᠭ᠎ᠠ ᠪᠣᠯᠭᠠᠨ ᠴᠣᠭ᠍ᠴᠠᠯᠠᠪᠠ᠃ ᠵᠢᠩᠭᠠᠩᠱᠠᠨ᠎ᠤ ᠵᠣᠷᠢᠭ ᠰᠠᠨᠠᠭ᠎ᠠ᠂ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠂ ᠶᠠᠨ ᠠᠨ᠎ᠤ ᠵᠣᠷᠢᠭ ᠰᠠᠨᠠᠭ᠎ᠠ᠎ᠠᠴᠠ 《ᠬᠣᠶᠠᠷ ᠪᠥᠮᠪᠥᠭᠡ ᠨᠢᠭᠡ ᠤᠳᠤᠨ》᠎ᠤ᠋ ᠵᠣᠷᠢᠭ ᠰᠠᠨᠠᠭ᠎ᠠ ᠬᠦᠷᠲᠡᠯ᠎ᠡ᠂ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ᠂ ᠭᠠᠵᠠᠷ ᠬᠥᠳᠡᠯᠦᠯᠲᠡ ᠲᠡᠶ ᠲᠡᠮᠡᠴᠡᠵᠦ᠍ ᠭᠠᠮᠱᠢᠭ᠎ᠠᠴᠠ ᠠᠪᠤᠷᠠᠬᠤ ᠵᠣᠷᠢᠭ ᠰᠠᠨᠠᠭ᠎ᠠ᠎ᠠᠴᠠ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠵᠣᠷᠢᠭ ᠰᠠᠨᠠᠭ᠎ᠠ᠂ ᠬᠢᠵᠢᠭ᠎ᠲᠡᠶ ᠲᠡᠮᠡᠴᠡᠬᠦ᠌ ᠵᠣᠷᠢᠭ ᠰᠠᠨᠠᠭ᠎ᠠ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠨᠤᠭᠤᠷᠠᠰᠢ ᠦᠭᠡᠢ ᠲᠡᠮᠡᠴᠡᠵᠦ᠍᠂ ᠴᠥᠬᠥᠷᠡᠰᠢ ᠦᠭᠡᠢ ᠲᠡᠮᠡᠴᠡᠠ᠂ ᠨᠢᠭᠡ ᠪᠦᠯᠦᠭ ᠱᠢᠷᠭᠠᠭᠤ ᠲᠡᠮᠡᠴᠡᠭ᠌ᠰᠡᠨ ᠪᠠᠭᠠᠲᠤᠷ ᠬᠥᠮᠦᠰ᠂ ᠥᠪᠡᠷ ᠎ᠢ᠎ᠪᠡᠨ ᠤᠮᠠᠷᠲᠠᠨ ᠬᠤᠪᠢ ᠨᠡᠮᠡᠷᠢ ᠦᠵᠡᠭᠦᠯᠦᠭ᠌ᠰᠡᠨ ᠲᠡᠷᠢᠭᠦᠨ᠎ᠦ ᠵᠢᠱ᠌ᠢᠶᠡᠴᠢ ᠴᠣᠯᠭᠣᠷᠠᠨ ᠭᠠᠷᠴᠤ᠌᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠴᠠᠳᠢᠭ᠎ᠢ ᠪᠦᠷᠢᠯᠳᠦᠭᠦᠯᠵᠦ᠍᠂ 《ᠶᠠᠮᠠᠷ ᠨᠠᠮ ᠪᠤᠢ᠂ ᠶᠠᠭᠤ ᠬᠢᠬᠦ᠌ ᠪᠤᠢ 》 ᠭᠡᠬᠦ᠌ ᠎ᠶ᠋ᠢ ᠦᠢᠯᠡᠳᠦᠯᠭᠡᠵᠢᠭᠦᠯᠬᠦ᠌ ᠴᠠᠭ ᠦᠶ᠎ᠡ ᠎ᠶ᠋ᠢᠨ ᠬᠡᠪ ᠳᠠᠭᠤᠷᠢᠶᠠᠯ ᠎ᠢ  ᠪᠤᠢ ᠪᠣᠯᠭᠠᠵᠠᠢ᠃

ᠭᠤᠷᠪᠠ᠂ ᠮᠢᠩᠭᠠᠨ ᠣᠨ ᠎ᠤ ᠠᠤᠭ᠎ᠠ ᠦᠢᠯᠡᠰ᠎ᠢ ᠪᠦᠲᠦᠭᠡᠬᠦ᠌ ᠎ᠳᠦ ᠵᠠᠭᠤᠨ ᠵᠢᠯ ᠪᠣᠯ ᠵᠥᠪᠬᠡᠨ ᠣᠷᠣᠱᠢᠯ ᠲᠡᠳᠦᠢ ᠶᠤᠮ᠃ ᠥᠨᠥᠳᠦᠷ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠨᠢᠭᠡᠨᠲᠡ ᠡᠬᠢᠯᠡᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠪᠦᠷᠢᠶ᠎ᠠ ᠨᠢᠭᠡᠨᠲᠡ ᠬᠠᠩᠭᠢᠨᠠᠯ᠎ᠠ᠃ ᠪᠢᠳᠡ ᠡᠷᠬᠡᠪᠰᠢ 《ᠶᠠᠮᠠᠷ ᠨᠠᠮ ᠪᠤᠢ᠂ ᠶᠠᠭᠤ ᠬᠢᠬᠦ᠌ ᠪᠤᠢ》 ᠭᠡᠬᠦ᠌ ᠡᠨᠡ ᠬᠦ᠌ ᠦᠨᠳᠦᠰᠦᠨ ᠠᠰᠠᠭᠤᠳᠠᠯ᠎ᠢ᠋ ᠤᠯᠠᠮ ᠴᠢᠨᠠᠭ᠍ᠰᠢᠳᠠ ᠪᠠᠲᠤ ᠴᠡᠭᠡᠵᠢᠯᠡᠵᠦ᠍᠂ ᠴᠥᠬᠥᠷᠡᠰᠢ ᠦᠭᠡᠢ ᠦᠷᠭᠦᠯᠵᠢᠯᠡᠨ ᠲᠡᠮᠡᠴᠡᠵᠦ᠍᠂ ᠱᠢᠨ᠎ᠡ ᠱᠢᠯᠭᠠᠯᠲᠠ᠎ᠶ᠋ᠢᠨ ᠵᠠᠮ ᠳᠡᠭᠡᠷ᠎ᠡ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ ᠬᠡᠷᠡᠭ᠌ᠲᠡᠢ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠎ᠪᠠᠷ ᠲᠠᠷᠢᠬᠢ ᠲᠣᠯᠣᠭᠠᠢ ᠎ᠪᠠᠨ ᠵᠡᠪᠰᠡᠭ᠌ᠯᠡᠬᠦ᠌᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠮᠠᠷᠺᠰ᠎ᠤᠨ ᠦᠵᠡᠯ᠎ᠦᠨ ᠵᠣᠭ᠍ᠰᠣᠯᠲᠠ ᠦᠵᠡᠯᠲᠡ ᠠᠷᠭ᠎ᠠ ᠎ᠪᠠᠷ ᠴᠠᠭ ᠦᠶ᠎ᠡ ᠎ᠶ᠋ᠢ ᠠᠵᠢᠭ᠍ᠯᠠᠵᠤ᠂ ᠴᠠᠭ ᠦᠶ᠎ᠡ᠎ᠶ᠋ᠢ ᠡᠵᠡᠮᠳᠡᠠ᠂ ᠴᠠᠭ ᠦᠶ᠎ᠡ ᠎ᠶ᠋ᠢ ᠳᠠᠭᠠᠭᠤᠯᠬᠤ ᠬᠡᠷᠡᠭ᠌ᠲᠡᠢ᠃ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠠᠷᠠᠳ ᠲᠦᠮᠡᠨ᠎ᠦ ᠲᠥᠯᠥᠭᠡ ᠬᠥᠭ᠌ᠵᠢᠭᠦᠯᠬᠦ᠌᠂ ᠠᠷᠠᠳ ᠲᠦᠮᠡᠨ᠎ᠳᠦ ᠲᠦᠰᠢᠭᠯᠡᠨ ᠬᠦᠭᠵᠢᠬᠦᠯᠬᠦ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ ᠳᠠᠢ ᠬᠠᠮᠲᠤ ᠎ᠪᠠᠷ ᠡᠳ᠋ᠯᠡᠭᠦᠯᠬᠦ᠌᠎ᠶ᠋ᠢ ᠪᠠᠷᠢᠮᠲᠠᠯᠠᠵᠤ᠂ ᠪᠦᠬᠦ᠌ ᠠᠷᠠᠳ ᠲᠦᠮᠡᠨ᠎ᠦ ᠬᠠᠮᠲᠤ ᠎ᠪᠠᠷ ᠴᠢᠨᠡᠭᠡᠯᠢᠭ᠌ᠵᠢᠬᠦ᠌ ᠵᠠᠮ ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ᠃

ᠨᠠᠮ᠎ᠤᠨ ᠲᠥᠯᠥᠭᠡ ᠰᠠᠨᠠᠭᠠᠱᠢᠷᠠᠬᠤ ᠰᠡᠳᠭᠢᠯ᠎ᠢ ᠦᠷᠭᠦᠯᠵᠢ ᠡᠪᠦᠷᠯᠡᠵᠦ᠍᠂ ᠠᠮᠤᠷ ᠲᠦᠪᠱᠢᠨ ᠪᠠᠢᠬᠤ᠎ᠳᠠᠭᠠᠨ ᠠᠶᠤᠯ ᠲᠦᠭ᠌ᠰᠢᠭᠦᠷᠢ᠎ᠶ᠋ᠢ ᠦᠯᠦ᠍ ᠮᠠᠷᠲᠠᠵᠤ᠂ ᠪᠣᠷᠣᠭᠠᠨ᠎ᠠᠴᠠ ᠡᠮᠦᠨ᠎ᠡ ᠪᠠᠢᠱᠢᠩ ᠢ᠋ᠢᠡᠨ ᠵᠠᠰᠠᠵᠤ᠂ ᠨᠠᠮ᠎ᠤᠨ ᠲᠡᠷᠢᠭᠦᠨ᠎ᠦ ᠴᠢᠨᠠᠷ᠎ᠢ ᠰᠤᠯᠠᠷᠠᠭᠤᠯᠬᠤ᠂ ᠨᠠᠮ᠎ᠤᠨ ᠴᠡᠪᠡᠷ ᠴᠢᠨᠠᠷ ᠎ᠢ ᠬᠣᠬᠢᠷᠠᠭᠤᠯᠬᠤ ᠠᠯᠢᠪᠠ ᠬᠦᠴᠦᠨ ᠵᠦᠢᠯ᠎ᠢ ᠡᠷᠡᠰ ᠠᠷᠢᠯᠭᠠᠵᠤ᠂ ᠨᠠᠮ᠎ᠤᠨ ᠪᠡᠶ᠎ᠡ ᠴᠣᠭ᠍ᠴᠠᠰ ᠳᠡᠭᠡᠷ᠎ᠡ ᠡᠭᠦᠰᠦᠭ᠌ᠰᠡᠨ ᠠᠯᠢᠪᠠ ᠬᠣᠣᠷᠲᠤ ᠬᠠᠪᠤᠳᠠᠷ᠎ᠢ ᠡᠷᠡᠰ ᠠᠷᠢᠯᠭᠠᠠ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠎ᠠᠴᠠ ᠲᠡᠷᠰᠯᠡᠭ᠌ᠰᠡᠨ᠂ ᠨᠠᠮ ᠎ᠤᠨ ᠰᠠᠭᠤᠷᠢ ᠶ᠋ᠢ ᠭᠤᠢᠪᠢᠯᠵᠠᠭᠤᠯᠬᠤ ᠠᠯᠢᠪᠠ ᠠᠶᠤᠯ ᠲᠦᠭ᠌ᠰᠢᠭᠦᠷᠢ ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠢ᠃ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠶᠡᠬᠡ ᠎ᠪᠡᠷ ᠪᠠᠳᠠᠷᠠᠭᠤᠯᠵᠤ᠂ ᠥᠴᠥᠭᠡᠳᠦᠷ᠎ᠦᠨ ᠬᠦᠴᠢᠷ ᠪᠡᠷᠬᠡᠱᠢᠶᠡᠯ ᠭᠡᠷᠡᠯ ᠰᠠᠴᠤᠷᠠᠩᠭᠤᠢ ᠲᠡᠦᠬᠡ ᠎ᠶ᠋ᠢ ᠦᠯᠦ᠍ ᠮᠠᠷᠲᠠᠨ᠂ ᠥᠨᠥᠳᠦᠷ᠎ᠦᠨ ᠡᠭᠦᠷᠭᠡ ᠬᠠᠷᠢᠭᠤᠴᠠᠯᠭ᠎ᠠ᠎ᠳᠠᠭᠠᠨ ᠣᠰᠣᠯᠳᠠᠬᠤ ᠦᠭᠡᠢ᠂ ᠮᠠᠷᠭᠠᠰᠢ᠎ᠶ᠋ᠢᠨ ᠠᠭᠤᠤ ᠶᠡᠬᠡ ᠬᠦᠰᠡᠯ ᠵᠡᠭᠦᠳᠦ᠍᠎ᠪᠡᠨ ᠦᠯᠦ᠍ ᠬᠥᠰᠡᠷᠳᠡᠭᠦᠯᠦᠨ᠂ ᠲᠡᠦᠬᠡ᠎ᠪᠡᠷ ᠲᠤᠯᠢ ᠪᠣᠯᠭᠠᠵᠤ᠂ ᠢᠷᠡᠭᠡᠳᠦᠢ᠎ᠪᠡᠨ ᠡᠭᠦᠳᠦᠨ ᠨᠡᠭᠡᠭᠡᠵᠦ᠍᠂ ᠱᠢᠷᠭᠠᠭᠤ ᠬᠠᠲᠠᠭᠤᠵᠢᠯᠲᠠᠢ ᠠᠵᠢᠯᠯᠠᠨ᠂ ᠡᠷᠡᠯᠬᠡᠭ᠌ᠯᠡᠨ ᠤᠷᠤᠭ᠍ᠰᠢᠯᠠᠬᠤ ᠬᠡᠷᠡᠭ᠌ᠲᠡᠢ᠃ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠡᠶ ᠪᠦᠯᠬᠦᠮᠳᠡᠵᠦ᠍᠂ ᠲᠠᠢ᠌ᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠲᠠᠢ᠌ᠴᠢᠯᠠᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠬᠤ ᠠᠮᠢᠳᠤᠯᠢᠭ ᠪᠠᠢᠳᠠᠯ᠎ᠢ ᠪᠦᠷᠢᠯᠳᠦᠭᠦᠯᠵᠦ᠍᠂ ᠳᠤᠮᠳᠠᠳᠤ ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠡᠩ ᠠᠭᠤᠤ ᠶᠡᠬᠡ ᠢᠯᠠᠯᠲᠠ ᠪᠠ ᠢᠷᠠᠭᠤ ᠠᠯᠳᠠᠷ᠎ᠢ ᠳᠡᠮᠡᠴᠡᠨ ᠤᠯᠬᠤ ᠬᠡᠷᠡᠭ᠌ᠲᠡᠢ᠃

(《ᠴᠢᠯᠥᠭᠡᠯᠡᠬᠦ᠌ ᠴᠡᠷᠢᠭ᠎ᠦᠨ ᠰᠣᠨᠢᠨ》 ᠡᠴᠠ ᠪᠤᠤ ᠢᠤᠢ ᠶᠢᠡᠭ ᠨᠠᠢᠷᠠᠭᠤᠯᠤᠨ ᠤᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号