ᠬᠦᠷᠢᠶ᠎ᠡ ᠬᠣᠱᠢᠭᠤ《ᠣᠯᠠᠨ ᠲᠦᠮᠡᠨ ᠰᠠᠨᠠᠯ ᠰᠠᠨᠠᠭᠤᠯᠭ᠎ᠠ ᠳᠤᠷᠠᠳᠴᠥ᠍ ᠰᠠᠯᠠᠭ᠎ᠠ ᠮᠥᠴᠢᠷ ᠬᠥᠯᠢᠶᠠᠨ ᠭᠦᠶ᠋ᠴᠡᠳᠭᠡᠬᠥ᠌ 》ᠵᠠᠬ᠍ᠪᠤᠷ ᠵᠢᠨᠷ ᠤᠯᠠᠨ ᠲᠥᠮᠡᠨ ᠳ᠋ᠤ ᠪᠤᠳᠠᠳᠤ ᠶᠠᠪᠤᠳᠠᠯ ᠬᠢᠵᠤ ᠥᠭ᠌ᠴᠥ ᠪᠤᠢ
2021-12-27 11:19:03
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠬᠦᠷᠢᠶ᠎ᠡ ᠬᠣᠱᠢᠭᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠦᠶ᠋ᠯᠡᠴᠢᠯᠡᠭᠡᠨ᠎ᠦ ᠬᠡᠯᠪᠡᠷᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠡᠭᠦᠳᠦᠨ ᠪᠠᠢᠭᠤᠯᠬᠤ᠎ᠪᠠᠷ ᠬᠠᠷᠠᠯᠲᠠ ᠪᠣᠯᠭᠠᠨ᠂《ᠣᠯᠠᠨ ᠲᠦᠮᠡᠨ ᠰᠠᠨᠠᠯ ᠰᠠᠨᠠᠭᠤᠯᠭ᠎ᠠ ᠳᠤᠷᠠᠳᠴᠥ᠍᠂ ᠰᠠᠯᠠᠭ᠎ᠠ ᠮᠥᠴᠢᠷ ᠬᠥᠯᠢᠶᠠᠨ ᠭᠦᠶ᠋ᠴᠡᠳᠭᠡᠬᠦ᠌》ᠠᠷᠠᠳ ᠲᠦᠮᠡᠨ᠎ᠳᠦ ᠦᠶ᠋ᠯᠡᠴᠢᠯᠡᠬᠦ᠌ ᠲᠣᠭ᠍ᠲᠠᠴᠠ᠎ᠶ᠋ᠢ ᠬᠦᠴᠦᠯᠡᠨ ᠠᠬᠢᠭᠤᠯᠵᠤ᠂ ᠦᠨᠡᠨ ᠬᠦ᠌ ᠪᠣᠳᠠᠲᠤ ᠶᠠᠪᠤᠳᠠᠯ ᠬᠢᠬᠥ᠌ ᠪᠠ ᠱᠢᠨ᠎ᠡ ᠪᠠᠢᠳᠠᠯ᠎ᠢ ᠡᠭᠦᠳᠬᠦ᠌ ᠲᠠᠯ᠎ᠠ᠎ᠪᠠᠷ ᠨᠠᠩ ᠣᠯᠠᠨ ᠪᠣᠳᠠᠲᠠᠶ ᠦᠷ᠎ᠡ ᠪᠦᠲᠦᠮᠵᠢ ᠤᠯᠵᠤ ᠪᠠᠢ᠌ᠨ᠎ᠠ ᠃

ᠰᠠᠭᠤᠭᠠᠯᠢ ᠠᠷᠠᠳ᠎ᠤᠨ ᠠᠩᠬᠠᠷᠤᠯ᠎ᠦᠨ ᠴᠡᠭ᠎ᠢ ᠲᠥᠪᠯᠡᠷᠡᠭᠦᠯᠵᠦ᠍᠂ ᠠᠷᠠᠳ᠎ᠤᠨ ᠪᠠᠢᠳᠠᠯ᠎ᠢ ᠰᠤᠷᠪᠤᠯᠵᠢᠯᠠᠨ ᠬᠦᠴᠢᠷ ᠠᠰᠠᠭᠤᠳᠠᠯ᠎ᠢ ᠱᠢᠢᠳᠪᠦᠷᠢᠯᠡᠪᠠ᠃ ᠣᠯᠠᠨ ᠠᠷᠭ᠎ᠠ ᠵᠠᠮ᠎ᠢᠶᠠᠷ ᠰᠤᠷᠠᠭ ᠵᠠᠩᠭᠢ ᠴᠤᠭ᠍ᠯᠠᠭᠤᠯᠵᠤ᠂ ᠬᠣᠱᠢᠭᠤᠨ᠎ᠤ ᠪᠠᠠ 78 ᠬᠠᠮᠲᠤ᠎ᠪᠠᠷ ᠪᠦᠲᠦᠭᠡᠨ ᠪᠠᠢᠭᠤᠯᠬᠤ ᠨᠢᠭᠡᠴᠢ᠎ᠵᠢᠨ ᠨᠠᠮ᠎ᠤᠨ ᠭᠡᠱᠢᠭᠦᠨ ᠺᠠᠳ᠋ᠷ᠂ ᠨᠡᠢᠭᠡᠮ ᠲᠣᠭᠣᠷᠢᠭ᠎ᠤᠨ ᠲᠣᠣᠷᠵᠢᠭᠤᠯᠤᠯᠲᠠ᠎ᠶ᠋ᠢᠨ ᠠᠵᠢᠯᠲᠠᠨ ᠪᠠ ᠨᠡᠢᠭᠡᠮ᠎ᠦᠨ ᠠᠵᠢᠯ᠎ᠤᠨ ᠺᠠᠳ᠋ᠷ᠎ᠤᠨ ᠳᠠᠭᠠᠭᠤᠯᠭ᠎ᠠ᠎ᠪᠠᠷ ᠨᠡᠢᠭᠡᠮ ᠲᠣᠭᠣᠷᠢᠭ᠎ᠲᠤ ᠭᠦᠨᠵᠡᠭᠡᠢᠷᠡᠨ᠂ ᠣᠯᠠᠨ ᠲᠦᠮᠡᠨ᠎ᠦ ᠳᠤᠮᠳᠠ ᠭᠦᠨᠵᠡᠭᠡᠢᠷᠡᠵᠦ᠍᠂ ᠳᠠᠭᠠᠭᠠᠴᠢᠯᠠᠨ ᠬᠠᠷᠢᠯᠴᠠᠬᠤ ᠤᠳᠤᠷᠢᠳᠭᠤ ᠺᠠᠳ᠋ᠷ ᠬᠢᠭᠡᠳ ᠨᠡᠢᠭᠡᠮ ᠲᠣᠭᠣᠷᠢᠭ᠎ᠤᠨ ᠨᠠᠮ ᠎ᠤᠨ ᠡᠭᠦᠷ᠎ᠦᠨ ᠱᠦᠵᠢ᠎ᠶ᠋ᠢᠨ ᠶᠡᠬᠡ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠥᠷᠨᠢᠭᠦᠯᠦᠨ᠂ ᠪᠠᠢᠴᠠᠭᠠᠯᠲᠠ᠎ᠶ᠋ᠢᠨ ᠠᠰᠠᠭᠤᠯᠲᠠ᠎ᠶ᠋ᠢᠨ ᠬᠠᠭᠤᠳᠠᠰᠤ ᠲᠠᠷᠬᠠᠭᠠᠬᠤ᠂ ᠡᠷᠦᠬᠡ᠎ᠳᠦ ᠬᠦᠷᠴᠦ᠍ ᠰᠠᠨᠠᠯ ᠰᠠᠨᠠᠭᠤᠯᠭ᠎ᠠ ᠬᠤᠷᠢᠶᠠᠬᠤ ᠵᠡᠷᠭᠡ ᠠᠷᠭ᠎ᠠ ᠬᠡᠯᠪᠡᠷᠢ᠎ᠪᠡᠷ ᠰᠠᠭᠤᠭᠠᠯᠢ ᠠᠷᠠᠳ᠎ᠤᠨ ᠳᠤᠷᠠᠳᠤᠭ᠍ᠰᠠᠨ ᠰᠠᠨᠠᠯ ᠰᠠᠨᠠᠭᠤᠯᠭ᠎ᠠ ᠵᠢ ᠨᠢᠭᠤᠷᠳᠠᠨ ᠴᠤᠭ᠍ᠯᠠᠭᠤᠯᠵᠠᠢ᠃

ᠨᠡᠢᠭᠡᠮ ᠲᠣᠭᠣᠷᠢᠭ᠎ᠢᠶᠠᠷ ᠨᠢᠭᠡᠴᠢ ᠪᠣᠯᠭᠠᠨ᠂ ᠨᠠᠮ᠎ᠤᠨ ᠭᠡᠱᠢᠭᠦᠨ᠂ ᠰᠠᠭᠤᠭᠠᠯᠢ ᠠᠷᠠᠳ᠎ᠤᠨ ᠲᠥᠯᠥᠭᠡᠯᠡᠭ᠌ᠴᠢ᠂《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》᠂ ᠨᠡᠢᠭᠡᠮ᠎ᠦᠨ ᠵᠣᠬᠢᠶᠠᠨ ᠪᠠᠢᠭᠤᠯᠤᠯᠲᠠ ᠎ᠶ᠋ᠢᠨ ᠲᠥᠯᠥᠭᠡᠯᠡᠭ᠌ᠴᠢ ᠵᠡᠷᠭᠡ᠎ᠶ᠋ᠢ ᠵᠣᠬᠢᠶᠠᠨ ᠪᠠᠢᠭᠤᠯᠵᠤ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠢᠵᠥ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠥᠷᠭᠡᠨ᠎ᠢᠶᠡᠷ ᠦᠢᠯᠠᠭᠠᠠ᠂ ᠰᠠᠨᠠᠯ ᠰᠠᠨᠠᠭᠤᠯᠭ᠎ᠠ  ᠵᠢᠨ ᠪᠦᠬᠦ᠌ ᠲᠠᠯᠠᠲᠤ ᠴᠢᠨᠠᠷ᠂ ᠲᠥᠯᠥᠭᠡᠯᠡᠬᠦ᠌ ᠴᠢᠨᠠᠷ᠎ᠢ ᠦᠨᠡᠨ ᠬᠦ᠌ ᠪᠠᠲᠤᠯᠠᠪᠠ᠃ ᠨᠡᠢᠭᠡᠮ᠎ᠳᠦ ᠬᠠᠨᠳᠤᠭᠤᠯᠤᠨ ᠠᠷᠠᠳ᠎ᠤᠨ ᠰᠠᠨᠠᠯ᠎ᠢ ᠬᠤᠷᠢᠶᠠᠬᠤ ᠬᠠᠯᠠᠮᠱᠢᠯ ᠤᠲᠠᠰᠤ ᠨᠡᠢᠲᠡᠯᠡᠵᠦ᠍᠂ ᠡᠯ᠎ᠡ ᠲᠥᠷᠥᠯ᠎ᠦᠨ ᠠᠷᠠᠳ᠎ᠤᠨ ᠪᠠᠢᠳᠠᠯ᠎ᠤᠨ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠲᠡᠮᠳᠡᠭ᠌ᠯᠡᠨ ᠴᠤᠭ᠍ᠯᠠᠭᠤᠯᠵᠠᠢ᠃ ᠣᠳᠣ ᠣᠯᠠᠨ ᠲᠦᠮᠡᠨ ᠎ᠦ ᠲᠤᠰᠭᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠵᠠᠮ ᠬᠠᠷᠢᠯᠴᠠᠭᠠᠨ᠎ᠤ ᠬᠠᠮᠠᠭᠠᠯᠠᠯᠲᠠ ᠵᠢᠠ ᠲᠡᠯ᠎ᠠ ᠪᠠᠷ ᠬᠢ 6 ᠶᠡᠬᠡ ᠲᠥᠷᠥᠯ᠎ᠤᠨ 83 ᠭᠤᠤᠯᠳᠠᠯᠭ᠎ᠠ᠎ᠲᠠᠶ ᠠᠰᠠᠭᠤᠳᠠᠯ᠎ᠢ ᠴᠤᠭ᠍ᠯᠠᠭᠤᠯᠤᠨ᠂ ᠨᠢᠭᠡᠨᠲᠡ ᠠᠰᠠᠭᠤᠳᠠᠯ᠎ᠤᠨ ᠨᠠᠷᠢᠨ ᠲᠠᠩᠰᠠ᠎ᠶ᠋ᠢ ᠡᠮᠬᠢᠯᠡᠨ ᠪᠦᠷᠢᠯᠳᠦᠭᠦᠯᠵᠦ᠍᠂ ᠵᠦᠶ᠋ᠯ ᠳᠠᠷᠠᠭᠠᠯᠠᠨ ᠨᠠᠢᠳᠠᠪᠤᠷᠢᠵᠢᠭᠤᠯᠬᠤ᠎ᠶ᠋ᠢ ᠠᠬᠢᠭᠤᠯᠵᠤ ᠪᠠᠢ᠌ᠨ᠎ᠠ᠃

ᠡᠯ᠎ᠡ ᠰᠠᠯᠠᠭ᠎ᠠ ᠮᠥᠴᠢᠷ ᠬᠦᠴᠦ᠍᠎ᠪᠡᠨ ᠬᠠᠮᠲᠤᠳᠭᠠᠵᠤ᠂ ᠬᠠᠷᠢᠭᠤᠴᠠᠯᠭ᠎ᠠ᠎ᠶ᠋ᠢ ᠲᠣᠳᠣᠷᠬᠠᠢᠯᠠᠨ ᠳᠠᠷᠤᠭᠠᠰᠤ᠎ᠶ᠋ᠢ ᠬᠥᠩᠭᠡᠷᠡᠭᠦᠯᠪᠡ᠃ ᠬᠣᠱᠢᠭᠤᠨ᠎ᠤ ᠨᠠᠮ᠎ᠤᠨ ᠬᠣᠷᠢᠶ᠎ᠠ ᠲᠤᠰᠭᠠᠢᠯᠠᠨ《ᠣᠯᠠᠨ ᠲᠦᠮᠡᠨ ᠰᠠᠨᠠᠯ ᠰᠠᠨᠠᠭᠤᠯᠭ᠎ᠠ ᠳᠤᠷᠠᠳᠴᠥ᠍᠂ ᠰᠠᠯᠠᠭ᠎ᠠ ᠮᠥᠴᠢᠷ ᠬᠥᠯᠢᠶᠠᠨ ᠭᠦᠶ᠋ᠴᠡᠳᠭᠡᠬᠦ᠌》ᠣᠯᠠᠨ ᠲᠦᠮᠡᠨ ᠤ᠋ ᠪᠣᠳᠠᠲᠠᠶ ᠬᠦᠴᠢᠷᠳᠡᠯ᠎ᠢ ᠱᠢᠶ᠋ᠳᠪᠦᠷᠢᠯᠡᠬᠦ᠌ ᠵᠠᠭᠤᠨ ᠡᠳᠦᠷ᠎ᠦᠨ ᠠᠵᠢᠯᠯᠠᠭᠠᠨ᠎ᠤ ᠬᠤᠷᠠᠯ ᠬᠢᠵᠥ᠂ ᠡᠯ᠎ᠡ ᠰᠠᠯᠠᠭ᠎ᠠ ᠮᠥᠴᠢᠷ ᠪᠠ ᠨᠢᠭᠡᠴᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠰᠠᠨᠠᠭᠠᠴᠢᠯᠠᠭ᠎ᠠ᠎ᠠᠴᠠ᠎ᠪᠠᠨ ᠠᠰᠠᠭᠤᠳᠠᠯ ᠎ᠢ ᠭᠥᠯᠢᠶᠡᠨ ᠠᠪᠴᠤ᠌᠂ ᠦᠨᠡᠨ᠎ᠡᠴᠡ ᠵᠥᠪ᠎ᠢ ᠡᠷᠢᠬᠦ᠂ ᠴᠢᠳᠠᠯ᠎ᠤᠨ ᠬᠢᠷᠢ᠎ᠪᠡᠷ ᠬᠢᠬᠦ᠌ ᠵᠠᠷᠴᠢᠮ ᠶᠣᠰᠣᠭᠠᠷ᠂ ᠠᠷᠠᠳ᠎ᠤᠨ ᠳᠤᠷᠠᠳᠤᠬ᠍ᠰᠠᠨ ᠰᠠᠨᠠᠯ᠎ᠰᠠᠨᠠᠭᠤᠯᠭ᠎ᠠ ᠵᠢ ᠱᠢᠶ᠋ᠳᠪᠦᠷᠢᠯᠡᠬᠦ᠌ ᠴᠠᠭ᠎ᠤᠨ ᠬᠢᠵᠠᠭᠠᠷ ᠵᠢᠴᠢ ᠬᠠᠷᠢᠭᠤᠴᠠᠯᠭᠠᠲᠠᠨ᠎ᠢ ᠲᠣᠳᠣᠷᠬᠠᠢᠯᠠᠵᠤ᠂ ᠠᠰᠠᠭᠤᠳᠠᠯ᠎ᠢ ᠨᠢᠭᠡᠳ ᠨᠢᠭᠡ ᠪᠡᠷ ᠱᠢᠢᠳᠪᠥᠷᠢᠯᠡᠬᠥ᠌ ᠬᠡᠯᠪᠡᠷᠢ᠎ᠶ᠋ᠢᠨ ᠬᠠᠮᠢᠶᠠᠷᠤᠯᠲᠠ ᠵᠢ ᠬᠡᠷᠡᠭ᠌ᠵᠢᠭᠥᠯᠥᠨ᠂ ᠲᠥᠷᠥᠯ ᠵᠦᠶ᠋ᠯᠵᠢᠭᠦᠯᠦᠨ ᠠᠬᠢᠭᠤᠯᠵᠠᠢ᠃ ᠣᠳᠤ ᠨᠢᠭᠡᠨᠲᠡ《ᠰᠠᠨᠠᠯ ᠰᠠᠨᠠᠭᠤᠯᠭ᠎ᠠ》ᠵᠢ 53 ᠬᠤᠪᠢ ᠱᠢᠶ᠋ᠳᠪᠦᠷᠢᠯᠡᠵᠦ᠍᠂ ᠰᠠᠭᠤᠭᠠᠯᠢ ᠠᠷᠠᠳ᠎ᠤᠨ ᠲᠣᠭᠣᠷᠢᠭ᠎ᠤᠨ ᠵᠠᠮ᠎ᠢ 8 ᠵᠤᠷᠪᠤᠰ ᠵᠠᠰᠠᠵᠤ ᠬᠠᠲᠠᠭᠤᠷᠠᠭᠤᠯᠥᠨ᠂ ᠡᠪᠳᠡᠭ᠌ᠳᠡᠭ᠌ᠰᠡᠨ ᠵᠠᠮ᠎ᠢ 3.6 ᠺᠢᠯᠣᠮᠧᠲ᠋ᠷ ᠰᠡᠯᠪᠢᠨ ᠵᠠᠰᠠᠵᠤ᠂ 6 ᠤᠰᠤ ᠲᠠᠲᠠᠬᠤ ᠰᠤᠪᠠᠭ ᠮᠠᠯᠳᠠᠨ᠂  ᠪᠡᠶ᠎ᠡ ᠴᠢᠭᠢᠷᠠᠭ᠍ᠵᠢᠭᠤᠯᠬᠤ  ᠪᠦᠷᠢᠠ ᠲᠦᠬᠦᠷ ᠪᠠᠭᠠᠵᠢ ᠬᠡᠷᠡᠭ᠌ᠰᠡᠯ᠎ᠢ 10 ᠢᠵᠢ ᠲᠣᠬᠢᠷᠠᠭᠤᠯᠵᠤ᠂ ᠰᠠᠭᠤᠭᠠᠯᠢ ᠠᠷᠠᠳ᠎ᠤᠨ ᠳᠤᠷᠠᠳᠤᠭ᠍ᠰᠠᠨ  ᠲᠠᠭᠤ ᠱᠤᠤᠬᠢᠶᠠᠨ᠎ᠢ ᠨᠠᠮᠳᠠᠭᠤᠯᠬᠤ᠂ ᠬᠣᠭ ᠨᠣᠪᠰᠢ᠎ᠶ᠋ᠢᠨ ᠬᠠᠢᠷᠴᠠᠭ ᠨᠡᠮᠡᠵᠦ᠍ ᠲᠣᠬᠢᠷᠠᠭᠤᠯᠬᠤ᠂ ᠵᠠᠮ᠎ᠤᠨ ᠰᠠᠭᠤᠷᠢ᠎ᠶ᠋ᠢ ᠰᠡᠯᠪᠢᠨ ᠵᠠᠰᠠᠬᠤ ᠵᠡᠷᠭᠡ 20 ᠭᠠᠷᠤᠶ ᠤᠴᠢᠷ ᠶᠠᠪᠤᠳᠠᠯ᠎ᠢ ᠪᠥᠲᠥᠮᠵᠢᠲᠠᠢ ᠱᠢᠶ᠋ᠳᠪᠦᠷᠢᠯᠡᠨ᠂ ᠣᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ ᠵᠢ ᠢᠯᠡᠳᠲᠡ ᠳᠡᠭᠡᠭ᠌ᠰᠢᠯᠡᠭᠥᠯᠥᠭ᠌ᠰᠡᠨ ᠪᠠᠢ᠌ᠨ᠎ᠠ᠃

ᠬᠢᠨᠠᠨ ᠭᠦᠶ᠋ᠴᠡᠳᠭᠡᠬᠦ᠌ ᠲᠣᠭ᠍ᠲᠠᠴᠠ ᠪᠠᠢᠭᠤᠯᠵᠤ᠂ ᠦᠶ᠋ᠯᠡᠴᠢᠯᠡᠭᠡᠨ᠎ᠦ ᠪᠣᠳᠠᠲᠤ ᠦᠷ᠎ᠡ ᠪᠦᠲᠦᠮᠵᠢ᠎ᠶ᠋ᠢ ᠠᠬᠢᠭᠤᠯᠪᠠ᠃ ᠬᠣᠲᠠ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ《213》ᠠᠵᠢᠯ ᠎ᠤᠨ ᠵᠠᠭ᠍ᠪᠤᠷ᠎ᠵᠢᠡᠷ᠂ ᠬᠣᠱᠢᠭᠤᠨ᠎ᠤ ᠨᠠᠮ᠎ᠤᠨ ᠬᠣᠷᠢᠶ᠎ᠠ ᠭᠤᠤᠯᠯᠠᠨ ᠤᠳᠤᠷᠢᠳᠴᠤ᠌᠂ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ ᠲᠠᠪᠴᠠᠩ ᠪᠠᠢᠭᠤᠯᠤᠨ᠂ ᠬᠠᠮᠲᠤ᠎ᠪᠠᠷ ᠪᠥᠲᠥᠭᠡᠨ ᠪᠠᠢᠭᠤᠯᠬᠤ ᠡᠯ᠎ᠠ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠣᠷᠣᠯᠴᠠᠭ᠍ᠰᠠᠨ ᠬᠣᠯᠪᠣᠭᠠᠯᠠᠨ ᠬᠥᠳᠡᠯᠦᠯᠴᠡᠬᠦ᠌ ᠠᠵᠢᠯ᠎ᠤᠨ ᠲᠠᠪᠴᠠᠩ ᠪᠠᠢᠭᠤᠯᠵᠤ᠂ ᠣᠯᠠᠨ ᠲᠦᠮᠡᠨ ᠰᠡᠳᠭᠢᠯ ᠬᠠᠨᠤᠮᠵᠢᠲᠠᠶ ᠪᠠᠢᠬᠤ᠎ᠪᠠᠷ ᠬᠠᠮᠤᠭ᠎ᠤᠨ ᠥᠨᠳᠥᠷ ᠪᠠᠷᠢᠮᠵᠢᠶ᠎ᠠ ᠪᠣᠯᠭᠠᠬᠤ᠎ᠶ᠋ᠢ ᠪᠠᠷᠢᠮᠲᠠᠯᠠᠨ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠠᠰᠠᠭᠤᠳᠠᠯ᠎ᠢ ᠱᠢᠢᠳᠪᠥᠷᠢᠯᠡᠭ᠌ᠰᠡᠨ ᠬᠠᠷᠢᠭᠤ ᠲᠤᠰᠭᠠᠯ᠎ᠤᠨ ᠬᠦᠰᠦᠨᠦᠭ᠌ ᠲᠠᠷᠬᠠᠭᠠᠵᠤ᠂ ᠰᠠᠭᠤᠭᠠᠯᠢ ᠠᠷᠠᠳ᠎ᠢ ᠤᠷᠢᠵᠤ ᠰᠠᠯᠠᠭ᠎ᠠ ᠮᠥᠴᠢᠷ᠎ᠦᠨ ᠠᠰᠠᠭᠤᠳᠠᠯ᠎ᠢ ᠱᠢᠶ᠋ᠳᠪᠦᠷᠢᠯᠡᠵᠦ᠍ ᠪᠠᠢᠭ᠎ᠠ ᠪᠠᠢᠳᠠᠯ᠎ᠳᠤ ᠬᠤᠪᠢ ᠥᠭ᠌ᠴᠦ ᠦᠨᠡᠯᠡᠬᠦᠯᠤᠨ᠂ ᠠᠰᠠᠭᠤᠳᠠᠯ᠎ᠢ ᠱᠢᠶ᠋ᠳᠪᠦᠷᠢᠯᠡᠬᠦ᠌ ᠲᠠᠯ᠎ᠠ᠎ᠪᠠᠷ ᠶᠣᠰᠣ᠎ᠶ᠋ᠢᠨ ᠲᠡᠳᠦᠶ ᠥᠩᠭᠡᠷᠡᠭᠦᠯᠬᠦ᠂ ᠠᠷᠭ᠎ᠠ ᠬᠡᠮᠵᠢᠶ᠎ᠡ ᠬᠦᠴᠦᠨ ᠥᠬᠡᠶ᠂ ᠠᠵᠢᠯᠯᠠᠭ᠎ᠠ᠎ᠶ᠋ᠢᠨ ᠦᠷ᠎ᠡ ᠪᠦᠲᠦᠮᠵᠢ ᠠᠨᠠᠶ᠂ ᠣᠯᠠᠨ ᠲᠦᠮᠡᠨ᠎ᠦ ᠬᠠᠨᠤᠮᠵᠢ ᠵᠢᠨ ᠬᠡᠮᠵᠢᠶ᠎ᠡ ᠥᠨᠳᠥᠷ ᠪᠢᠰᠢ ᠰᠠᠯᠠᠭ᠎ᠠ ᠮᠥᠴᠢᠷ ᠪᠠ ᠨᠢᠭᠡᠴᠢ᠎ᠶ᠋ᠢ ᠵᠠᠷᠯᠠᠨ ᠮᠡᠳᠡᠭ᠌ᠳᠡᠵᠦ᠍᠂ 《ᠬᠥᠯᠢᠶᠠᠨ ᠭᠥᠢᠴᠡᠳᠭᠡᠬᠥ᠌》ᠨᠢᠭᠡᠴᠢ᠎ᠶ᠋ᠢ ᠴᠡᠭ᠌ᠴᠡᠯᠡᠨ ᠥᠭᠡᠷᠡᠴᠢᠯᠡᠬᠥ᠌ ᠵᠢ ᠱᠠᠭᠠᠷᠳᠠᠵᠠᠢ᠃

ᠠᠵᠢᠯᠯᠠᠭ᠎ᠠ ᠥᠷᠨᠢᠭᠦᠯᠦᠭ᠌ᠰᠡᠨ ᠪᠠᠢᠳᠠᠯ᠎ᠢ ᠰᠠᠯᠠᠭ᠎ᠠ ᠮᠥᠴᠢᠷ ᠪᠠ ᠨᠢᠭᠡᠴᠢ᠎ᠶ᠋ᠢᠨ ᠣᠨ᠎ᠤ ᠱᠢᠯᠭᠠᠨ ᠬᠢᠨᠠᠬᠤ ᠠᠭᠤᠯᠭ᠎ᠠ᠎ᠳᠤ ᠣᠷᠣᠭᠤᠯᠵᠤ᠂ ᠱᠢᠯᠭᠠᠨ ᠦᠨᠡᠯᠡᠭ᠌ᠰᠡᠨ ᠦᠷ᠎ᠡ ᠳ᠋ᠦᠩ᠎ᠢ ᠡᠯ᠎ᠡ ᠰᠠᠯᠠᠭ᠎ᠠ ᠮᠥᠴᠢᠷ᠎ᠦᠨ ᠤᠳᠤᠷᠢᠳᠭᠤ ᠪᠠᠭ ᠵᠢᠴᠢ ᠤᠳᠤᠷᠢᠳᠭᠤ ᠺᠠᠳ᠋ᠷ᠎ᠤᠨ ᠠᠵᠢᠯ᠎ᠤᠨ ᠠᠮᠵᠢᠯᠲᠠ ᠪᠦᠲᠦᠮᠵᠢ᠎ᠶ᠋ᠢᠨ ᠴᠢᠬᠤᠯᠠ ᠦᠨᠳᠦᠰᠦᠯᠡᠯ ᠪᠣᠯᠭᠠᠨ᠂《ᠬᠢᠬᠦ ᠶᠠᠪᠤᠴᠠ᠎ᠨᠢ ᠣᠯᠠᠨ ᠲᠦᠮᠡᠨ᠎ᠦ ᠬᠢᠨᠠᠯᠲᠠ᠎ᠶ᠋ᠢ ᠬᠦᠯᠢᠶᠡᠵᠦ᠍᠂ ᠦᠷ᠎ᠡ ᠪᠦᠲᠦᠮᠵᠢ ᠎ᠵᠢ ᠣᠯᠠᠨ ᠲᠦᠮᠡᠨ᠎ᠢᠶᠡᠷ ᠦᠨᠡᠯᠡᠭᠦᠯᠬᠦ᠌》ᠵᠢ ᠥᠨᠡᠨ ᠬᠥ᠌ ᠪᠠᠳᠤᠯᠠᠨ᠂ ᠦᠨᠡᠨ ᠪᠣᠳᠠᠲᠠᠶ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠪᠡᠷ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠎ᠢ ᠨᠡᠮᠡᠭᠳᠡᠭᠦᠯᠵᠦ ᠪᠠᠢ᠌ᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号