ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ᠎ᠳᠤ ᠤᠬᠠᠭᠤᠯᠤᠨ ᠲᠠᠢᠯᠪᠤᠷᠢᠯᠠᠪᠠ
2021-12-28 09:21:30
ᠵᠣᠬᠢᠶᠠᠭ᠍ᠴᠢ᠄
ᠯᠢ ᠼᠦᠨ ᠰᠢᠶᠠ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ ᠤ᠋ ᠲᠦᠪ ᠬᠤᠷᠢᠶ᠎ᠠ ᠵᠢᠨ ᠵᠢᠷᠭᠤᠳᠤᠭᠠᠷ ᠪᠦᠭᠦᠳᠡ ᠬᠤᠷᠠᠯ ᠤ᠋ᠨ ᠵᠤᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠦᠪᠡᠷᠳᠡᠭᠡᠨ ᠵᠠᠰᠠᠬᠤ ᠤᠷᠤᠨ ᠤ᠋ ᠤᠬᠠᠭᠤᠯᠤᠨ ᠲᠠᠢᠯᠪᠤᠷᠢᠯᠠᠬᠤ ᠪᠦᠯᠭᠦᠮ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠤ᠋ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭᠠᠭᠤᠯᠢ ᠳ᠋ᠤ ᠤᠬᠠᠭᠤᠯᠤᠨ ᠲᠠᠢᠯᠪᠤᠷᠢᠯᠠᠵᠠᠢ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠱᠢᠤᠢ ᠴᠧᠩ ᠹᠠᠩ᠂ 《 ᠪᠦᠬᠦ᠌ ᠲᠠᠯ᠎ᠠ ᠪᠠ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ ᠬᠡᠷᠡᠭᠳᠠᠢ》᠂ 《 ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢᠨ ᠪᠠᠶᠠᠯᠢᠭ ᠠᠭᠤᠯᠤᠭ᠍ᠳᠠᠬᠤᠨ ᠪᠠ ᠭᠣᠣᠯ ᠠᠭᠤᠯᠭ᠎ᠠ᠎ᠶ᠋ᠢ ᠭᠦᠨᠵᠡᠭᠡᠢ ᠣᠢᠯᠠᠭᠠᠬᠤ ᠬᠡᠷᠡᠭ᠌ᠲᠡᠢ 》᠂ 《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠪᠣᠳᠠᠲᠠᠶ ᠨᠠᠢᠳᠠᠪᠤᠷᠢᠵᠢᠭᠤᠯᠬᠤ ᠵᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠠᠢ》 ᠵᠡᠷᠭᠡ ᠭᠤᠷᠪᠠᠨ ᠲᠠᠯ᠎ᠠ ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠱᠢᠰᠲ᠋ᠧᠮ ᠲᠠᠢ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠡᠮᠬᠢ ᠲᠢᠭᠯᠢᠮ ᠲᠠᠢ᠂ ᠠᠭᠤᠯᠭ᠎ᠠ ᠨᠢ ᠪᠠᠶᠠᠯᠢᠭ ᠪᠠᠢᠵᠤ᠂ ᠥᠷᠭᠡᠨ ᠤᠯᠠᠨ ᠪᠠᠭ᠍ᠰᠢ ᠠᠵᠢᠯᠳᠠᠨ ᠠᠵᠢᠯᠴᠢᠨ ᠪᠣᠯᠤᠨ ᠵᠠᠯᠠᠭᠤ ᠰᠤᠷᠤᠭ᠍ᠴᠢᠳ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠢ ᠣᠢᠯᠠᠭᠠᠬᠤ᠎ᠳᠤ ᠮᠠᠰᠢ ᠴᠢᠩᠭ᠎ᠠ ᠵᠢᠯᠣᠭᠣᠳᠭᠤ ᠦᠢᠯᠡᠳᠦᠯ᠎ᠲᠡᠶ ᠶᠤᠮ᠃

ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠯᠧᠺᠲ᠋ᠣᠷ ᠶᠠᠩ ᠯᠢ ᠵᠢᠶᠧ᠄ 《ᠱᠢᠤᠢ ᠫᠷᠤᠹᠧᠰᠰᠤᠷ᠎ᠤᠨ ᠤᠬᠠᠭᠤᠯᠤᠨ ᠲᠠᠢᠯᠪᠤᠷᠢᠯᠠᠭᠰᠠᠨ ᠨᠢ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶ᠋ᠢᠨ ᠭᠦᠨᠴᠡ᠎ᠲᠡᠶ ᠪᠠᠢᠵᠤ᠂ ᠨᠠᠳᠠ᠎ᠳᠤ ᠮᠠᠰᠢ ᠶᠡᠬᠡ ᠠᠱᠢᠭ ᠬᠦᠷᠲᠡᠭᠡᠵᠡᠢ᠃ ᠶᠡᠬᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠦᠨ ᠲᠤᠰᠭᠠᠢ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠤᠶᠤᠲᠠᠳ᠎ᠢ ᠢᠳᠡᠪᠬᠢᠲᠡᠢ ᠬᠦᠳᠦᠯᠥᠨ ᠳᠠᠭᠠᠭᠤᠯᠵᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠣᠯᠤᠨ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠨ᠎ᠡ》 ᠭᠡᠵᠤ ᠬᠡᠯᠡᠪᠡ᠃

《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠭᠣᠢᠳᠠ ᠰᠠᠢᠬᠠᠨ ᠪᠥᠭᠡᠳ ᠠᠮᠢᠳᠤᠯᠢᠭ᠂ ᠠᠭᠤᠯᠤᠭ᠍ᠳᠠᠬᠤᠨ ᠨᠢ ᠪᠠᠶᠠᠯᠢᠭ ᠪᠠᠢᠵᠤ᠂ ᠰᠣᠨᠣᠰᠤᠭ᠍ᠰᠠᠨ᠎ᠤ ᠳᠠᠷᠠᠭ᠎ᠠ ᠭᠦᠨ ᠲᠦᠷᠦᠭ᠌ᠳᠡᠯ᠎ᠲᠡᠶ ᠪᠣᠯᠵᠠᠢ᠃ ᠶᠡᠬᠡ ᠳᠡᠭᠡᠳᠦ ᠰᠤᠷᠭᠠᠭᠤᠯᠢ᠎ᠶ᠋ᠢᠨ ᠵᠢᠯᠤᠭᠤᠳᠤᠭ᠍ᠴᠢ ᠪᠠᠭᠰᠢ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠎ᠵᠣᠷᠢᠭ ᠎ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠭᠦᠨᠵᠡᠭᠡᠢ ᠤᠢ᠍ᠢᠯᠠᠭᠠᠨ ᠡᠵᠡᠮᠱᠢᠨ᠎ᠡ᠃ ᠮᠢᠨᠦ᠍ ᠦᠵᠡᠬᠦ᠌᠎ᠪᠡᠷ᠂ ᠬᠣᠢᠱᠢᠳᠠ᠎ᠶ᠋ᠢᠨ ᠰᠤᠷᠤᠭ᠍ᠴᠢᠳ᠎ᠤᠨ ᠠᠵᠢᠯ ᠳᠤᠮᠳᠠ᠂ ᠪᠢᠳᠡ ᠡᠪᠯᠡᠯ᠎ᠦᠨ ᠡᠳᠦᠷ᠎ᠦᠨ ᠠᠵᠢᠯᠯᠠᠭ᠎ᠠ᠎ᠶ᠋ᠢ ᠵᠣᠬᠢᠶᠠᠨ ᠪᠠᠢᠭᠤᠯᠬᠤ᠂ ᠨᠠᠮ᠎ᠤᠨ ᠲᠡᠦᠬᠡ᠎ᠶ᠋ᠢᠨ ᠥᠯᠢᠭᠡᠷ᠎ᠢ ᠤᠯᠠᠮᠵᠢᠯᠠᠬᠤ᠂ ᠨᠠᠮ᠎ᠤᠨ ᠲᠡᠦᠬᠡ᠎ᠶ᠋ᠢᠨ ᠨᠣᠮ᠎ᠢ ᠲᠠᠨᠢᠯᠴᠠᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠵᠠᠯᠠᠭᠤ ᠰᠤᠷᠤᠭ᠍ᠴᠢᠳ᠎ᠤᠨ ᠰᠡᠳᠭᠢᠯ᠎ᠳᠦ ᠦᠨᠳᠦᠰᠦᠯᠡᠭᠦᠯᠦᠨ ᠰᠣᠶᠣᠭᠠᠯᠠᠭᠤᠯᠤᠨ᠎ᠠ》 ᠭᠡᠵᠦ᠍ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ᠎ᠶ᠋ᠢᠨ ᠮᠥᠩᠭᠥᠨ ᠭᠦᠶ᠋ᠯᠭᠡᠭᠡᠨ᠎ᠦ ᠳᠡᠭᠡᠳᠦ ᠰᠤᠷᠭᠠᠭᠤᠯᠢ᠎ᠶ᠋ᠢᠨ ᠵᠢᠯᠣᠭᠣᠳᠣᠭ᠍ᠴᠢ ᠪᠠᠭᠰᠢ ᠬᠥ᠋ ᠴᠤᠤ ᠬᠡᠯᠡᠪᠡ᠃

ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ᠎ᠶ᠋ᠢᠨ ᠰᠤᠷᠤᠬ᠍ᠴᠢ ᠰᠦᠩ ᠱᠢᠶᠤᠤ ᠯᠦᠩ᠄ 《ᠱᠢᠤᠢ ᠫᠷᠤᠹᠸᠰᠰᠤᠷ᠎ᠤᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠩ ᠭᠦᠨᠵᠡᠭᠡᠢ ᠣᠢᠯᠠᠭᠠᠪᠠ᠃ ᠨᠠᠮ᠎ᠤᠨ ᠭᠡᠱᠢᠭᠦᠨ ᠪᠦᠭᠡᠳ ᠰᠤᠷᠤᠭ᠍ᠴᠢ ᠵᠢᠨ ᠺᠠᠳ᠋ᠷ ᠪᠣᠯᠤᠭ᠍ᠰᠠᠨ᠎ᠤ ᠬᠤᠪᠢ᠎ᠳᠤ᠂ ᠬᠣᠢᠱᠢᠳᠠ᠎ᠰᠤᠷᠤᠯᠴᠠᠯᠭ᠎ᠠ ᠪᠠ ᠠᠵᠢᠯ᠎ᠤᠨ ᠵᠢᠡᠨ ᠳᠤᠮᠳᠠ᠂ ᠪᠢ ᠴᠠᠭ ᠢᠮᠠᠭ᠍ᠲᠠ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠰᠠᠬᠢᠯᠭ᠎ᠠ ᠪᠠᠲᠤ᠎ᠪᠠᠷ ᠥᠪᠡᠷ᠎ᠢ᠎ᠪᠡᠨ ᠱᠠᠭᠠᠷᠳᠠᠵᠤ᠂ ᠲᠤᠰᠭᠠᠢ ᠮᠡᠷᠭᠡᠵᠢᠯ᠎ᠦᠨ ᠮᠡᠳᠡᠯᠭᠡ᠎ᠶ᠋ᠢ ᠨᠠᠷᠢᠨ ᠬᠢᠨᠠᠮᠠᠭᠠᠢ ᠰᠤᠷᠤᠯᠴᠠᠵᠤ᠂ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠪᠠᠳᠠᠷᠠᠭᠤᠯᠵᠤ᠂ ᠬᠠᠮᠲᠤ ᠰᠤᠷᠤᠯᠭᠠᠲᠠᠳ᠎ᠢᠶᠠᠨ ᠳᠠᠭᠠᠭᠤᠯᠤᠨ ᠬᠣᠯᠪᠣᠭ᠍ᠳᠠᠯ ᠪᠦᠬᠦᠢ ᠤᠨᠤᠯ᠎ᠢ ᠭᠦᠨᠵᠡᠭᠡᠢ ᠰᠤᠷᠤᠯᠴᠠᠨ ᠨᠡᠪᠲᠡᠷᠬᠡᠢ ᠣᠢᠯᠠᠭᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠲᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠡᠷ ᠥᠪᠡᠷ᠎ᠦᠨ ᠡᠭᠦᠷᠭᠡ᠎ᠪᠡᠨ ᠪᠣᠯᠭᠠᠵᠤ᠂ ᠴᠠᠭ ᠦᠶ᠎ᠡ ᠳ᠋ᠤ ᠤᠰᠤᠯᠳᠠᠬᠤ ᠦᠭᠡᠢ᠂ ᠵᠠᠯᠠᠭᠤ ᠨᠠᠰᠤᠨ ᠳ᠋ᠠᠭᠠᠨ ᠤᠰᠤᠯᠳᠠᠬᠤ ᠦᠭᠡᠢ᠂ ᠨᠠᠮ ᠪᠣᠯᠤᠨ ᠠᠷᠠᠳ ᠲᠦᠮᠡᠨ᠎ᠦ ᠨᠠᠨᠳᠢᠨ ᠬᠦᠰᠡᠯ ᠨᠠᠢᠳᠠᠯᠭ᠎ᠠ ᠳ᠋ᠤ ᠤᠰᠤᠯᠳᠠᠬᠤ ᠦᠭᠡᠢ》ᠭᠡᠵᠤ ᠬᠡᠯᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号