ᠠᠮᠤ ᠪᠤᠳᠠᠭ᠎ᠠ ᠪᠠᠨ ᠬᠤᠳᠠᠯᠳᠤᠬᠤ᠎ᠳᠤ ᠡᠨᠡ ᠵᠢᠷᠭᠤᠭᠠᠨ ᠰᠠᠨᠠᠭᠤᠯᠭ᠎ᠠ ᠵᠢ ᠠᠩᠬᠠᠷᠤᠯ᠎ᠳᠠᠭᠠᠨ ᠠᠪᠤᠭᠠᠷᠠᠢ !
2021-12-29 09:55:32
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠡᠨᠡ ᠵᠢᠯ ᠮᠠᠨ ᠤ᠋ ᠣᠷᠣᠨ ᠤ᠋ ᠠᠮᠤ ᠪᠤᠳᠠᠭᠠᠨ ᠤ᠋ ᠳᠠᠷᠢᠮᠠᠯ ᠤ᠋ᠨ ᠲᠠᠯᠠᠪᠠᠢ ᠨᠡᠮᠡᠭᠳᠡᠨ᠂ ᠠᠮᠤ ᠪᠤᠳᠠᠭ᠎ᠠ ᠡᠯᠪᠡᠭ ᠬᠤᠷᠢᠶᠠᠵᠠᠢ᠃ ᠤᠳᠤᠬᠠᠨ ᠳ᠋ᠤ᠂ ᠪᠦᠬᠦ ᠤᠷᠤᠨ ᠤ᠋ ᠠᠮᠤ ᠪᠤᠳᠠᠭ᠎ᠠ ᠬᠤᠳᠠᠯᠳᠤᠨ ᠠᠪᠬᠤ ᠠᠵᠢᠯ ᠡᠬᠢᠯᠡᠵᠦ᠂ ᠦᠷᠨᠢᠯᠳᠡ ᠵᠢᠨ ᠱᠠᠳᠤᠨ᠎ᠳᠠᠭᠠᠨ ᠤᠷᠤᠪᠠ᠃

12 ᠰᠠᠷ᠎ᠠ ᠵᠢᠨ14 ᠤ᠋ ᠡᠳᠦᠷ ᠬᠤᠷᠠᠯᠳᠤᠭᠰᠠᠨ ᠦᠪᠡᠷᠳᠡᠭᠡᠨ ᠵᠠᠰᠠᠬᠤ ᠤᠷᠤᠨ ᠤ᠋ ᠵᠠᠰᠠᠭ ᠤ᠋ᠨ ᠤᠷᠳᠤᠨ ᠤ᠋ ᠰᠤᠨᠢᠨ ᠮᠡᠳᠡᠭᠡ ᠨᠡᠢᠳᠡᠯᠡᠭᠦ ᠬᠤᠷᠠᠯ ᠳᠡᠭᠡᠷ᠎ᠡ᠂ ᠦᠪᠡᠷᠳᠡᠭᠡᠨ ᠵᠠᠰᠠᠬᠤ ᠤᠷᠤᠨ ᠤ᠋ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠵᠢᠨ ᠬᠠᠷᠢᠭᠤᠴᠠᠯᠭᠠᠳᠠᠨ ᠡᠴᠡ ᠨᠠᠮᠤᠷ ᠤ᠋ᠨ ᠠᠮᠤ ᠪᠤᠳᠠᠭ᠎ᠠ ᠪᠠᠨ ᠬᠤᠳᠠᠯᠳᠤᠨ ᠪᠤᠷᠤᠯᠠᠭᠤᠯᠵᠤ ᠪᠠᠢᠭ᠎ᠠ ᠲᠠᠷᠢᠶᠠᠴᠢᠳ ᠲᠦ᠍ ᠳᠤᠤᠷᠠᠬᠢ ᠵᠢᠷᠭᠤᠭᠠᠨ ᠲᠠᠯ᠎ᠠ ᠵᠢᠨ ᠰᠠᠨᠠᠭᠤᠯᠭ᠎ᠠ ᠦᠭᠴᠠᠢ᠃

1.ᠵᠠᠬ᠎ᠠ ᠳᠡᠯᠭᠡᠭᠦᠷ᠎ᠤᠨ ᠪᠠᠢᠳᠠᠯ᠎ᠳᠤ ᠵᠦᠢ ᠵᠤᠬᠢᠰᠳᠠᠢ ᠯᠠᠪᠳᠠᠭᠤᠨ ᠵᠢᠡᠷ ᠬᠠᠨᠳᠤᠭᠠᠷᠠᠢ᠃

 ᠡᠨᠡ ᠵᠢᠯ ᠎ᠤᠨ ᠬᠢᠵᠢᠭ ᠤ᠋ᠨ ᠪᠠᠢᠳᠠᠯ ᠪᠠ ᠵᠠᠷᠢᠮ ᠭᠠᠵᠠᠷ᠎ᠤᠨ ᠴᠠᠭᠠᠨ ᠵᠤᠳ ᠡᠴᠡ ᠪᠤᠯᠵᠦ᠂ ᠠᠮᠤ ᠪᠤᠳᠠᠭᠠᠨ ᠤ᠋ ᠵᠠᠬ᠎ᠠ ᠳᠡᠯᠭᠡᠭᠦᠷ᠎ᠦ᠋ᠨ ᠬᠤᠪᠢᠷᠠᠯᠲᠠ ᠲᠦᠷᠭᠡᠨ᠂ ᠦᠨ᠎ᠡ ᠬᠠᠩᠱᠢ ᠵᠢᠨ ᠬᠡᠯᠪᠡᠯᠵᠡᠯ ᠶᠡᠭᠡ ᠤᠴᠢᠷ ᠡᠴᠡ ᠵᠠᠬ᠎ᠠ ᠳᠡᠯᠭᠡᠭᠦᠷ᠎ᠦ᠋ᠨ ᠪᠠᠢᠳᠠᠯ᠎ᠳ᠋ᠤ᠌ ᠵᠦᠢ ᠵᠤᠬᠢᠰᠳᠠᠢ ᠯᠠᠪᠳᠠᠭᠤᠨ ᠵᠢᠡᠷ ᠬᠠᠨᠳᠤᠵᠤ᠂ ᠠᠶᠤᠯ ᠲᠦᠭᠱᠢᠭᠦᠷᠢ ᠵᠢ ᠰᠡᠷᠭᠡᠢᠯᠡᠬᠦ ᠤᠬᠠᠮᠰᠠᠷ ᠢ᠋ᠶ᠋ᠠᠨ ᠴᠢᠩᠭᠠᠳᠭᠠᠨ᠂ ᠠᠮᠤ ᠪᠤᠳᠠᠭ᠎ᠠ ᠪᠠᠨ ᠳᠤᠬᠢᠷᠠᠮᠵᠢᠳᠠᠢ ᠴᠠᠭ ᠲᠦ᠍ ᠲᠣᠬᠢᠷᠠᠮᠵᠢᠲᠠᠢ ᠦᠨ᠎ᠡ᠎ᠪᠡᠷ ᠬᠤᠳᠠᠯᠳᠤᠵᠤ᠂ ᠤᠯᠠᠨ ᠬᠦᠮᠦᠨ ᠪᠥᠭᠡᠮᠨᠡᠷᠡᠨ ᠨᠢᠭᠡ ᠳᠤᠤᠷ᠎ᠠ ᠬᠤᠳᠠᠯᠳᠤᠬᠤ ᠪᠤᠶᠤ ᠵᠠᠬ᠎ᠠ ᠳᠡᠯᠭᠡᠭᠦᠷ ᠤ᠋ᠨ ᠪᠠᠢᠳᠠᠯ ᠢ᠋ ᠰᠤᠬᠤᠷ ᠪᠠᠯᠠᠢ ᠪᠡᠷ ᠲᠦᠰᠦᠭᠡᠯᠡᠨ ᠬᠤᠳᠠᠯᠳᠤᠬᠤ ᠡᠴᠡ ᠵᠠᠢᠯᠠᠰᠬᠢᠭᠡᠷᠡᠢ᠃

2. 《ᠪᠡᠯᠡᠨ ᠵᠣᠭᠣᠰ ᠢ᠋ᠶ᠋ᠠᠷ ᠲᠠᠰᠤᠯᠤᠨ ᠪᠣᠳᠣᠬᠤ》 ᠵᠢ ᠪᠠᠲᠤ ᠴᠡᠭᠡᠵᠢᠯᠡᠭᠡᠷᠡᠢ᠃

ᠬᠤᠳᠠᠯ ᠬᠠᠭᠤᠷᠮᠠᠬ ᠮᠡᠬᠡᠯᠡᠯ ᠤ᠋ᠨ ᠦᠭᠡ ᠶᠠᠷᠢᠶ᠎ᠠ ᠵᠢ ᠢᠲᠡᠭᠡᠵᠦ ᠪᠣᠯᠬᠤ ᠥᠬᠡᠢ᠂ ᠬᠠᠤᠯᠢ ᠪᠤᠰᠤ ᠡᠲᠡᠭᠡᠳ᠎ᠦ᠋ᠨ 《ᠥᠨᠳᠥᠷ ᠬᠦᠦ》᠂ ᠥᠨᠳᠥᠷ ᠦᠨ᠎ᠡ᠎ᠪᠡᠷ ᠥᠭᠶᠥᠭᠡ ᠪᠣᠯᠭᠠᠵᠤ ᠱᠡᠭᠡᠯᠡᠭᠡ ᠪᠡᠷ ᠠᠮᠤ ᠪᠤᠳᠠᠭ᠎ᠠ ᠵᠢ ᠴᠢᠨᠢ ᠬᠤᠳᠠᠯᠳᠤᠨ ᠠᠪᠠᠴᠢᠭᠠᠳ ᠵᠣᠭᠣᠰ ᠢ᠋ ᠴᠢᠨᠢ ᠮᠡᠬᠡᠯᠡᠨ ᠠᠪᠬᠤ ᠡᠴᠡ ᠰᠡᠷᠭᠡᠢᠯᠡᠬᠦ ᠬᠡᠷᠡᠭᠲᠡᠢ᠃

3. 《12325》 ᠬᠠᠯᠠᠮᠰᠢᠯ ᠤᠳᠠᠰᠦ ᠵᠢ ᠵᠠᠪᠠᠯ ᠴᠡᠭᠡᠵᠢᠯᠡᠭᠡᠷᠡᠢ᠃

ᠭᠡᠷᠡᠴᠢ ᠪᠠᠷᠢᠮᠲᠠ ᠦᠯᠡᠳᠡᠭᠡᠬᠦ ᠵᠢ ᠠᠩᠬᠠᠷᠴᠤ᠂ ᠬᠠᠤᠯᠢ ᠶᠣᠰᠣᠨ ᠤ᠋ ᠡᠷᠬᠡ ᠠᠱᠢᠭ ᠴᠢᠨᠢ ᠬᠣᠬᠢᠷᠠᠯ᠎ᠳ᠋ᠤ᠌ ᠤᠴᠠᠷᠠᠪᠠᠯ ᠲᠡᠷᠡ ᠲᠠᠷᠤᠢ᠎ᠳ᠋ᠤᠨᠢ 《12325》 ᠬᠢᠨᠠᠨ ᠬᠠᠮᠢᠶᠠᠷᠤᠯᠲᠠ ᠵᠢᠨ ᠬᠠᠯᠠᠮᠰᠢᠯ ᠤᠲᠠᠰᠤ ᠵᠢ ᠤᠲᠠᠰᠤᠳᠠᠵᠤ ᠢᠯᠡᠴᠢᠯᠡᠨ ᠮᠡᠳᠡᠭᠦᠯᠦᠭᠡᠷᠡᠢ ᠃

4.ᠠᠮᠤ ᠪᠤᠳᠠᠭ᠎ᠠ ᠪᠠᠨ ᠨᠦᠬᠡᠴᠡᠯᠡᠬᠦ᠎ᠳᠡᠭᠡᠨ ᠠᠯᠢ ᠴᠢᠳᠠᠬᠤ ᠪᠠᠷ ᠬᠤᠬᠢᠷᠠᠯ ᠰᠦᠢᠳᠦᠯ᠎ᠢ ᠪᠠᠭᠠᠰᠬᠠᠬᠤ ᠭᠡᠷᠡᠭᠳᠡᠢ᠃

ᠡᠨᠡ ᠵᠢᠯ᠎ᠦ᠋ᠨ ᠠᠭᠤᠷ ᠠᠮᠢᠰᠭᠤᠯ ᠬᠡᠪ᠎ᠦ᠋ᠨ ᠪᠤᠰᠤ ᠂ ᠠᠮᠤ ᠪᠤᠳᠠᠭᠠᠨ ᠤ᠋ ᠤᠰᠤᠨ ᠤ᠋ ᠠᠭᠤᠯᠤᠭᠳᠠᠴᠠ ᠥᠨᠳᠥᠷ ᠪᠣᠯᠬᠣᠷ ᠦᠳᠦᠷᠮ᠎ᠡ ᠠᠪᠬᠤ ᠳ᠋ᠤ ᠲᠣᠬᠢᠷᠠᠮᠵᠢ ᠥᠬᠡᠢ᠂ ᠢᠯᠠᠩᠭᠤᠶ᠎ᠠ ᠵᠡᠭᠦᠨ ᠬᠡᠰᠡᠭ᠎ᠦ᠋ᠨ ᠭᠠᠵᠠᠷ ᠣᠷᠣᠨ ᠤ᠋ ᠴᠠᠰᠤᠨ ᠤ᠋ ᠬᠡᠮᠵᠢᠶ᠎ᠡ ᠨᠡᠯᠢᠶᠡᠳ ᠶᠡᠬᠡ᠂ ᠬᠤᠷᠠᠭᠰᠠᠨ ᠴᠠᠰᠤ ᠬᠠᠢᠯᠬᠤ ᠵᠢ ᠳᠠᠭᠠᠯᠳᠤᠨ᠂ ᠠᠮᠠᠷᠬᠠᠨ ᠸᠠᠯᠠᠵᠤ ᠢᠯᠵᠡᠷᠠᠬᠤ᠎ᠡᠴᠡ ᠰᠠᠷᠭᠡᠢᠯᠡᠵᠤ᠂ ᠵᠤᠬᠢᠬᠤ ᠠᠷᠭ᠎ᠠ ᠠᠪᠴᠤ ᠪᠠᠢᠭᠠᠳ ᠱᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠵᠢ ᠨᠥᠭᠡᠴᠡᠯᠡᠵᠦ᠂ ᠴᠠᠰᠤᠨ ᠳ᠋ᠤ ᠳᠠᠷᠤᠭᠳᠠᠭᠰᠠᠨ ᠠᠮᠤ ᠪᠤᠳᠠᠭ᠎ᠠ ᠵᠢᠨ ᠬᠣᠬᠢᠷᠠᠯ ᠢ᠋ ᠪᠠᠭᠠᠰᠬᠠᠬᠤ ᠬᠡᠷᠡᠭᠲᠡᠢ ᠃

5. ᠨᠠᠮᠤᠷ ᠤ᠋ᠨ ᠠᠮᠤ ᠪᠤᠳᠠᠭ᠎ᠠ ᠬᠤᠳᠠᠯᠳᠤᠨ ᠠᠪᠬᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭᠠᠯ ᠢ᠋ ᠰᠠᠢᠳᠤᠷ ᠤᠢᠯᠠᠭᠠᠬᠤ ᠭᠡᠷᠡᠭᠳᠡᠢ᠃

ᠬᠤᠳᠠᠯᠳᠤᠨ ᠠᠪᠬᠤ ᠡᠳᠡᠭᠡᠳ᠎ᠤᠨ ᠨᠡᠢᠲᠡᠯᠡᠭᠰᠡᠨ ᠠᠮᠤ ᠪᠤᠳᠠᠭ᠎ᠠ ᠬᠤᠳᠠᠯᠳᠤᠨ ᠠᠪᠬᠤ ᠲᠥᠷᠥᠯ᠂ ᠶᠠᠰᠤ ᠴᠢᠨᠠᠷ ᠤ᠋ᠨ ᠱᠠᠭᠠᠷᠳᠠᠯᠭ᠎ᠠ᠂ ᠠᠷᠠᠯᠵᠢᠶᠠᠯᠠᠬᠤ ᠦᠨ᠎ᠡ ᠬᠠᠩᠰᠢ ᠵᠢᠨ ᠳᠦᠷᠢᠮ ᠵᠡᠷᠭᠡ ᠵᠢ ᠬᠢᠨᠠᠮᠠᠭᠠᠢ ᠤᠢᠯᠠᠭᠠᠵᠤ᠂ ᠠᠮᠤ ᠪᠤᠳᠠᠭ᠎ᠠ ᠪᠠᠨ ᠬᠤᠳᠠᠯᠳᠤᠬᠤ ᠳ᠋ᠠᠭᠠᠨ ᠬᠤᠨᠵᠢᠭᠳᠠᠬᠤ ᠮᠡᠬᠡᠯᠡᠭᠳᠡᠬᠦ ᠵᠢ ᠰᠡᠷᠭᠡᠢᠯᠡᠭᠡᠷᠡᠢ᠃

6. ᠬᠢᠵᠢᠭ᠎ᠤᠨ ᠰᠡᠷᠭᠡᠢᠯᠡᠯᠳᠡ ᠵᠢ ᠰᠠᠢᠳᠤᠷ ᠬᠢᠵᠦ ᠪᠡᠶ᠎ᠡ ᠮᠠᠬᠠᠪᠤᠳ ᠤ᠋ᠨ ᠠᠮᠤᠷ ᠲᠦᠪᠱᠢᠨ ᠵᠢᠨᠨ ᠠᠩᠬᠠᠷᠬᠤ ᠴᠢᠬᠤᠯᠠᠳᠠᠢ ᠃

ᠬᠢᠵᠢᠭ᠎ᠦ᠋ᠨ ᠪᠠᠢᠳᠠᠯ ᠡᠴᠡ ᠰᠡᠷᠭᠡᠢᠯᠡᠨ ᠬᠤᠪᠢ ᠪᠡᠶ᠎ᠡ ᠵᠢᠨ ᠡᠷᠡᠭᠦᠯ ᠴᠢᠬᠢᠷᠡᠬ ᠵᠢᠡᠨ ᠬᠠᠮᠠᠭᠠᠯᠠᠬᠤ ᠴᠢᠬᠤᠯᠠᠳᠠᠢ ; ᠬᠦᠮᠦᠨ ᠤᠯᠠᠨ ᠴᠤᠭᠯᠠᠷᠠᠭᠰᠠᠨ ᠭᠠᠵᠠᠷ ᠠᠮᠠᠪᠴᠢ ᠵᠡᠭᠦᠵᠦ᠂ ᠠᠮᠤ ᠪᠤᠳᠠᠭ᠎ᠠ ᠪᠠᠨ ᠬᠤᠳᠠᠯᠳᠤᠭᠰᠠᠨ ᠤ᠋ ᠳᠠᠷᠠᠭ᠎ᠠ ᠠᠵᠢᠯᠯᠠᠬᠤ ᠲᠣᠭᠣᠷᠢᠭ᠎ᠡᠴᠡ ᠲᠦᠷᠭᠡᠨ ᠰᠠᠯᠵᠤ ᠶᠠᠪᠤᠬᠤ ᠵᠢ ᠬᠢᠴᠢᠶᠡᠭᠡᠷᠡᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号