ᠡᠮᠨᠡᠯᠭᠡ᠎ᠶ᠋ᠢᠨ ᠳᠠᠭᠠᠳᠭᠠᠯ᠎ᠤᠨ ᠡᠯᠧᠺᠲᠷᠣᠨ ᠭᠡᠷᠡᠴᠢ ᠪᠠᠷᠢᠮᠲᠠ ᠪᠠᠨ ᠬᠡᠷᠡᠭ᠌ᠯᠡᠭᠡᠷᠡᠢ
2021-12-03 09:53:48
ᠵᠣᠬᠢᠶᠠᠭ᠍ᠴᠢ᠄
ᠶᠢᠰᠦᠨ᠎ᠡ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ᠎ᠤ ᠪᠠᠲᠤᠯᠠᠭ᠎ᠠ ᠶ᠋ᠢᠨ ᠲᠣᠪᠴᠢᠶ᠎ᠠ᠎ᠶ᠋ᠢᠨ ᠪᠠᠢᠷᠢᠯᠠᠭᠤᠯᠤᠯᠲᠠ ᠶᠣᠰᠣᠭᠠᠷ᠂ ᠬᠥᠬᠡᠬᠤᠲᠠ ᠡᠮᠴᠢᠯᠡᠬᠡᠨ᠎ᠤ ᠪᠠᠲᠤᠯᠠᠭ᠎ᠠ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠪᠠ᠃ ᠳᠠᠭᠠᠳᠭᠠᠯ᠎ᠳᠤ ᠣᠷᠣᠯᠴᠠᠭ᠍ᠰᠠᠳ ᠤᠳᠤ ᠡᠴᠡ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠬᠦᠷᠴᠤ᠌᠂ ᠡᠮᠨᠡᠯᠭᠡ᠎ᠶ᠋ᠢᠨ ᠳᠠᠭᠠᠳᠭᠠᠯ᠎ᠤᠨ ᠡᠯᠧᠺᠲᠷᠣᠨ ᠭᠡᠷᠡᠴᠢ ᠪᠠᠷᠢᠮᠲᠠ᠎ᠶ᠋ᠢ ᠬᠡᠷᠡᠭ᠌ᠯᠡᠨ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠤᠭ᠍ᠰᠠᠨ ᠲᠠᠩᠰᠠ᠎ᠪᠠᠨ ᠱᠢᠭᠤᠳ ᠪᠤᠳᠤᠵᠤ ᠪᠤᠯᠤᠨ᠎ᠠ᠃

ᠬᠥᠬᠡᠬᠤᠲᠠ᠎ᠶ᠋ᠢᠨ ᠡᠮᠴᠢᠯᠡᠬᠡᠨ᠎ᠤ ᠪᠠᠲᠤᠯᠠᠭ᠎ᠠ᠎ᠶ᠋ᠢᠨ ᠲᠤᠪᠴᠢᠶᠠᠨ᠎ᠤ ᠬᠢᠨ᠎ᠤ ᠲᠠᠨᠢᠯᠴᠠᠭᠤᠯᠤᠭ᠍ᠰᠠᠨ᠎ᠢᠶᠠᠷ᠂ ᠡᠮᠨᠡᠯᠭᠡ᠎ᠶ᠋ᠢᠨ ᠳᠠᠭᠠᠳᠭᠠᠯ᠎ᠤᠨ ᠡᠯᠧᠺᠲᠷᠣᠨ ᠭᠡᠷᠡᠴᠢ ᠪᠠᠷᠢᠮᠲᠠ ᠪᠤᠯ ᠤᠯᠤᠰ᠎ᠤᠨ ᠡᠮᠴᠢᠯᠡᠬᠡᠨ᠎ᠤ ᠪᠠᠲᠤᠯᠠᠭ᠎ᠠ ᠶ᠋ᠢᠨ ᠲᠣᠪᠴᠢᠶ᠎ᠠ᠎ᠠᠴᠠ ᠨᠢᠭᠡᠳᠦᠯᠲᠡᠶ ᠪᠠᠷᠢᠮᠵᠢᠶ᠎ᠠ ᠲᠣᠭ᠍ᠲᠠᠭᠠᠵᠤ᠂ ᠳᠠᠭᠠᠳᠭᠠᠯ᠎ᠳᠤ ᠣᠷᠣᠯᠴᠠᠭ᠍ᠰᠠᠳ᠎ᠲᠤ ᠣᠯᠭᠤᠭ᠍ᠰᠠᠨ ᠪᠥᠬᠦ᠌ ᠤᠯᠤᠰ᠎ᠤᠨ ᠴᠣᠷ᠎ᠤᠨ ᠭᠠᠭ᠍ᠴᠠ ᠰᠦᠯᠵᠢᠶᠡᠨ ᠳᠡᠭᠡᠷᠡᠬᠢ ᠡᠮᠨᠡᠯᠭᠡ᠎ᠶ᠋ᠢᠨ ᠳᠠᠭᠠᠳᠭᠠᠯ ᠎ᠤᠨ ᠭᠡᠷᠡᠴᠢ ᠪᠠᠷᠢᠮᠲᠠ ᠪᠣᠯᠤᠨ᠎ᠠ᠃ ᠡᠮᠨᠡᠯᠭᠡ᠎ᠶ᠋ᠢᠨ ᠳᠠᠭᠠᠳᠭᠠᠯ᠎ᠤᠨ ᠡᠯᠧᠺᠲᠷᠣᠨ ᠭᠡᠷᠡᠴᠢ ᠪᠠᠷᠢᠮᠲᠠ᠎ᠨᠢ 《ᠢᠨᠲ᠋ᠧᠷ ᠰᠦᠯᠵᠢᠶ᠎ᠡ + ᠡᠮᠨᠡᠯᠭᠡ᠎ᠶ᠋ᠢᠨ ᠳᠠᠭᠠᠳᠭᠠᠯ》ᠬᠡᠯᠪᠡᠷᠢ᠎ᠶᠢᠨ ᠠᠷᠠᠳ᠎ᠲᠤ ᠲᠥᠬᠦᠮ ᠦᠵᠡᠭᠦᠯᠵᠦ᠍ ᠠᠱᠢᠭ ᠬᠦᠷᠲᠡᠭᠡᠬᠦ᠌ ᠱᠢᠨ᠎ᠡ ᠠᠴᠢᠶᠠᠯᠠᠪᠤᠷᠢ ᠪᠠᠢᠵᠤ᠂ ᠪᠠᠷᠢᠮᠵᠢᠶ᠎ᠠ᠎ᠶ᠋ᠢ ᠨᠢ ᠪᠥᠬᠦ᠌ ᠤᠯᠤᠰ᠎ᠲᠤ ᠨᠢᠭᠡᠳᠦᠯᠲᠡᠶ ᠪᠠᠢᠯᠭᠠᠵᠤ᠂ ᠣᠷᠣᠨ ᠪᠦᠰᠡ ᠠᠯᠤᠰᠯᠠᠨ ᠬᠠᠷᠢᠯᠴᠠᠨ ᠮᠡᠳᠡᠷᠡᠵᠦ᠍᠂ ᠳᠠᠭᠠᠳᠭᠠᠯ᠎ᠳᠤ ᠣᠷᠣᠯᠴᠠᠭ᠍ᠰᠠᠳ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠡᠮᠨᠡᠯᠭᠡ᠎ᠶ᠋ᠢᠨ ᠳᠠᠭᠠᠳᠭᠠᠯ᠎ᠤᠨ ᠡᠯᠧᠺᠲᠷᠣᠨ ᠭᠡᠷᠡᠴᠢ ᠪᠠᠷᠢᠮᠲᠠ᠎ᠶ᠋ᠢᠨ ᠮᠡᠷᠬᠡᠨ ᠴᠤᠬᠤᠷ᠎ᠢᠶᠡᠨ ᠭᠠᠷᠭᠠᠨ ᠦᠵᠡᠭᠦᠯᠬᠦ᠌᠎ᠪᠠᠷ ᠳᠠᠮᠵᠢᠭᠤᠯᠤᠨ ᠺᠣᠳ᠋ ᠱᠢᠷᠪᠢᠵᠦ᠍ ᠡᠪᠡᠳᠴᠢᠨ ᠦᠵᠡᠭᠦᠯᠬᠦ᠂ ᠡᠮ ᠬᠤᠳᠠᠯᠳᠤᠨ ᠠᠪᠬᠤ᠎ᠶ᠋ᠢ ᠪᠡᠶᠡᠯᠡᠭᠦᠯᠵᠦ᠍᠂ ᠪᠥᠬᠦ᠌ ᠤᠯᠤᠰ᠎ᠲᠤ ᠡᠮᠨᠡᠯᠭᠡ᠎ᠶ᠋ᠢᠨ ᠳᠠᠭᠠᠳᠭᠠᠯ᠎ᠤᠨ ᠪᠣᠶ ᠪᠥᠬᠦᠶ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌᠎ᠳᠤ ᠪᠤᠰᠤᠳ ᠺᠠᠷᠲ ᠠᠪᠬᠤ ᠴᠢᠬᠤᠯᠠ ᠥᠬᠡᠶ ᠶᠤᠮ᠃

ᠡᠮᠨᠡᠯᠭᠡ᠎ᠶ᠋ᠢᠨ ᠳᠠᠭᠠᠳᠭᠠᠯ᠎ᠤᠨ ᠡᠯᠧᠺᠲᠷᠣᠨ ᠭᠡᠷᠡᠴᠢ ᠪᠠᠷᠢᠮᠲᠠ᠎ᠶ᠋ᠢ ᠤᠯᠤᠰ᠎ᠤᠨ ᠡᠮᠨᠡᠯᠭᠡ᠎ᠶ᠋ᠢᠨ ᠳᠠᠭᠠᠳᠭᠠᠯ᠎ᠤᠨ ᠦᠶ᠋ᠯᠡᠴᠢᠯᠡᠭᠡᠨ᠎ᠤ ᠲᠠᠪᠴᠠᠩ᠎ᠤᠨ APP᠂ ᠥᠪᠥᠷ ᠮᠣᠩᠭᠤᠯ᠎ᠤᠨ ᠡᠮᠨᠡᠯᠭᠡ᠎ᠶ᠋ᠢᠨ ᠳᠠᠭᠠᠳᠭᠠᠯ᠎ᠤᠨ APP᠂ ᠵᠢᠷᠬᠢᠶ᠎ᠠ᠂ ᡁᠢ ᠹᠦ᠋ ᠪᠤᠣ᠂ ᠪᠠᠩᠬᠢ᠂ ᠶᠦᠨ ᠱᠠᠨ ᠲᠣᠭᠠᠴᠠᠭ᠎ᠠ ᠵᠡᠷᠭᠡ ᠤᠯᠤᠰ᠎ᠤᠨ ᠡᠮ ᠡᠮᠨᠡᠯᠭᠡ᠎ᠶ᠋ᠢᠨ ᠪᠠᠲᠤᠯᠠᠭ᠎ᠠ ᠶ᠋ᠢᠨ ᠲᠣᠪᠴᠢᠶ᠎ᠠ᠎ᠠᠴᠠ ᠡᠷᠬᠡ ᠣᠯᠭᠤᠭ᠍ᠰᠠᠨ ᠭᠤᠷᠪᠠᠳᠠᠬᠢ ᠡᠲᠡᠭᠡᠳ᠎ᠤᠨ ᠠᠷᠭ᠎ᠠ ᠵᠠᠮ᠎ᠢᠶᠠᠷ ᠬᠡᠷᠡᠭ᠌ᠯᠡᠵᠦ᠍ ᠪᠣᠯᠤᠨ᠎ᠠ᠃

QQ截图20211203094524.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号