12 ᠰᠠᠷ᠎ᠠ᠎ᠶ᠋ᠢᠨ 21 ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ
ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ
ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ
ᠪᠠᠩᠭᠢ᠎ᠳᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ
ᠪᠦᠷᠢᠯᠳᠦᠬᠦᠨ᠂ ᠠᠵᠤ ᠠᠬᠤᠶ᠎ᠶ᠋ᠢᠨ ᠡᠳᠦᠷ᠎ᠦᠨ ᠰᠣᠨᠢᠨ᠎ᠤ ᠬᠣᠷᠢᠶ᠎ᠠ᠎ᠶ᠋ᠢᠨ ᠥᠪᠥᠷ ᠮᠣᠩᠭᠣᠯ᠎ᠤᠨ ᠰᠤᠷᠪᠤᠯᠵᠢᠯᠠᠭ᠍ᠴᠢ᠎ᠶ᠋ᠢᠨ
ᠥᠷᠲᠡᠭᠡ᠎ᠶ᠋ᠢᠨ ᠳᠠᠷᠤᠭ᠎ᠠ ᠴᠧᠨ ᠯᠢ ᠲᠥᠬᠥᠮ ᠣᠢᠯᠠᠭᠠᠮᠵᠢᠲᠠᠶ ᠦᠭᠡ ᠶᠠᠷᠢᠶ᠎ᠠ ᠪᠠ ᠶᠡᠬᠡ ᠬᠡᠮᠵᠢᠶᠡᠨ᠎ᠦ ᠪᠣᠳᠠᠲᠤ
ᠵᠢᠱ᠌ᠢᠶ᠎ᠡ ᠲᠣᠭ᠎ᠠ ᠪᠠᠷᠢᠮᠲᠠ᠎ᠪᠠᠷ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ
ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠢᠯᠪᠤᠷᠢᠯᠠᠭ᠍ᠰᠠᠨ ᠪᠥᠭᠡᠳ 《ᠥᠴᠥᠭᠡᠳᠦᠷ᠎ᠦᠨ ᠬᠦᠴᠢᠷ ᠵᠣᠪᠠᠯᠠᠩ ᠪᠠ ᠬᠡᠷᠡᠯ ᠰᠠᠴᠤᠷᠠᠩᠭᠤᠶ ᠠᠮᠵᠢᠯᠲᠠ ᠪᠠᠨ ᠮᠠᠷᠲᠠᠬᠤ ᠥᠬᠡᠶ》᠂ 《ᠥᠨᠥᠳᠦᠷ᠎ᠦᠨ ᠡᠭᠦᠷᠭᠡ ᠬᠠᠷᠢᠭᠤᠴᠠᠯᠭ᠎ᠠ᠎ᠳᠠᠭᠠᠨ ᠣᠰᠣᠯᠳᠠᠬᠤ ᠥᠬᠡᠶ》᠂ 《ᠮᠠᠷᠭᠠᠰᠢ᠎ᠶ᠋ᠢᠨ ᠠᠭᠤᠤ ᠶᠡᠬᠡ ᠬᠦᠰᠡᠯ ᠵᠡᠭᠦᠳᠦ᠍᠎ᠪᠡᠨ ᠬᠥᠰᠡᠷᠳᠡᠭᠦᠯᠬᠦ᠌ ᠥᠬᠡᠶ》ᠭᠡᠬᠦ᠌ ᠭᠤᠷᠪᠠᠨ ᠪᠦᠯᠦᠭ᠎ᠢᠶᠡᠷ《ᠨᠠᠮ᠎ᠤᠨ ᠵᠠᠭᠤᠨ
ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡ᠎ᠶ᠋ᠢᠨ ᠲᠤᠷᠱᠢᠯᠭ᠎ᠠ᠎ᠶ᠋ᠢᠨ ᠲᠤᠬᠠᠶ
ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢ》᠎ᠶ᠋ᠢᠨ ᠭᠤᠤᠯ ᠠᠭᠤᠯᠭ᠎ᠠ᠎ᠶ᠋ᠢ ᠲᠣᠳᠣᠷᠬᠠᠢᠯᠠᠨ ᠥᠭᠦᠯᠡᠪᠡ᠃ ᠤᠬᠠᠭᠤᠯᠤᠨ ᠲᠠᠢᠯᠪᠤᠷᠢᠯᠠᠭᠰᠠᠨ
ᠠᠭᠤᠯᠭ᠎ᠠ᠎ᠶ᠋ᠢᠨ ᠭᠣᠣᠯ ᠰᠡᠳᠦᠪ ᠨᠢ ᠢᠯᠡ ᠲᠣᠳᠣ᠂ ᠪᠦᠲᠦᠴᠡ ᠨᠢ ᠠᠪᠰᠠᠷᠬᠠᠨ᠂ ᠳᠡᠰ ᠳᠠᠪᠬᠤᠷᠭ᠎ᠠ ᠨᠢ ᠲᠣᠳᠣᠷᠬᠠᠢ
ᠪᠠᠢᠵᠤ᠂ ᠤᠯᠤᠰ ᠲᠦᠷᠦ᠍᠎ᠶ᠋ᠢᠨ ᠦᠨᠳᠦᠷᠴᠡ ᠲᠠᠢ ᠮᠥᠷᠲᠡᠭᠡᠨ ᠪᠠᠰᠠ ᠤᠨᠤᠯ᠎ᠤᠨ ᠭᠦᠨᠴᠡ᠎ᠲᠡᠶ ᠪᠠᠢᠵᠤ᠂ ᠦᠨᠳᠦᠰᠦᠨ
ᠱᠠᠲᠤᠨ᠎ᠤ ᠺᠠᠳ᠋ᠷᠴᠤᠳ ᠤ᠋ᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ
ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ᠂ ᠣᠨᠣᠪᠴᠢᠲᠠᠢ ᠡᠵᠡᠮᠱᠢᠵᠦ᠍᠂ ᠪᠦᠬᠦ᠌ ᠲᠠᠯ᠎ᠠ᠎ᠪᠠᠷ
ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠲᠤᠢᠯ᠎ᠤᠨ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠃
《ᠤᠬᠠᠭᠤᠯᠤᠨ ᠲᠠᠢᠯᠪᠤᠷᠢᠯᠠᠭ᠍ᠰᠠᠨ ᠨᠢ ᠭᠣᠢᠳᠠ ᠰᠠᠢᠬᠠᠨ ᠠᠮᠢᠳᠤᠯᠢᠭ᠂ ᠠᠭᠤᠯᠤᠭ᠍ᠳᠠᠬᠤᠨ ᠨᠢ ᠪᠠᠶᠠᠯᠢᠭ
ᠪᠠᠢᠵᠤ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ
ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠢ ᠨᠡᠩ ᠭᠦᠨᠵᠡᠭᠡᠢ᠂ ᠱᠢᠰᠲ᠋ᠧᠮ᠎ᠲᠡᠶ ᠣᠢᠯᠠᠭᠠᠯᠲᠠ ᠪᠠ ᠲᠠᠨᠢᠯᠲᠠ᠎ᠲᠠᠶ
ᠪᠣᠯᠪᠠ᠃ ᠲᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠣᠯ ᠪᠠᠩᠬᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ
ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ
ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ
ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠨ ᠰᠠᠢᠲᠤᠷ ᠠᠳᠭᠤᠨ
ᠪᠣᠳᠠᠲᠠᠶ ᠠᠳᠭᠤᠵᠤ᠂ ᠮᠥᠩᠭᠥᠨ ᠭᠦᠶ᠋ᠯᠭᠡᠭᠡ ᠪᠡᠷ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠶ᠋ᠯᠡᠴᠢᠯᠡᠬᠦ᠌᠂
ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠬᠤ ᠵᠡᠷᠭᠡ ᠲᠠᠯ᠎ᠠ᠎ᠶ᠋ᠢᠨ ᠢᠳᠡᠪᠬᠢ
ᠦᠶ᠋ᠯᠡᠳᠦᠯ᠎ᠢ ᠤᠯᠠᠮ ᠴᠢᠨᠠᠭ᠍ᠰᠢᠳᠠ ᠪᠠᠳᠠᠷᠠᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ
ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠳᠦ ᠱᠢᠨ᠎ᠡ ᠬᠦᠴᠦᠨ
ᠴᠢᠳᠠᠯ᠎ᠢᠶᠠᠨ ᠡᠷᠭᠦᠨ᠎ᠠ》 ᠭᠡᠵᠦ᠍ ᠥᠪᠥᠷ
ᠮᠣᠩᠭᠣᠯ ᠪᠠᠩᠬᠢ᠎ᠶ᠋ᠢᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠢᠦᠶ ᠱᠢᠤᠸᠠᠢ
ᠵᠥᠩ ᠬᠡᠯᠡᠪᠡ᠃
ᠥᠪᠥᠷ ᠮᠣᠩᠭᠣᠯ ᠪᠠᠩᠬᠢ᠎ᠶ᠋ᠢᠨ ᠬᠥᠬᠡᠬᠣᠲᠠ ᠵᠢᠨ ᠬᠤᠪᠢᠶᠠᠷᠢ ᠪᠠᠩᠬᠢ᠎ᠶ᠋ᠢᠨ
ᠪᠠᠢᠭᠤᠯᠭ᠎ᠠ᠎ᠶ᠋ᠢᠨ ᠳᠥᠷᠪᠡᠳᠦᠭᠡᠷ ᠨᠠᠮ᠎ᠤᠨ ᠡᠭᠦᠷ᠎ᠦᠨ ᠭᠡᠱᠢᠭᠦᠨ᠂ ᠲᠤᠰᠠᠭᠠᠷ ᠬᠢᠨᠠᠨ ᠵᠥᠪᠱᠢᠶᠡᠷᠡᠭ᠌ᠴᠢ ᠰᠤ᠌
ᠱᠧᠩ᠄ 《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠪᠢ ᠭᠦᠨ ᠰᠡᠩᠬᠡᠷᠡᠭᠦᠯᠦᠯ
ᠪᠠ ᠬᠥᠮᠦᠵᠢᠯ ᠬᠦᠷᠳᠡᠪᠡ᠃ ᠢᠲᠡᠭᠡᠮᠵᠢᠲᠦ ᠵᠢᠭᠡᠯᠡᠯᠭᠡ᠎ᠶ᠋ᠢ ᠬᠢᠨᠠᠨ ᠵᠥᠪᠱᠢᠶᠡᠷᠡᠭ᠌ᠴᠢ ᠪᠣᠯᠤᠭ᠍ᠰᠠᠨ᠎ᠤ ᠬᠤᠪᠢ᠎ᠳᠤ᠂
ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ
ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠢ ᠠᠵᠢᠯ᠎ᠳᠠᠭᠠᠨ ᠨᠠᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ
ᠪᠠᠲᠤ ᠴᠡᠭᠡᠵᠢᠯᠡᠬᠦ᠌᠂ ᠵᠠᠮ ᠨᠡᠭᠡᠭᠡᠨ ᠱᠢᠨ᠎ᠡ᠎ᠶ᠋ᠢ ᠡᠭᠦᠳᠬᠦ᠌ ᠳᠤᠮᠳᠠ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂
ᠢᠲᠡᠭᠡᠮᠵᠢᠲᠦ ᠵᠢᠭᠡᠯᠡᠯᠭᠡ᠎ᠶ᠋ᠢᠨ ᠲᠤᠬᠠᠢᠯᠠᠭ᠍ᠰᠠᠨ ᠠᠵᠢᠯ᠎ᠤᠨ ᠱᠢᠨ᠎ᠡ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠤ ᠬᠡᠯᠡᠪᠡ᠃
ᠤᠬᠠᠭᠤᠯᠤᠨ ᠲᠠᠢᠯᠪᠤᠷᠢᠯᠠᠯᠳᠠ ᠨᠢ ᠸᠢᠳᠢᠣ᠋ ᠬᠡᠯᠪᠡᠷᠢ᠎ᠪᠡᠷ ᠶᠠᠪᠤᠭ᠍ᠳᠠᠵᠤ᠂
ᠥᠪᠥᠷ ᠮᠣᠩᠭᠣᠯ ᠪᠠᠩᠬᠢ᠎ᠶ᠋ᠢᠨ ᠶᠡᠷᠦᠩᠬᠡᠢ ᠪᠠᠩᠬᠢ ᠪᠣᠯᠤᠨ ᠡᠯ᠎ᠡ ᠠᠢᠮᠠᠭ ᠬᠤᠳᠠ᠎ᠶ᠋ᠢᠨ ᠬᠤᠪᠢᠶᠠᠷᠢ ᠪᠠᠩᠬᠢ᠂
ᠮᠠᠨᠵᠤᠤᠷ᠎ᠤᠨ ᠰᠠᠯᠪᠤᠷᠢ ᠪᠠᠩᠬᠢ᠎ᠶ᠋ᠢᠨ ᠨᠠᠮ᠎ᠤᠨ ᠭᠡᠱᠢᠭᠦᠨ ᠺᠠᠳ᠋ᠷᠴᠤᠳ ᠲᠤᠰ ᠲᠤᠰ ᠭᠣᠣᠯ ᠬᠤᠷᠠᠯ᠎ᠤᠨ ᠲᠠᠯᠠᠪᠠᠢ
ᠪᠣᠯᠤᠨ ᠬᠤᠪᠢᠶᠠᠷᠢ ᠬᠤᠷᠠᠯ᠎ᠤᠨ ᠲᠠᠯᠠᠪᠠᠢ᠎ᠳᠤ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠴᠠᠢ᠃