ᠦᠪᠡᠷᠲᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ 《ᠦᠨᠳᠦᠰᠦᠨ ᠬᠠᠥᠯᠢ ᠎ᠶᠢᠨ ᠤᠬᠠᠭᠤᠯᠭ᠎ᠠ ᠎ᠶᠢᠨ ᠭᠠᠷᠠᠭ》᠎ᠤ᠋ᠨ ᠰᠢᠷᠢᠰ ᠠᠵᠢᠯᠯᠠᠭ᠎ᠠ ᠦᠷᠨᠢᠬᠦᠯᠪᠡ
2021-12-30 10:36:52
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠦᠪᠡᠷᠲᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ 《ᠰᠢ ᠵᠢᠨ ᠫᠢᠩ᠎ᠤᠨ ᠬᠠᠥᠯᠢᠵᠢᠯ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠦ᠂ ᠳᠤᠮᠳᠠᠳᠦ ᠤᠯᠤᠰ᠎ᠤᠨ ᠤᠨᠴᠠᠯᠢᠭ ᠳᠠᠢ ᠨᠡᠢᠬᠡᠮ ᠵᠢᠷᠦᠮ᠎ᠤᠨ ᠬᠠᠥᠯᠢᠵᠢᠯ᠎ᠤᠨ ᠵᠠᠮ᠎ᠢᠶᠡᠷ ᠡᠷᠡᠰ ᠭᠤᠢᠪᠢᠰᠢ ᠦᠬᠡᠢ ᠵᠠᠮᠨᠠᠶ᠎ᠠ》ᠭᠡᠬᠦ ᠭᠤᠤᠯ ᠰᠡᠳᠦᠪᠲᠦ 《ᠦᠨᠳᠦᠰᠦᠨ ᠬᠠᠥᠯᠢ᠎ᠶᠢᠨ ᠤᠬᠠᠭᠤᠯᠭ᠎ᠠ᠎ᠶᠢᠨ ᠭᠠᠷᠠᠭ》᠎ᠤ᠋ᠨ ᠰᠢᠷᠢᠰ ᠤᠬᠠᠭᠤᠯᠭ᠎ᠠ ᠬᠦᠮᠦᠵᠢᠯ ᠎ᠤᠨ ᠠᠵᠢᠯᠯᠠᠭ᠎ᠠ ᠦᠷᠨᠢᠬᠦᠯᠪᠡ᠃

ᠤᠬᠠᠭᠤᠯᠭ᠎ᠠ᠎ᠬᠦᠮᠦᠵᠢᠯ᠎ᠤᠨ᠎ᠠᠵᠢᠯᠯᠠᠭ᠎ᠠ᠎ᠨᠢ᠎ᠨᠠᠮ᠎ᠤᠨ᠎ᠡᠬᠦᠷ᠎ᠤᠨ᠎ᠵᠤᠬᠢᠶᠠᠨ ᠪᠠᠢᠭᠤᠯᠤᠯᠲᠠ᠎ᠵᠢᠨ ᠰᠤᠷᠤᠯᠴᠠᠯᠭ᠎ᠠ ᠪᠠ ᠲᠤᠰᠬᠠᠢ ᠰᠡᠳᠦᠪᠲᠦ ᠲᠠᠢᠯᠤᠮᠵᠢ ᠬᠢᠬᠦ ᠵᠡᠷᠭᠡ ᠬᠡᠯᠪᠡᠷᠢ ᠪᠡᠷ ᠳᠠᠮᠵᠢᠭᠤᠯᠤᠨ ᠬᠠᠥᠯᠢ ᠲᠦᠭᠡᠮᠡᠯᠵᠢᠬᠦᠯᠬᠦ ᠰᠢᠷᠢᠰ ᠤᠬᠠᠭᠤᠯᠭ᠎ᠠ ᠬᠦᠮᠦᠵᠢᠯ᠎ᠤᠨ ᠠᠵᠢᠯᠯᠠᠭ᠎ᠠ᠎ᠶᠢ ᠦᠷᠨᠢᠬᠦᠯᠬᠦ᠎ᠶᠢᠨ ᠬᠠᠮᠳᠦ᠂ ᠦᠪᠡᠷᠲᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠵᠢᠴᠢ ᠬᠠᠷᠢᠶ᠎ᠠ ᠨᠢᠭᠡᠴᠢ᠎ᠶᠢᠨ ᠤᠳᠤᠷᠢᠳᠬᠤ ᠺᠠᠳ᠋ᠷ᠂ ᠤᠨᠴᠠᠭᠠᠢ ᠠᠵᠢᠯ ᠮᠡᠷᠭᠡᠵᠢᠯ᠎ᠤᠨ ᠰᠤᠷᠭᠠᠭᠤᠯᠢ ᠎ᠶᠢᠨ ᠪᠠᠬᠰᠢ ᠰᠤᠷᠤᠬᠴᠢᠳ ᠎ᠲᠤ 《ᠰᠢ ᠵᠢᠨ ᠫᠢᠩ᠎ᠤᠨ ᠬᠠᠥᠯᠢᠵᠢᠯ᠎ᠤᠨ ᠦᠵᠡᠯ ᠰᠠᠨᠠᠭ᠎ᠠ》᠂《ᠦᠨᠳᠦᠰᠦᠨ ᠬᠠᠥᠯᠢ》᠂ 《ᠢᠷᠭᠡᠨ᠎ᠤ ᠬᠠᠥᠯᠢ ᠎ᠶᠢᠨ ᠪᠢᠴᠢᠭ》 ᠵᠡᠷᠭᠡ ᠰᠤᠷᠤᠯᠴᠠᠬᠤ ᠭᠠᠷ ᠳᠡᠪᠲᠡᠷ᠎ᠢ 400 ᠭᠠᠷᠤᠢ ᠲᠠᠷᠬᠠᠭᠠᠵᠦ᠂ ᠨᠡᠢᠲᠡ 350 ᠬᠦᠮᠦᠨ ᠤᠳᠠᠭ᠎ᠠ᠎ᠳᠤ ᠦᠨᠳᠦᠰᠦᠨ ᠬᠠᠥᠯᠢ᠂ ᠢᠷᠭᠡᠨ᠎ᠤ ᠬᠠᠥᠯᠢ ᠎ᠶᠢᠨ ᠪᠢᠴᠢᠭ ᠵᠢᠴᠢ ᠰᠢ ᠵᠢᠨ ᠫᠢᠩ᠎ᠤᠨ ᠬᠠᠥᠯᠢᠵᠢᠯ ᠎ᠤᠨ ᠦᠵᠡᠯ ᠰᠠᠨᠠᠭ᠎ᠠ᠎ᠶᠢᠨ ᠬᠠᠥᠯᠢ ᠲᠦᠭᠡᠮᠡᠯᠵᠢᠬᠦᠯᠬᠦ ᠤᠬᠠᠭᠤᠯᠭ᠎ᠠ ᠬᠦᠮᠦᠵᠢᠯ ᠬᠢᠵᠦ᠂ ᠬᠦᠨ ᠵᠤᠵᠠᠭᠠᠨ ᠬᠠᠥᠯᠢᠵᠢᠯ᠎ᠤᠨ ᠤᠷᠴᠢᠨ᠎ᠢ ᠪᠤᠢ ᠪᠤᠯᠭᠠᠵᠦ᠂ ᠤᠳᠤᠷᠢᠳᠬᠤ ᠺᠠᠳ᠋ᠷ ᠵᠢᠴᠢ ᠦᠷᠬᠡᠨ ᠤᠯᠠᠨ ᠵᠡᠮᠳᠡᠭᠴᠤᠳ᠎ᠤᠨ ᠬᠤᠯᠪᠤᠭ᠎ᠠ ᠵᠢᠨ ᠠᠵᠢᠯᠲᠠᠨ᠂ ᠵᠡᠮᠳᠡᠭᠴᠤᠳ᠎ᠦᠨ ᠰᠢᠨ᠎ᠡ ᠴᠠᠬ ᠦᠶ᠎ᠡ᠎ᠶᠢᠨ ᠦᠨᠳᠦᠰᠦᠨ ᠎ᠬᠠᠥᠯᠢ᠎ᠶᠤᠰᠤᠭᠠᠷ ᠎ᠤᠯᠤᠰ᠎ᠢᠶᠡᠨ᠎ᠵᠠᠰᠠᠬᠤ᠂ ᠦᠨᠳᠦᠰᠦᠨ᠎ᠬᠠᠥᠯᠢ ᠶᠤᠰᠤᠭᠠᠷ᠎ᠲᠦᠷᠦ ᠪᠠᠷᠢᠬᠤ᠎ᠶᠢᠨ᠎ᠠᠭᠤᠯᠤᠬᠳᠠᠬᠤᠨ᠎ᠪᠠ᠎ᠠᠴᠢ ᠬᠤᠯᠪᠤᠬᠳᠠᠯ᠎ᠤᠨ ᠲᠤᠬᠠᠢ ᠲᠠᠨᠢᠯᠲᠠ᠎ᠶᠢ ᠴᠢᠨᠠᠬᠰᠢᠳᠠ ᠳᠡᠭᠡᠭᠰᠢᠯᠡᠬᠦᠯᠪᠡ᠃ ᠡᠬᠦᠨ᠎ᠳᠤ᠂ ᠡᠯ᠎ᠡ ᠠᠢᠮᠠᠭ ᠬᠤᠲᠠ᠎ᠶᠢᠨ ᠵᠡᠮᠳᠡᠭᠴᠤᠳ᠎ᠤᠨ ᠬᠤᠯᠪᠤᠭ᠎ᠠ ᠡᠴᠡ ᠪᠠᠰᠠ《ᠦᠪᠡᠷᠲᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠎ᠶᠢᠨ 2021 ᠤᠨ᠎ᠤ 〈ᠦᠨᠳᠦᠰᠦᠨ ᠬᠠᠥᠯᠢ᠎ᠶᠢᠨ ᠤᠬᠠᠭᠤᠯᠭ᠎ᠠ᠎ᠶᠢᠨ ᠭᠠᠷᠠᠭ〉᠎ᠤ᠋ᠨ ᠠᠵᠢᠯᠯᠠᠭ᠎ᠠ᠎ᠶᠢᠨ ᠲᠦᠰᠦᠯ》᠎ᠢ᠋ ᠦᠨᠳᠦᠰᠦᠯᠡᠨ᠂ ᠲᠤᠬᠠᠢ᠎ᠶᠢᠨ ᠭᠠᠵᠠᠷ ᠲᠠᠭᠠᠨ《ᠦᠨᠳᠦᠰᠦᠨ ᠬᠠᠥᠯᠢ᠎ᠶᠢᠨ ᠤᠬᠠᠭᠤᠯᠭ᠎ᠠ᠎ᠶᠢᠨ ᠭᠠᠷᠠᠭ》 ᠎ᠤ᠋ᠨ ᠠᠵᠢᠯᠯᠠᠭ᠎ᠠ ᠦᠷᠨᠢᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号