ᠲᠦᠷᠦᠭᠦᠭᠡᠨ᠂ ᠬᠥᠬᠡᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠵᠥᠪᠯᠡᠯ᠂ ᠬᠥᠬᠡᠬᠣᠲᠠ ᠵᠢᠨ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ᠂ ᠬᠥᠬᠡᠬᠣᠲᠠ ᠵᠢᠨ ᠰᠠᠢᠬᠠᠨ ᠲᠣᠭᠣᠷᠢᠭ᠎ᠤᠨ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ ᠵᠡᠷᠭᠡ ᠨᠢᠭᠡᠴᠢ᠎ᠠᠴᠠ ᠭᠤᠤᠯᠯᠠᠨ ᠡᠷᠭᠢᠯᠡᠭᠰᠡᠨ《ᠠᠮᠢ ᠨᠠᠰᠤ᠎ᠶ᠋ᠢ ᠳᠡᠭᠡᠳᠦᠯᠡᠵᠦ᠍ ᠠᠢᠽ ᠡᠪᠡᠳᠴᠢᠨ ᠢ᠋ ᠡᠴᠦᠰᠯᠡᠭᠦᠯᠤᠨ ᠡᠷᠡᠭᠦᠯ ᠮᠡᠨᠳᠦ᠍᠎ᠶ᠋ᠢ ᠡᠷᠬᠡ ᠲᠡᠭ᠌ᠰᠢ ᠪᠠᠢᠯᠭᠠᠬᠤ》 ᠨᠡᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠠᠵᠢᠯᠯᠠᠭ᠎ᠠ ᠬᠦᠬᠡᠬᠤᠳᠠ᠎ᠵᠢᠨ ᠰᠠᠢᠬᠠᠨ ᠲᠣᠭᠣᠷᠢᠭ᠎ᠲᠤ ᠶᠠᠪᠤᠭ᠍ᠳᠠᠪᠠ᠃
ᠤᠢᠯᠠᠭᠠᠭᠰᠠᠨ᠎ᠵᠢᠡᠷ᠂ ᠤᠬᠠᠭᠤᠯᠭ᠎ᠠ ᠵᠢᠨ ᠠᠵᠢᠯᠯᠠᠭ᠎ᠠ ᠨᠢ ᠠᠷᠠᠳ ᠣᠯᠠᠨ᠎ᠤ ᠦᠵᠡᠵᠦ᠍ ᠰᠣᠨᠣᠰᠭᠤ ᠳᠤᠷᠠᠲᠠᠶ ᠬᠡᠯᠪᠡᠷᠢ᠎ᠪᠡᠷ ᠠᠢᠽ ᠡᠪᠡᠳᠴᠢᠨ ᠤ᠋ ᠬᠤᠤᠷ ᠬᠥᠨᠥᠭᠡᠯ᠂ ᠰᠡᠷᠭᠡᠢᠯᠡᠨ ᠵᠠᠰᠠᠬᠤ ᠮᠡᠳᠡᠯᠭᠡ ᠵᠢᠴᠢ ᠬᠠᠮᠢᠶ᠎ᠠ ᠪᠦᠬᠦᠢ ᠬᠠᠤᠯᠢ ᠲᠣᠭ᠍ᠲᠠᠭᠠᠯ ᠲᠥᠷᠥ ᠵᠢᠨ ᠪᠣᠳᠣᠯᠭ᠎ᠠ᠎ᠶ᠋ᠢ ᠥᠷᠭᠡᠨᠵᠢᠡᠷ ᠤᠬᠠᠭᠤᠯᠵᠦ᠂ ᠨᠡᠢᠭᠡᠮ ᠲᠣᠭᠣᠷᠢᠭ᠎ᠤᠨ ᠡᠮᠡᠭ᠌ᠲᠡᠢᠴᠦᠳ᠂ ᠨᠡᠭᠦᠳᠡᠯ ᠬᠥᠮᠦᠨ ᠠᠮᠠ᠂ ᠵᠠᠯᠠᠭᠤ ᠰᠤᠷᠤᠭ᠍ᠴᠢᠳ᠂ ᠨᠠᠰᠤᠲᠠᠢᠴᠤᠳ ᠪᠠ ᠬᠢᠨᠠᠨ ᠬᠠᠮᠢᠶᠠᠷᠤᠭ᠍ᠳᠠᠵᠤ ᠪᠠᠢᠭ᠎ᠠ ᠬᠥᠮᠦᠰ᠎ᠲᠦ ᠴᠢᠭ᠌ᠯᠡᠭᠦᠯᠦᠭ᠌ᠰᠡᠨ ᠭᠣᠣᠯᠳᠠᠯᠭ᠎ᠠ᠎ᠲᠠᠶ ᠤᠬᠠᠭᠤᠯᠭ᠎ᠠ ᠬᠥᠮᠦᠵᠢᠯ ᠤ᠋ᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠪᠡ᠃ ᠣᠢᠷ᠎ᠠ ᠵᠢᠨ ᠵᠢᠯ ᠳ᠋ᠦ᠂ ᠮᠠᠨ᠎ᠤ ᠣᠷᠣᠨ᠎ᠤ ᠠᠢᠽ ᠡᠪᠡᠳᠴᠢᠨ ᠳ᠋ᠦ ᠬᠠᠯᠳᠠᠪᠤᠷᠢᠯᠠᠭ᠍ᠳᠠᠭ᠍ᠰᠠᠳ ᠪᠠ ᠡᠪᠡᠳᠴᠢᠲᠡᠨ ᠤ᠋ ᠮᠡᠳᠡᠭᠦᠯᠦᠯᠲᠡ ᠵᠢᠨ ᠲᠣᠭ᠎ᠠ ᠬᠡᠮᠵᠢᠶ᠎ᠡ ᠮᠥᠨ ᠯᠡ ᠳᠡᠭᠡᠭ᠌ᠰᠢᠯᠡᠬᠦ᠌ ᠬᠠᠨᠳᠤᠰᠢ᠎ᠲᠠᠶ ᠪᠠᠢᠵᠤ᠂ ᠨᠡᠢᠲᠡ ᠮᠡᠳᠡᠭᠦᠯᠦᠭ᠌ᠰᠡᠨ ᠣᠳᠣ ᠵᠢᠨ ᠠᠮᠢᠳᠤᠷᠠᠵᠤ ᠪᠠᠢᠭ᠎ᠠ ᠠᠢᠽ ᠡᠪᠡᠳᠴᠢᠨ ᠳ᠋ᠦ ᠨᠡᠷᠪᠡᠭᠳᠡᠭᠰᠡᠨ ᠡᠪᠡᠳᠴᠢᠲᠡᠨ ᠤ᠋ ᠲᠣᠭ᠎ᠠ ᠪᠦᠬᠦ᠌ ᠤᠯᠤᠰ᠎ᠤᠨ ᠡᠯ᠎ᠡ ᠮᠤᠵᠢ ᠬᠣᠲᠠ ᠥᠪᠡᠷᠲᠡᠭᠡᠨ ᠵᠠᠰᠠᠬᠤ ᠣᠷᠣᠨ᠎ᠳᠤ 26 ᠳ᠋ᠤᠭᠠᠷ᠎ᠲᠤ ᠵᠢᠭ᠍ᠰᠠᠭᠠᠭ᠍ᠳᠠᠵᠤ ᠪᠠᠢᠨ᠎ᠠ᠃ ᠣᠳᠣ ᠮᠠᠨ᠎ᠤ ᠣᠷᠣᠨ᠎ᠳᠤ ᠰᠠᠭᠤᠵᠤ ᠪᠠᠢᠭ᠎ᠠ ᠬᠠᠯᠳᠠᠪᠤᠷᠢᠯᠠᠭ᠍ᠰᠠᠳ ᠪᠠ ᠡᠪᠡᠳᠴᠢᠲᠡᠨ 20 — 49 ᠨᠠᠰᠤᠨ᠎ᠤ ᠢᠳᠡᠷ ᠵᠠᠯᠠᠭᠤᠴᠤᠳᠵᠢᠡᠷ ᠭᠣᠣᠯᠯᠠᠵᠤ᠂ ᠪᠡᠯᠭᠡ ᠵᠢᠨ ᠠᠵᠢᠯᠯᠠᠭ᠎ᠠ᠎ᠪᠠᠷ ᠳᠠᠮᠵᠢᠵᠤ ᠬᠠᠯᠳᠠᠪᠤᠷᠢᠯᠠᠭᠰᠠᠨ ᠨᠢ ᠣᠯᠠᠩᠬᠢ ᠲᠣᠭ᠎ᠠ᠎ᠶ᠋ᠢ ᠡᠵᠡᠯᠡᠨ ᠭᠣᠣᠯ ᠬᠠᠯᠳᠠᠪᠤᠷᠢᠯᠠᠬᠤ ᠠᠷᠭ᠎ᠠ ᠵᠠᠮ ᠪᠣᠯᠵᠤ ᠪᠠᠢᠨ᠎ᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号