ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ
2021-12-31 09:18:57
ᠵᠣᠬᠢᠶᠠᠭ᠍ᠴᠢ᠄
ᠪᠠᠢ ᠯᠢᠶᠠᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ᠂ ᠫᠷᠤᠹᠧᠰᠰᠤᠷ ᠹᠦ᠋ ᠰᠦᠸᠸ ᠭᠧᠨ 《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠡᠦᠬᠡ᠎ᠪᠡᠷ ᠲᠣᠯᠢ ᠪᠣᠯᠭᠠᠵᠤ᠂ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠤᠯᠤᠰ ᠲᠥᠷᠥ᠎ᠶ᠋ᠢᠨ ᠲᠤᠩᠬᠠᠭ ᠪᠠ ᠠᠵᠢᠯᠯᠠᠭᠠᠨ᠎ᠤ ᠬᠥᠲᠥᠯᠪᠦᠷᠢ》 ᠭᠡᠬᠦ᠌ ᠰᠡᠳᠦᠪ ᠵᠢᠡᠷ᠂ ᠲᠣᠰ ᠲᠣᠰ 《 ᠪᠥᠬᠥ᠌ ᠲᠠᠯ᠎ᠠ ᠪᠠ ᠪᠠᠢᠯᠳᠤᠬᠤ ᠪᠣᠳᠣᠯᠭ᠎ᠠ᠎ᠶ᠋ᠢᠨ ᠦᠨᠳᠦᠷᠴᠡ ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ ᠬᠡᠷᠡᠭ᠌ᠲᠡᠶ》᠂ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠠ ᠭᠤᠤᠯ ᠠᠭᠤᠯᠭ᠎ᠠ᠎ᠶ᠋ᠢ ᠭᠦᠨᠵᠡᠭᠡᠶ ᠣᠢᠯᠠᠭᠠᠬᠤ ᠬᠡᠷᠡᠭ᠌ᠲᠡᠶ》᠂ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ》 ᠵᠡᠷᠭᠡ ᠭᠤᠷᠪᠠᠨ ᠲᠠᠯ᠎ᠠ ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠭ᠌ᠰᠡᠨ ᠪᠥᠭᠡᠳ ᠭᠦᠨᠵᠡᠭᠡᠶ᠎ᠲᠠᠢᠯᠪᠤᠷᠢᠯᠠᠵᠠᠢ᠃ ᠮᠡᠳᠡᠭᠦᠯᠦᠯᠲᠡ᠎ᠶ᠋ᠢᠨ ᠪᠦᠲᠦᠴᠡ ᠲᠣᠳᠣᠷᠬᠠᠶ᠂ ᠠᠮᠢᠳᠤᠯᠢᠭ ᠰᠠᠢᠬᠠᠨ᠂ ᠭᠣᠣᠯ ᠰᠡᠳᠦᠪ ᠨᠢ ᠤᠢᠯᠠᠭᠠᠮᠵᠢᠳᠠᠢ᠂ ᠠᠭᠤᠯᠭ᠎ᠠ ᠨᠢ ᠪᠦᠬᠦ᠌ ᠲᠠᠯ᠎ᠠ ᠵᠢ ᠬᠠᠮᠤᠷᠴᠤ᠂ ᠲᠤᠰ ᠳᠡᠭᠡᠳᠤ ᠰᠤᠷᠭᠠᠭᠤᠯᠢ ᠵᠢᠨ ᠪᠠᠭ᠍ᠰᠢ ᠠᠵᠢᠯᠳᠠᠨ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠢ ᠡᠵᠡᠮᠳᠡᠬᠦ᠌ ᠪᠠ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠎ᠳᠤ ᠤᠨᠤᠯ᠎ᠤᠨ ᠵᠢᠯᠤᠭᠤᠳᠤᠯᠭ᠎ᠠ ᠬᠠᠩᠭᠠᠪᠠ᠃

ᠲᠤᠰ ᠳᠡᠭᠡᠳᠤ ᠰᠤᠷᠭᠠᠭᠤᠯᠢ ᠵᠢᠨ ᠨᠠᠮ᠎ᠤᠨ ᠬᠣᠷᠢᠶ᠎ᠠ ᠵᠢᠨ ᠭᠡᠱᠢᠭᠦᠨ᠂ ᠳᠡᠳ᠋ ᠵᠠᠬᠢᠷᠤᠯ ᠯᠢ ᠵᠧᠩ ᠶᠢᠩ᠂ ᠹᠦ᠋ ᠰᠥᠸᠸ ᠭᠸᠨ ᠫᠷᠤᠹᠧᠰᠰᠤᠷ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠱᠢᠰᠲ᠋ᠧᠮ᠎ᠲᠡᠶ ᠡᠮᠬᠢᠯᠡᠵᠦ᠍᠂ ᠬᠥᠮᠦᠰ᠎ᠲᠦ ᠶᠡᠬᠡ ᠠᠱᠢᠭ ᠬᠦᠷᠲᠡᠭᠡᠪᠡ᠃ ᠲᠠᠷᠠᠭᠠᠴᠢ᠎ᠶ᠋ᠢᠨ ᠠᠯᠬᠤᠮ᠎ᠳᠤ᠂ ᠮᠠᠨ ᠤ᠋ ᠳᠡᠭᠡᠳᠦ ᠰᠤᠷᠭᠠᠭᠤᠯᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠣᠨᠴᠠᠯᠢᠭ᠎ᠲᠠᠶ ᠰᠤᠷᠭᠠᠭᠤᠯᠢ ᠡᠷᠭᠢᠯᠡᠬᠦ᠌ ᠵᠠᠮ᠎ᠢᠶᠠᠷ ᠵᠠᠮᠨᠠᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠥᠬᠥ᠌ ᠲᠠᠯ᠎ᠠ᠎ᠪᠠᠷ ᠬᠥᠭ᠌ᠵᠢᠭ᠌ᠰᠡᠨ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠬᠥᠮᠦᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠦᠭᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ᠎ᠳᠤ ᠦᠷᠭᠦᠯᠵᠢᠯᠡᠨ ᠳᠡᠭᠡᠳᠦ ᠮᠡᠷᠭᠡᠵᠢᠯ᠎ᠦᠨ ᠴᠢᠳᠠᠪᠤᠷᠢᠲᠠᠨ ᠬᠥᠮᠦᠵᠢᠭᠦᠯᠵᠦ᠍ ᠥᠭ᠌ᠭᠦᠨ᠎ᠡ ᠭᠡᠵᠤ ᠢᠯᠡᠳᠭᠡᠵᠠᠢ᠃

《ᠹᠦ᠋ ᠫᠷᠤᠹᠧᠰᠰᠤᠷ᠎ᠤᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠮᠢᠨᠦ ᠲᠠᠨᠢᠯᠲᠠ ᠪᠠ ᠣᠢᠯᠠᠭᠠᠯᠲᠠ ᠤᠯᠠᠮ ᠴᠢᠨᠠᠭᠰᠢᠳᠠ ᠭᠦᠨᠵᠡᠭᠡᠢᠷᠡᠵᠤ᠂ ᠡᠭᠦᠷᠭᠡ ᠬᠠᠷᠢᠭᠤᠴᠠᠯᠭ᠎ᠠ ᠥᠩᠭᠡ ᠭᠡᠷᠡᠯᠲᠡᠶ ᠪᠦᠭᠡᠳ ᠮᠥᠷᠥᠨ ᠳᠡᠭᠡᠷ᠎ᠡ ᠲᠠᠯᠪᠢᠭᠳᠠᠵᠤ ᠪᠠᠢᠬᠤ ᠵᠢ ᠭᠦᠨᠵᠡᠭᠡᠶ ᠲᠠᠨᠢᠵᠤ᠂ ᠨᠠᠮ᠎ᠤᠨ ᠤᠳᠤᠷᠢᠳᠤᠯᠭ᠎ᠠ ᠳᠤᠤᠷ᠎ᠠ ᠡᠷᠡᠮᠡᠬᠡᠢᠯᠡᠨ ᠤᠷᠤᠭ᠍ᠰᠢᠯᠠᠬᠤ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠬᠤ ᠢᠲᠡᠭᠡᠯ ᠵᠣᠷᠢᠭ᠎ᠤᠯᠠᠮ ᠪᠠᠳᠤᠵᠢᠪᠠ᠃ ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠱᠢᠨᠵᠢᠯᠡᠬᠦ᠌ ᠤᠬᠠᠭᠠᠨ᠎ᠤ ᠰᠤᠳᠤᠯᠭᠠᠨ ᠪᠣᠯᠤᠨ ᠵᠢᠭᠠᠨ ᠰᠤᠷᠭᠠᠯᠲᠠ᠎ᠶ᠋ᠢᠨ ᠠᠵᠢᠯ ᠵᠢᠡᠨ ᠯᠠᠪᠳᠠᠭᠤᠨ ᠪᠠᠲᠤᠲᠠᠢ ᠰᠠᠢᠲᠤᠷ ᠬᠢᠵᠦ᠍᠂ ᠰᠦᠭ ᠰᠦᠨᠡᠰᠦ᠎ᠶ᠋ᠢ ᠱᠤᠭᠤᠵᠤ ᠬᠥᠮᠦᠨ᠎ᠢ ᠬᠥᠮᠦᠵᠢᠭᠦᠯᠬᠦ᠌ ᠠᠵᠢᠯ ᠵᠢᠡᠨ ᠰᠠᠢᠲᠤᠷ ᠬᠢᠨ᠎ᠠ》 ᠭᠡᠵᠦ᠍ ᠲᠤᠰ ᠳᠡᠭᠡᠳᠤ ᠰᠤᠷᠭᠠᠭᠤᠯᠢ ᠵᠢᠨ ᠵᠢᠭᠤᠯᠴᠢᠯᠠᠯ᠎ᠤᠨ ᠬᠠᠮᠢᠶᠠᠷᠤᠯᠲᠠ᠎ᠶ᠋ᠢᠨ ᠰᠠᠯᠪᠤᠷᠢ᠎ᠶ᠋ᠢᠨ ᠪᠠᠭ᠍ᠰᠢ ᠵᠠᠩ ᠵᠢᠶ᠍ᠸ ᠬᠡᠯᠡᠪᠡ᠃

《ᠰᠣᠷᠣᠭ᠍ᠴᠢ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠰᠤᠷᠠᠯᠲᠠ ᠥᠬᠡᠶ ᠭᠦᠨᠵᠡᠭᠡᠶ ᠰᠤᠷᠤᠯᠴᠠᠬᠤ᠎ᠶ᠋ᠢᠨ ᠬᠠᠮᠲᠤ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠠᠭᠤᠨ ᠵᠢᠯ᠎ᠦᠨ ᠨᠠᠮ᠎ᠤᠨ ᠲᠡᠦᠬᠡ᠎ᠡᠴᠡ ᠣᠶᠤᠨ ᠤᠬᠠᠭᠠᠨ ᠬᠦᠴᠦᠨ ᠴᠢᠳᠠᠯ ᠣᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠠᠮᠢᠳᠤᠯᠢᠭ ᠦᠶ᠋ᠯᠡᠳᠦᠯᠭᠡ᠎ᠳᠦ ᠢᠳᠡᠪᠬᠢᠲᠡᠶ ᠣᠷᠣᠯᠴᠠᠨ᠎ᠠ᠂  ᠪᠢ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠵᠢᠨ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠬᠠᠮᠲᠤ ᠰᠤᠷᠤᠭ᠍ᠴᠢᠳ ᠵᠢᠡᠨ ᠪᠦᠯᠬᠦᠮᠳᠡᠭᠦᠯᠵᠤ᠂ ᠲᠡᠳᠡᠨ᠎ᠢ ᠬᠠᠪᠰᠤᠷᠤᠨ ᠲᠡᠳᠡᠨ᠎ᠳᠦ ᠦᠶ᠋ᠯᠡᠴᠢᠯᠡᠵᠦ᠍᠂ ᠨᠠᠮ᠎ᠤᠨ ᠭᠡᠱᠢᠭᠦᠨ ᠭᠡᠬᠦ᠌ ᠢᠷᠠᠭᠤ ᠠᠯᠳᠠᠷ ᠢ᠋ ᠥᠪᠡᠷ᠎ᠦᠨ ᠪᠡᠶ᠎ᠡ ᠳᠡᠭᠡᠷ᠎ᠡ ᠪᠠᠨ ᠬᠡᠷᠡᠯ ᠭᠢᠯᠪᠠᠭ᠎ᠠ ᠰᠠᠴᠤᠷᠠᠭᠤᠯᠤᠨ᠎ᠠ 》 ᠬᠡᠵᠥ  ᠲᠣᠰ ᠳᠡᠭᠡᠳᠤ ᠰᠤᠷᠭᠠᠭᠤᠯᠢ ᠵᠢᠨ ᠺᠣᠮᠫᠢᠦ᠋ᠲ᠋ᠧᠷ᠎ᠦᠨ ᠮᠡᠷᠭᠡᠵᠢᠯ ᠪᠠ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ᠎ᠶ᠋ᠢᠨ ᠰᠣᠷᠣᠭ᠍ᠴᠢ ᠶᠠᠨ ᠽᠢ ᠶᠢᠩ ᠢᠳᠡᠭᠡᠯ ᠲᠡᠭᠦᠯᠳᠡᠷ ᠵᠢᠡᠷ ᠬᠡᠯᠡᠨ᠎ᠡ ᠃

ᠤᠬᠠᠭᠤᠯᠤᠨ᠎ᠲᠠᠢᠯᠪᠤᠷᠢᠯᠠᠵᠤ ᠳᠠᠭᠤᠰᠤᠭ᠍ᠰᠠᠨ᠎ᠤ ᠳᠠᠷᠠᠭ᠎ᠠ᠂ ᠹᠦ᠋ ᠰᠦᠸᠸ ᠭᠸᠨ ᠥᠷᠭᠡᠨ ᠤᠯᠠᠨ ᠪᠠᠭ᠍ᠰᠢ ᠰᠤᠷᠤᠭ᠍ᠴᠢᠳ᠎ᠲᠠᠶ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠂ ᠠᠵᠢᠯ ᠪᠠ ᠠᠮᠢᠳᠤᠷᠠᠯ ᠳ᠋ᠠᠭᠠᠨ ᠬᠡᠷᠬᠢᠨ ᠨᠡᠩ ᠰᠠᠢᠲᠤᠷ ᠠᠭᠤᠰᠤᠯᠴᠠᠭᠤᠯᠬᠤ ᠲᠤᠬᠠᠢ ᠰᠠᠨᠠᠯ᠎ᠢᠶᠠᠨ ᠰᠣᠯᠢᠯᠴᠠᠭ᠍ᠰᠠᠨ ᠪᠥᠭᠡᠳ ᠪᠠᠭ᠍ᠰᠢ ᠰᠤᠷᠤᠭ᠍ᠴᠢᠳ᠎ᠤᠨ ᠠᠩᠬᠠᠷᠴᠤ᠌ ᠪᠠᠢᠭ᠎ᠠ ᠠᠰᠠᠭᠤᠳᠠᠯ ᠳ᠋ᠤ ᠬᠠᠷᠢᠭᠤᠯᠲᠠ᠎ᠥᠭ᠌ᠪᠡ᠃ ᠤᠯᠠᠨ᠎ᠢᠶᠠᠷ᠎ᠢᠶᠠᠨ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠴᠠᠭ ᠦᠶ᠎ᠡ᠎ᠶ᠋ᠢᠨ ᠠᠯᠬᠤᠭ᠎ᠠ᠎ᠶ᠋ᠢ ᠲᠠᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠴᠦ᠍᠂ ᠰᠤᠷᠤᠯᠴᠠᠯᠭ᠎ᠠ᠎ᠶ᠋ᠢᠨ᠎ᠦᠷ᠎ᠡ ᠪᠦᠲᠦᠭᠡᠯ᠎ᠢᠶᠡᠨ᠎ᠠᠵᠢᠯ᠂ ᠰᠤᠷᠤᠯᠴᠠᠯᠭ᠎ᠠ᠎ᠶ᠋ᠢᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ ᠭᠡᠵᠦ᠍ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号