ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠠᠴᠠ ᠪᠠᠲᠤᠯᠠᠭ᠍ᠰᠠᠨ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ 》 (ᠳᠣᠷᠣᠭ᠍ᠰᠢ 《ᠱᠢᠶ᠋ᠳᠪᠦᠷᠢ》 ᠭᠡᠵᠦ᠍ ᠳᠥᠭᠥᠮᠴᠢᠯᠡᠨ᠎ᠡ )᠎ᠳᠦ 《ᠵᠣᠷᠢᠭ᠍ᠲᠠᠶ ᠲᠡᠮᠡᠴᠡᠬᠦ᠌᠎ᠶ᠋ᠢ ᠪᠠᠷᠢᠮᠲᠠᠯᠠᠬᠤ》 ᠶ᠋ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠠᠷᠪᠠᠨ ᠶᠡᠬᠡ ᠲᠡᠦᠬᠡᠨ ᠲᠤᠷᠱᠢᠯᠭ᠎ᠠ᠎ᠶ᠋ᠢᠨ ᠨᠢᠭᠡ ᠪᠣᠯᠭᠠᠪᠠ᠃ 《ᠱᠢᠶ᠋ᠳᠪᠦᠷᠢ》᠎ᠳᠦ ᠄ 《 ᠵᠣᠷᠢᠭ᠍ᠲᠠᠶᠲᠡᠮᠡᠴᠡᠵᠦ᠍᠂ ᠵᠣᠷᠢᠭ᠍ᠲᠠᠶ ᠢᠯᠠᠬᠤ ᠪᠣᠯ ᠨᠠᠮ ᠪᠠ ᠠᠷᠠᠳ ᠲᠦᠮᠡᠨ᠎ᠦ ᠢᠯᠠᠭ᠍ᠳᠠᠰᠢ ᠦᠭᠡᠢ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠮᠥᠨ》 ᠭᠡᠵᠦ ᠴᠢᠬᠣᠯᠠᠴᠢᠯᠠᠪᠠ᠃ ᠵᠠᠭᠤᠨ ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠵᠣᠷᠢᠭ᠍ᠲᠠᠢ ᠲᠡᠮᠡᠴᠡᠬᠦ᠌᠂ ᠵᠣᠷᠢᠭ᠍ᠲᠠᠢ ᠢᠯᠠᠬᠤ ᠬᠦᠴᠦᠷᠬᠡᠭ ᠶᠡᠬᠡ ᠵᠤᠷᠢᠭ ᠰᠠᠨᠠᠭᠠᠨ᠎ᠤ ᠬᠦᠴᠦᠨ᠎ᠢᠶᠡᠷ ᠬᠦᠨᠳᠦ ᠶᠡᠬᠡ ᠥᠷᠢᠰᠥᠯᠳᠦᠭᠡᠨ᠎ᠢ ᠠᠮᠵᠢᠯᠲᠠ᠎ᠲᠠᠶ ᠠᠷᠭᠠᠴᠠᠭᠠᠵᠤ᠂ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠬᠣᠷᠢᠭ᠍ᠯᠠᠵᠤ᠂ ᠬᠦᠨᠳᠦ ᠶᠡᠬᠡ ᠬᠠᠷᠰᠢ ᠰᠠᠭᠠᠳ᠎ᠢ ᠢᠯᠠᠨ ᠳᠠᠪᠠᠵᠤ᠂ ᠬᠦᠨᠳᠦ ᠶᠡᠬᠡ ᠵᠥᠷᠢᠴᠡᠯ᠎ᠢ ᠱᠢᠢᠳᠪᠦᠷᠢᠯᠡᠵᠦ᠍᠂ ᠱᠢᠷᠭᠠᠭᠤ ᠬᠠᠲᠠᠭᠤᠵᠢᠯᠲᠠᠢ ᠲᠡᠮᠡᠴᠡᠬᠦ᠌᠂ ᠴᠥᠬᠥᠷᠡᠰᠢ ᠦᠭᠡᠢ ᠲᠡᠮᠡᠴᠡᠬᠦ᠌᠂ ᠡᠷᠡᠯᠬᠡᠭ ᠪᠠᠭᠠᠲᠤᠷᠯᠢᠭ᠂ ᠡᠷᠡᠮᠡᠬᠡᠢᠯᠡᠨ ᠤᠷᠤᠭ᠍ᠰᠢᠯᠠᠬᠤ ᠢᠷᠠᠭᠤ ᠭᠠᠢᠬᠠᠮᠱᠢᠭ᠍ᠲᠤ ᠲᠤᠤᠯᠢᠰ᠎ᠢ ᠪᠢᠴᠢᠭ᠌ᠯᠡᠪᠡ᠃ ᠱᠢᠨ᠎ᠡ ᠠᠶᠠᠨ᠎ᠳᠠᠭᠠᠨ ᠮᠣᠷᠳᠠᠬᠤ᠎ᠳᠤ᠂ ᠪᠢᠳᠡ ᠲᠡᠮᠡᠴᠡᠯ᠎ᠦᠨ ᠵᠣᠷᠢᠭ᠎ᠢᠶᠠᠨ ᠪᠠᠲᠤᠳᠭᠠᠵᠤ᠂ ᠲᠡᠮᠡᠴᠡᠯ᠎ᠦᠨ ᠴᠢᠳᠠᠪᠤᠷᠢ᠎ᠪᠠᠨ ᠨᠡᠮᠡᠭ᠌ᠳᠡᠭᠦᠯᠵᠦ᠍᠂ ᠲᠡᠮᠡᠴᠡᠯ᠎ᠦᠨ ᠠᠤᠭ᠎ᠠ ᠬᠦᠴᠦᠨ᠎ᠢ ᠨᠢᠭ᠍ᠲᠠᠷᠠᠭᠤᠯᠵᠤ᠂ ᠡᠭᠦᠨ᠎ᠦ ᠤᠯᠠᠮ᠎ᠢᠶᠠᠷ ᠵᠣᠷᠢᠭ᠍ᠲᠠᠢ ᠲᠡᠮᠡᠴᠡᠬᠦ᠌᠂ ᠵᠣᠷᠢᠭ᠍ᠲᠠᠢ ᠢᠯᠠᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠴᠢᠳᠠᠯ᠎ᠢᠶᠠᠨ ᠡᠭᠦᠷᠢᠳᠡ ᠪᠠᠲᠤᠯᠠᠬᠤ ᠬᠡᠷᠡᠭ᠌ᠲᠡᠢ᠃
ᠵᠣᠷᠢᠭ᠍ᠲᠠᠶ ᠲᠡᠮᠡᠴᠡᠬᠦ᠌᠂ ᠵᠣᠷᠢᠭ᠍ᠲᠠᠶ ᠢᠯᠠᠬᠤ ᠵᠣᠷᠢᠭ ᠰᠠᠨᠠᠭ᠎ᠠ᠎ᠪᠠᠨ ᠪᠠᠲᠤᠳᠭᠠᠬᠤ ᠬᠡᠷᠡᠭ᠌ᠲᠡᠶ᠃ 《ᠱᠢᠶ᠋ᠳᠪᠦᠷᠢ》 ᠳᠦ᠄ 《ᠨᠠᠮ ᠪᠠ ᠠᠷᠠᠳ ᠲᠦᠮᠡᠨ᠎ᠦ ᠣᠯᠤᠭ᠍ᠰᠠᠨ ᠠᠯᠢᠪᠠ ᠠᠮᠵᠢᠯᠲᠠ ᠪᠦᠲᠦᠮᠵᠢ ᠪᠣᠯ ᠲᠩᠷᠢ᠎ᠡᠴᠡ ᠤᠨᠠᠵᠤ ᠢᠷᠡᠭ᠌ᠰᠡᠨ ᠪᠢᠰᠢ᠂ ᠪᠤᠰᠤᠳ᠎ᠤᠨ ᠰᠣᠶᠣᠷᠬᠠᠭ᠍ᠰᠠᠨ ᠪᠢᠰᠢ᠂ ᠬᠠᠷᠢᠨ ᠲᠠᠰᠤᠷᠠᠯᠲᠠ ᠦᠭᠡᠢ ᠲᠡᠮᠡᠴᠡᠯ ᠬᠢᠬᠦ᠌᠎ᠪᠡᠷ ᠳᠠᠮᠵᠢᠨ ᠣᠯᠤᠭ᠍ᠰᠠᠨ ᠶᠤᠮ》 ᠭᠡᠵᠦ ᠵᠢᠭᠠᠵᠦ ᠭᠠᠷᠭᠠᠪᠠ᠃ ᠵᠣᠷᠢᠭ᠍ᠲᠠᠶ ᠲᠡᠮᠡᠴᠡᠵᠦ᠍ ᠂ ᠵᠣᠷᠢᠭ᠍ᠲᠠᠶ ᠢᠯᠠᠬᠤ ᠪᠣᠯ ᠮᠠᠷᠺᠰ᠎ᠤᠨ ᠦᠵᠡᠯ᠎ᠦᠨ ᠲᠥᠷᠥ᠎ᠶ᠋ᠢᠨ ᠨᠠᠮ᠎ᠤᠨ ᠮᠥᠨ ᠴᠢᠨᠠᠷ᠎ᠤᠨ ᠱᠢᠨᠵᠢ ᠴᠢᠨᠠᠷ ᠪᠠ ᠳᠣᠲᠣᠭᠠᠳᠤ ᠱᠠᠭᠠᠷᠳᠠᠯᠭ᠎ᠠ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠡᠭᠦᠷᠢᠳᠡ ᠪᠠᠲᠤᠯᠠᠬᠤ ᠰᠠᠬᠢᠯᠭ᠎ᠠ ᠪᠠᠲᠤ᠎ᠶ᠋ᠢᠨ ᠱᠠᠭᠠᠷᠳᠠᠯᠭ᠎ᠠ ᠪᠠ ᠰᠤᠷᠲᠠᠯ᠎ᠤᠨ ᠵᠢᠷᠤᠮᠵᠢᠯ ᠮᠥᠨ᠃ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠦᠷᠭᠦᠯᠵᠢᠯᠡᠨ ᠲᠡᠮᠡᠴᠡᠬᠦ᠌᠎ᠪᠡᠷ ᠲᠠᠮᠵᠢᠨ᠂ ᠪᠢᠳᠡ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠡᠬᠡ ᠭᠠᠵᠠᠷ᠎ᠲᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠲᠤᠢᠯᠤᠨᠶᠠᠳᠠᠭᠤᠬᠦᠴᠢᠷᠳᠡᠯᠳᠠᠢ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠵᠦ᠍᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠶᠠᠭ ᠡᠷᠴᠢ ᠵᠣᠷᠢᠭ ᠪᠠᠳᠠᠷᠠᠩᠭᠤᠢ ᠤᠷᠤᠭ᠍ᠰᠢᠯᠠᠵᠤ ᠪᠠᠢᠨ᠎ᠠ᠃ ᠥᠨᠥᠳᠦᠷ᠂ ᠪᠢᠳᠡ ᠲᠡᠦᠬᠡ᠎ᠶ᠋ᠢᠨ ᠠᠯᠢ ᠴᠤ᠌ ᠦᠶ᠎ᠡ᠎ᠡᠴᠡ ᠢᠯᠡᠭᠦᠦ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠠᠷᠠᠯᠲᠠ᠎ᠳᠤ ᠣᠢᠷᠠᠲᠤᠵᠤ ᠪᠠᠢᠨ᠎ᠠ᠂ ᠭᠡᠪᠡᠴᠦ᠍ ᠡᠭᠦᠨᠦᠬᠠᠮᠲᠤᠪᠠᠰᠠᠤᠷᠢᠳᠡᠮᠦᠨᠡᠪᠠᠢᠭᠠᠦᠭᠡᠢ ᠨᠠᠷᠢᠨ ᠪᠤᠳᠤᠯᠢᠶᠠᠨᠲᠠᠢ ᠪᠠᠢᠳᠠᠯ ᠪᠠ ᠬᠠᠲᠠᠭᠤ ᠴᠢᠩᠭ᠎ᠠ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠂ ᠡᠷᠬᠡᠪᠰᠢ ᠵᠣᠷᠢᠭ᠍ᠲᠠᠢ ᠲᠡᠮᠡᠴᠡᠬᠦ᠌᠂ ᠵᠣᠷᠢᠭ᠍ᠲᠠᠢ ᠢᠯᠠᠬᠤ ᠵᠣᠷᠢᠭ ᠰᠠᠨᠠᠭ᠎ᠠ᠎ᠶ᠋ᠢ ᠵᠠᠯᠭᠠᠮᠵᠢᠯᠠᠨ ᠪᠠᠳᠠᠷᠠᠭᠤᠯᠵᠤ᠂ ᠱᠢᠨᠲᠠᠷᠠᠰᠢ ᠦᠭᠡᠢ ᠲᠡᠮᠡᠴᠡᠬᠦ᠌ ᠵᠣᠷᠢᠭ᠎ᠢᠶᠠᠷ ᠨᠢᠭᠡᠨᠲᠡ ᠲᠣᠭ᠍ᠲᠠᠭ᠍ᠰᠠᠨ ᠬᠠᠷᠠᠯᠲᠠ᠎ᠪᠠᠨ ᠴᠢᠷᠮᠠᠢᠨ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠴᠥᠬᠥᠷᠡᠰᠢ ᠦᠭᠡᠢ ᠠᠬᠢᠭᠤᠯᠬᠤ ᠬᠡᠷᠡᠭ᠌ᠲᠡᠢ᠃
ᠵᠣᠷᠢᠭ᠍ᠲᠠᠶ ᠲᠡᠮᠡᠴᠡᠬᠦ᠌᠂ ᠴᠢᠳᠠᠮᠠᠭᠠᠶ ᠲᠡᠮᠡᠴᠡᠬᠦ᠌ ᠴᠢᠳᠠᠪᠤᠷᠢ᠎ᠪᠠᠨ ᠨᠡᠮᠡᠭ᠌ᠳᠡᠭᠦᠯᠬᠦ᠌ ᠬᠡᠷᠡᠭ᠌ᠲᠡᠶ᠃ 《ᠱᠢᠢᠳᠪᠦᠷᠢ》 ᠳᠦ ᠄ 《ᠪᠢᠳᠡ ᠠᠭᠤᠤ ᠶᠡᠬᠡ ᠲᠡᠮᠡᠴᠡᠯ᠎ᠦᠨ ᠱᠢᠨ᠎ᠡ ᠲᠡᠦᠬᠡᠨ ᠣᠨᠴᠠᠯᠢᠭ᠎ᠢ ᠡᠵᠡᠮᠳᠡᠵᠦ᠍᠂ ᠲᠡᠦᠬᠡ᠎ᠶ᠋ᠢᠨ ᠠᠵᠠ ᠲᠣᠬᠢᠶᠠᠯ᠎ᠢ ᠠᠮᠵᠢᠨ ᠰᠠᠢᠲᠤᠷ ᠠᠱᠢᠭ᠍ᠯᠠᠵᠤ᠂ ᠪᠡᠯᠡᠳᠭᠡᠯ ᠠᠵᠢᠯ᠎ᠢ ᠰᠠᠢᠲᠤᠷ ᠬᠢᠵᠦ᠍᠂ ᠰᠠᠨᠠᠭᠠᠴᠢᠯᠠᠭᠠᠲᠤ ᠲᠠᠢ᠌ᠨ᠎ᠢ ᠰᠠᠢᠲᠤᠷ ᠬᠢᠵᠦ᠍᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠲᠡᠮᠡᠴᠡᠯ᠎ᠦᠨ ᠴᠢᠳᠠᠪᠤᠷᠢ᠎ᠪᠠᠨ ᠨᠡᠮᠡᠭ᠌ᠳᠡᠭᠦᠯᠵᠦ᠍᠂ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ᠎ᠦ ᠬᠦᠰᠡᠯ ᠵᠣᠷᠢᠭ ᠪᠠ ᠬᠦᠴᠦᠨ ᠴᠢᠳᠠᠯ᠎ᠢ ᠨᠢᠭ᠍ᠲᠠᠷᠠᠭᠤᠯᠳᠠᠭ ᠯᠠ ᠶᠤᠮ ᠪᠣᠯ ᠤᠷᠢᠳᠴᠢᠯᠠᠨ ᠮᠡᠳᠡᠵᠤ ᠪᠣᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠠᠯᠢᠪᠠ ᠠᠶᠤᠯ ᠲᠦᠭ᠌ᠰᠢᠭᠦᠷᠢ ᠥᠷᠢᠰᠥᠯᠳᠦᠭᠡᠨ᠎ᠢ ᠯᠠᠪᠲᠠᠢ ᠢᠯᠠᠨ ᠳᠠᠪᠠᠵᠤ ᠴᠢᠳᠠᠬᠤ ᠶᠤᠮ》ᠭᠡᠵᠦ ᠵᠢᠭᠠᠵᠦ ᠭᠠᠷᠭᠠᠪᠠ᠃ ᠡᠨᠡ ᠨᠢ ᠪᠢᠳᠡ ᠵᠣᠷᠢᠭ᠍ᠲᠠᠶᠲᠡᠮᠡᠴᠡᠬᠦ᠌ ᠰᠥᠰᠥ᠍ ᠵᠣᠷᠢᠭ᠂ ᠴᠢᠬᠡᠴᠢ ᠵᠣᠷᠢᠭ᠂ ᠰᠠᠬᠢᠯᠭ᠎ᠠ ᠵᠢᠷᠤᠮ᠂ ᠰᠥᠰᠥ᠍ ᠵᠣᠷᠢᠭᠲᠠᠶ ᠪᠠᠢᠬᠤ᠎ᠪᠠᠷ ᠪᠠᠷᠠᠬᠤ ᠥᠬᠡᠶ ᠪᠠᠰᠠ ᠲᠡᠮᠡᠴᠡᠯ᠎ᠦᠨ ᠣᠶᠤᠨ ᠤᠬᠠᠭᠠᠨ᠂ ᠴᠢᠳᠠᠪᠤᠷᠢ᠂ ᠠᠷᠭ᠎ᠠ ᠪᠣᠳᠣᠯᠭ᠎ᠠ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠶ ᠭᠡᠳᠡᠭ᠎ᠢ ᠬᠠᠷᠠᠭᠤᠯᠵᠤ ᠪᠠᠢᠨ᠎ᠠ᠃ ᠲᠡᠮᠡᠴᠡᠯ᠎ᠦᠨ ᠵᠢᠮ᠎ᠡ ᠶᠣᠰᠣ᠎ᠶ᠋ᠢ ᠣᠢᠯᠠᠭᠠᠵᠤ᠂ ᠡᠯ᠎ᠡ ᠵᠦᠢᠯ᠎ᠦᠨ ᠴᠢᠬᠤᠯᠠ ᠶᠡᠬᠡ ᠲᠡᠮᠡᠴᠡᠯ ᠳᠤᠮᠳᠠ᠂ ᠳᠡᠯᠡᠬᠡᠢ᠎ᠶ᠋ᠢᠨ ᠪᠠᠢᠳᠠᠯ᠂ ᠤᠯᠤᠰ᠎ᠤᠨ ᠪᠠᠢᠳᠠᠯ᠂ ᠨᠠᠮ᠎ᠤᠨ ᠪᠠᠢᠳᠠᠯ᠎ᠢ ᠨᠡᠪᠲᠡᠷᠬᠡᠢ ᠣᠢᠯᠠᠭᠠᠭ᠍ᠰᠠᠨ ᠰᠠᠭᠤᠷᠢᠨ ᠳᠡᠭᠡᠷ᠎ᠡ ᠬᠥᠭ᠌ᠵᠢᠯᠲᠡ᠎ᠶ᠋ᠢᠨ ᠶᠡᠬᠡ ᠲᠠᠯ᠎ᠠ ᠪᠠ ᠶᠡᠬᠡ ᠬᠠᠨᠳᠤᠰᠢ᠎ᠶ᠋ᠢ ᠣᠨᠣᠪᠴᠢᠲᠠᠢ ᠮᠠᠭᠠᠳᠯᠠᠵᠤ᠂ ᠳᠠᠯᠳᠠ ᠠᠶᠤᠯ ᠲᠦᠭ᠌ᠰᠢᠭᠦᠷᠢ ᠪᠠ ᠥᠷᠢᠰᠥᠯᠳᠦᠭᠡᠨ᠎ᠢ ᠱᠢᠨᠵᠢᠯᠡᠬᠦ᠌ ᠤᠬᠠᠭᠠᠨᠴᠢ᠎ᠪᠠᠷ ᠤᠷᠢᠳᠴᠢᠯᠠᠨ ᠮᠠᠭᠠᠳᠯᠠᠵᠤ᠂ ᠲᠡᠮᠡᠴᠡᠯ᠎ᠦᠨ ᠠᠬᠢᠴᠠ ᠪᠠ ᠴᠠᠭ ᠲᠣᠬᠢᠶᠠᠯ᠎ᠢ ᠣᠨᠣᠪᠴᠢᠲᠠᠢ ᠰᠤᠳᠤᠯᠤᠨ ᠮᠠᠭᠠᠳᠯᠠᠬᠤ ᠬᠡᠷᠡᠭ᠌ᠲᠡᠢ; ᠲᠡᠮᠡᠴᠡᠯ᠎ᠦᠨ ᠠᠷᠭ᠎ᠠ᠎ᠶ᠋ᠢ ᠡᠵᠡᠮᠱᠢᠵᠦ᠍᠂ ᠵᠠᠷᠴᠢᠮᠲᠤ ᠴᠢᠨᠠᠷ ᠪᠠ ᠠᠮᠢᠳᠤᠯᠢᠭ ᠴᠢᠨᠠᠷ᠎ᠢ ᠨᠢᠭᠡᠳᠦᠭᠦᠯᠬᠦ᠌ ᠲᠡᠮᠡᠴᠡᠯ᠎ᠦᠨ ᠠᠷᠭ᠎ᠠ ᠮᠠᠶᠢᠭ᠎ᠢ ᠪᠠᠷᠢᠮᠲᠠᠯᠠᠵᠤ᠂ ᠴᠠᠭ᠂ ᠦᠷ᠎ᠡ ᠪᠦᠲᠦᠮᠵᠢ᠂ ᠭᠡᠮᠵᠢᠶ᠎ᠡ ᠶ᠋ᠢ ᠤᠶᠠᠯᠳᠤᠭᠤᠯᠬᠤ ᠲᠡᠮᠡᠴᠡᠯ᠎ᠦᠨ ᠠᠷᠭ᠎ᠠ᠎ᠶ᠋ᠢ ᠪᠠᠷᠢᠮᠲᠠᠯᠠᠵᠤ᠂ ᠲᠡᠮᠡᠴᠡᠯ᠎ᠦᠨ ᠳᠤᠮᠳᠠ ᠪᠦᠯᠬᠦᠮᠳᠡᠯ᠎ᠢ ᠲᠡᠮᠡᠴᠡᠨ ᠣᠯᠵᠤ᠂ ᠲᠡᠮᠡᠴᠡᠯ᠎ᠦᠨ ᠳᠤᠮᠳᠠ ᠬᠠᠮᠲᠤᠷᠠᠯᠴᠠᠭ᠎ᠠ᠎ᠶ᠋ᠢ ᠡᠷᠢᠯᠬᠢᠯᠡᠵᠦ᠍᠂ ᠲᠡᠮᠡᠴᠡᠯ᠎ᠦᠨ ᠳᠤᠮᠳᠠ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ; ᠲᠡᠮᠡᠴᠡᠯ᠎ᠦᠨ ᠡᠭᠦᠷᠭᠡ ᠵᠢ ᠲᠣᠳᠣᠷᠬᠠᠢᠯᠠᠵᠦ᠂ ᠱᠢᠨ᠎ᠡ ᠠᠶᠠᠨ᠎ᠳᠤ᠂ ᠪᠢᠳᠡ ᠡᠷᠬᠡᠪᠰᠢ ᠰᠠᠨᠠᠭᠠᠱᠢᠷᠠᠨ ᠵᠣᠪᠠᠨᠢᠬᠤ ᠤᠬᠠᠮᠰᠠᠷ᠎ᠢᠶᠠᠨ ᠴᠢᠩᠭᠠᠳᠭᠠᠵᠤ᠂ ᠢᠮᠠᠭ᠍ᠲᠠ ᠠᠮᠤᠷ ᠲᠦᠪᠱᠢᠨ ᠪᠠᠢᠬᠤ ᠦᠶᠡᠳᠡᠭᠡᠨᠠᠶᠤᠯᠲᠦᠭ᠌ᠰᠢᠭᠦᠷᠢᠶ᠋ᠢᠪᠣᠳᠣᠯᠬᠢᠯᠠᠵᠤ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠲᠤᠭᠤᠱᠢᠯᠠᠭᠤᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠠ ᠳᠡᠯᠡᠬᠡᠢ᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠮᠠᠨ᠎ᠤ ᠤᠯᠤᠰ᠎ᠤᠨ ᠨᠡᠢᠭᠡᠮ᠎ᠦᠨ ᠭᠣᠣᠯ ᠵᠥᠷᠢᠴᠡᠯ᠎ᠦᠨ ᠬᠤᠪᠢᠷᠠᠯᠲᠠ᠎ᠶ᠋ᠢᠨ ᠠᠪᠴᠢᠷᠠᠭ᠍ᠰᠠᠨ ᠱᠢᠨ᠎ᠡ ᠣᠨᠴᠠᠯᠢᠭ ᠱᠢᠨ᠎ᠡ ᠱᠠᠭᠠᠷᠳᠠᠯᠭ᠎ᠠ᠎ᠶ᠋ᠢ ᠭᠦᠨᠵᠡᠭᠡᠢ ᠲᠠᠨᠢᠵᠤ᠂ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠣᠷᠴᠢᠨ ᠲᠣᠭᠣᠷᠢᠨ᠎ᠤ ᠠᠪᠴᠢᠷᠠᠭ᠍ᠰᠠᠨ ᠱᠢᠨ᠎ᠡ ᠵᠥᠷᠢᠴᠡᠯ ᠱᠢᠨ᠎ᠡ ᠥᠷᠢᠰᠥᠯᠳᠦᠭᠡᠨ᠎ᠢ ᠭᠦᠨᠵᠡᠭᠡᠢ ᠲᠠᠨᠢᠵᠤ᠂ ᠵᠣᠷᠢᠭ᠍ᠲᠠᠢ ᠲᠡᠮᠡᠴᠡᠵᠦ᠍᠂ ᠴᠢᠳᠠᠮᠠᠭᠠᠢ ᠲᠡᠮᠡᠴᠡᠵᠦ᠍᠂ ᠠᠯᠢᠪᠠ ᠠᠶᠤᠯ ᠲᠦᠭ᠌ᠰᠢᠭᠦᠷᠢ ᠥᠷᠢᠰᠥᠯᠳᠦᠭᠡᠨ᠎ᠢ ᠵᠣᠷᠢᠭ᠍ᠲᠠᠢ᠎ᠪᠠᠷ ᠢᠯᠠᠨ ᠳᠠᠪᠠᠬᠤ ᠬᠡᠷᠡᠭ᠌ᠲᠡᠢ᠃
ᠵᠣᠷᠢᠭ᠍ᠲᠠᠶ ᠲᠡᠮᠡᠴᠡᠬᠦ᠌ ᠂ ᠵᠣᠷᠢᠭ᠍ᠲᠠᠶ ᠢᠯᠠᠬᠤ ᠠᠸ᠋ᠭ᠎ᠠ ᠬᠦᠴᠦᠨ᠎ᠢ ᠨᠢᠭ᠍ᠲᠠᠷᠠᠭᠤᠯᠪᠠ᠃ 《ᠱᠢᠢᠳᠪᠦᠷᠢ》᠎ᠳᠦ ᠄ 《 ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠡᠷᠡᠰ ᠲᠡᠮᠡᠴᠡᠯ ᠬᠢᠬᠦ᠌᠎ᠪᠡᠷ ᠲᠠᠮᠵᠢᠨ᠂ ᠨᠠᠮ ᠤᠨ ᠪᠦᠬᠥ᠌ ᠲᠠᠯ᠎ᠠ᠎ᠪᠠᠷ ᠴᠢᠩᠭ᠎ᠠ ᠵᠠᠰᠠᠬᠤ᠎ᠶ᠋ᠢᠨ ᠤᠯᠤᠰ ᠲᠦᠷᠤ᠎ᠶ᠋ᠢᠨ ᠬᠥᠳᠤᠯᠤᠨ ᠳᠠᠭᠠᠭᠤᠯᠬᠤ ᠪᠠ ᠤᠯᠤᠰ ᠲᠦᠷᠤ᠎ᠶ᠋ᠢᠨ ᠪᠠᠲᠤᠯᠠᠭ᠎ᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮ᠎ᠤᠨ ᠥᠪᠡᠷ᠎ᠢ᠎ᠪᠡᠨ ᠴᠡᠪᠡᠷᠱᠢᠭᠦᠯᠬᠦ᠌᠂ ᠥᠪᠡᠷ᠎ᠢ᠎ᠪᠡᠨ ᠲᠡᠭᠦᠯᠳᠡᠷᠵᠢᠭᠦᠯᠬᠦ᠌᠂ ᠥᠪᠡᠷ᠎ᠢ᠎ᠪᠡᠨ ᠱᠢᠨᠡᠴᠢᠯᠡᠬᠦ᠌᠂ ᠥᠪᠡᠷ᠎ᠢ᠎ᠪᠡᠨ ᠳᠡᠭᠡᠭ᠌ᠰᠢᠯᠡᠭᠦᠯᠬᠦ᠌ ᠴᠢᠳᠠᠪᠤᠷᠢ᠎ᠶ᠋ᠢ ᠢᠯᠡᠳᠲᠡ ᠴᠢᠩᠭᠠᠷᠠᠭᠤᠯᠤᠨ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ᠎ᠪᠠᠷ ᠠᠭᠤᠵᠢᠭᠤ ᠰᠤᠯᠠ ᠵᠥᠭᠡᠯᠡᠨ ᠪᠠᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠢᠯᠵᠠᠷᠠᠯ᠎ᠢ ᠡᠰᠡᠷᠭᠦᠴᠡᠬᠦ᠌ ᠲᠡᠮᠡᠴᠡᠯ ᠳᠡᠢᠯᠦᠩᠭᠦᠢ ᠴᠢᠨᠠᠷᠲᠠᠢ ᠢᠯᠠᠯᠲᠠ ᠣᠯᠤᠭ᠍ᠰᠠᠨ ᠪᠥᠭᠡᠳ ᠪᠦᠬᠥ᠌ ᠲᠠᠯ᠎ᠠ᠎ᠪᠠᠷ ᠪᠡᠬᠢᠵᠢᠵᠦ᠍᠂ ᠨᠠᠮ ᠂ ᠤᠯᠤᠰ᠂ ᠴᠡᠷᠢᠭ ᠠᠩᠭᠢ᠎ᠶ᠋ᠢᠨ ᠳᠣᠲᠣᠭᠠᠳᠤ᠎ᠳᠤ ᠣᠷᠣᠱᠢᠵᠤ ᠪᠠᠢᠭ᠎ᠠ ᠬᠦᠨᠳᠦ ᠨᠣᠴᠢᠲᠠᠢ ᠲᠠᠯᠳᠠ ᠭᠡᠮ᠎ᠢ ᠠᠷᠢᠯᠭᠠᠨ᠂ ᠬᠤᠪᠢᠰᠭᠠᠯᠲᠤ ᠴᠢᠨᠠᠷᠲᠠᠢ ᠳᠠᠪᠲᠠᠯᠲᠠ᠎ᠶ᠋ᠢᠨ ᠳᠤᠮᠳᠠ ᠨᠠᠮ ᠨᠡᠩ ᠪᠠᠲᠤ ᠴᠢᠩᠭ᠎ᠠ ᠪᠣᠯᠪᠠ᠃ ᠱᠢᠨ᠎ᠡ ᠠᠶᠠᠨ᠎ᠳᠠᠭᠠᠨ ᠮᠣᠷᠳᠠᠬᠤ᠎ᠳᠤ᠂ ᠪᠢᠳᠡ ᠡᠷᠬᠡᠪᠰᠢ ᠵᠣᠷᠢᠭ᠍ᠲᠠᠢ ᠲᠡᠮᠡᠴᠡᠬᠦ᠌᠂ ᠵᠣᠷᠢᠭ᠍ᠲᠠᠢ ᠢᠯᠠᠬᠤ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠵᠣᠷᠢᠭ᠍ᠲᠠᠶ ᠲᠡᠮᠡᠴᠡᠬᠦ᠌᠂ ᠵᠣᠷᠢᠭ᠍ᠲᠠᠶ ᠢᠯᠠᠬᠤ ᠢᠲᠡᠭᠡᠯ᠎ᠢ ᠨᠢᠭ᠍ᠲᠠᠷᠠᠭᠤᠯᠬᠤ ᠬᠡᠷᠡᠭ᠌ᠲᠡᠶ᠃ ᠪᠢᠳᠡ ᠡᠷᠬᠡᠪᠰᠢ ᠵᠣᠷᠢᠭ᠍ᠲᠠᠢᠲᠡᠮᠡᠴᠡᠬᠦ᠌᠂ ᠵᠣᠷᠢᠭ᠍ᠲᠠᠢ ᠢᠯᠠᠬᠤ ᠢᠲᠡᠭᠡᠯ ᠵᠣᠷᠢᠭ᠂ ᠲᠣᠭ᠍ᠲᠠᠯ ᠬᠦᠴᠦᠨ ᠪᠠ ᠢᠳᠡ ᠬᠦᠴᠦᠨ᠎ᠢᠶᠡᠨ ᠢᠮᠠᠭ᠍ᠲᠠ ᠪᠠᠲᠤᠯᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠲᠡᠮᠡᠴᠡᠬᠦ᠌ ᠳᠤᠮᠳᠠ ᠲᠡᠭᠦᠯᠳᠡᠷᠵᠢᠭᠦᠯᠵᠦ᠍᠂ ᠡᠷᠡᠮᠡᠬᠡᠢᠯᠡᠨ ᠲᠡᠮᠡᠴᠡᠬᠦ᠌ ᠳᠤᠮᠳᠠ ᠬᠥᠭ᠌ᠵᠢᠭᠦᠯᠵᠦ᠍᠂ ᠨᠤᠭᠤᠷᠠᠯ ᠪᠦᠳᠦᠷᠢᠯ᠎ᠢ ᠢᠯᠠᠨ ᠳᠠᠪᠠᠬᠤ ᠳᠤᠮᠳᠠ ᠳᠡᠭᠡᠭ᠌ᠰᠢᠯᠡᠭᠦᠯᠬᠦ᠌ ᠬᠡᠷᠡᠭ᠌ᠲᠡᠢ᠃
ᠵᠣᠷᠢᠭ᠍ᠲᠠᠶᠲᠡᠮᠡᠴᠡᠬᠦ᠌᠂ ᠵᠣᠷᠢᠭ᠍ᠲᠠᠶ ᠢᠯᠠᠬᠤ ᠲᠥᠪᠯᠡᠷᠡᠯ᠎ᠦᠨ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠶ᠃ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠳᠤ ᠣᠷᠣᠯᠴᠠᠬᠤ ᠵᠠᠮ ᠳᠡᠭᠡᠷ᠎ᠡ ᠂ ᠪᠢᠳᠡ ᠡᠷᠬᠡᠪᠰᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠤᠬᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠢᠮᠠᠭ᠍ᠲᠠ ᠡᠷᠡᠰ ᠬᠠᠲᠠᠭᠤ ᠲᠡᠮᠡᠴᠡᠯ᠎ᠦᠨ ᠵᠣᠷᠢᠭ ᠰᠠᠨᠠᠭ᠎ᠠ᠂ ᠡᠷᠡᠰ ᠬᠠᠲᠠᠭᠤ ᠲᠡᠮᠡᠴᠡᠯ᠎ᠦᠨ ᠵᠣᠷᠢᠭ᠂ ᠴᠤᠭ ᠪᠠᠳᠠᠷᠠᠩᠭᠤᠢ ᠲᠡᠮᠡᠴᠡᠯ᠎ᠦᠨ ᠳᠦᠷᠰᠦ ᠪᠠᠢᠳᠠᠯ᠎ᠢᠶᠠᠨ ᠪᠠᠲᠤᠯᠠᠬᠤ ᠬᠡᠷᠡᠭ᠌ᠲᠡᠢ᠃ ᠵᠣᠷᠢᠭ᠍ᠲᠠᠶᠲᠡᠮᠡᠴᠡᠬᠦ᠌᠂ ᠵᠣᠷᠢᠭ᠍ᠲᠠᠶ ᠢᠯᠠᠬᠤ ᠳᠠᠢᠴᠢᠨ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠶ᠃ ᠳᠤᠮᠳᠠᠳᠤ ᠤᠯᠤᠰ᠎ᠤᠨ ᠡᠪ ᠬᠠᠮᠲᠤ ᠨᠠᠮ ᠲᠡᠮᠡᠴᠡᠯ᠎ᠳᠦ ᠲᠦᠱᠢᠭ᠌ᠯᠡᠨ ᠥᠨᠥᠳᠦᠷ᠎ᠲᠦ ᠬᠦᠷᠴᠦ᠍ ᠢᠷᠡᠭ᠌ᠰᠡᠨ ᠪᠥᠭᠡᠳ ᠮᠥᠨ ᠴᠦ᠍ ᠲᠡᠮᠡᠴᠡᠯ᠎ᠳᠦ ᠲᠦᠱᠢᠭ᠌ᠯᠡᠨ ᠢᠷᠡᠭᠡᠳᠦᠢ᠎ᠶ᠋ᠢ ᠲᠡᠮᠡᠴᠡᠨ ᠤᠯᠬᠤ ᠨᠢ ᠯᠠᠪᠲᠠᠢ ᠶᠤᠮ᠃ ᠪᠢᠳᠡ ᠲᠡᠮᠡᠴᠡᠯ᠎ᠦᠨ ᠬᠦᠴᠦᠨ᠂ ᠲᠡᠮᠡᠴᠡᠯ᠎ᠦᠨ ᠡᠬᠢ ᠪᠠᠶᠠᠯᠢᠭ᠂ ᠲᠡᠮᠡᠴᠡᠯ᠎ᠦᠨ ᠨᠥᠭᠡᠴᠡ ᠬᠦᠴᠦᠨ᠂ ᠲᠡᠮᠡᠴᠡᠯ᠎ᠦᠨ ᠳᠠᠪᠠᠭᠤᠯᠢᠭ᠎ᠢ ᠨᠢᠭ᠍ᠲᠠᠷᠠᠭᠤᠯᠵᠤ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠡᠮᠡᠴᠡᠯ᠎ᠦᠨ ᠡᠷᠴᠢ ᠵᠣᠷᠢᠭ᠎ᠢᠶᠠᠨ ᠪᠠᠷᠢᠮᠲᠠᠯᠠᠵᠤ᠂ ᠲᠡᠮᠡᠴᠡᠯ᠎ᠦᠨ ᠴᠢᠳᠠᠪᠤᠷᠢ᠎ᠪᠠᠨ ᠴᠢᠩᠭᠠᠳᠭᠠᠵᠤ᠂ ᠲᠡᠮᠡᠴᠡᠯ᠎ᠦᠨ ᠴᠢᠭ᠌ᠯᠡᠯ᠎ᠢ ᠣᠨᠣᠪᠴᠢᠲᠠᠢ ᠡᠵᠡᠮᠳᠡᠵᠦ᠍᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠡᠩ ᠠᠭᠤᠤ ᠶᠡᠬᠡ ᠢᠯᠠᠯᠲᠠ ᠪᠠ ᠢᠷᠠᠭᠤ ᠠᠯᠳᠠᠷ᠎ᠢ ᠤᠯᠬᠤ ᠬᠡᠷᠡᠭ᠌ᠲᠡᠢ᠃