ᠥᠪᠥᠷ ᠮᠣᠩᠭᠣᠯ᠎ᠤᠨ ᠶᠠᠡᠭ᠌ᠱᠤᠤ ᠵᠢᠨ ᠰᠣᠶᠣᠯ᠎ᠤᠨ 2000 ᠭᠠᠷᠤᠢ ᠵᠢᠯ᠎ᠦᠨ ᠭᠡᠷᠡᠯ ᠰᠠᠴᠤᠷᠠᠩᠭᠤᠢ ᠲᠡᠦᠬᠡ ᠪᠣᠯ ᠬᠥᠮᠦᠨ ᠲᠥᠷᠥᠯᠬᠢᠲᠡᠨ᠎ᠦ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠲᠠᠭᠠᠨ ᠨᠡᠭᠦᠳᠡᠯᠯᠡᠭ᠌ᠰᠡᠨ ᠲᠡᠦᠬᠡ ᠪᠣᠯᠬᠤ ᠪᠥᠭᠡᠳ ᠪᠠᠰᠠ ᠴᠤ᠌ ᠳᠤᠮᠳᠠᠳᠤ᠎ᠶ᠋ᠢᠨ ᠰᠣᠶᠣᠯ᠎ᠤᠨ ᠦᠨᠳᠦᠰᠦ ᠰᠤᠷᠪᠤᠯᠵᠢ ᠵᠢᠨ ᠪᠤᠢ ᠪᠤᠯᠵᠤ ᠬᠥᠭ᠌ᠵᠢᠭ᠌ᠰᠡᠨ ᠦᠶ᠎ᠡ ᠪᠣᠯᠤᠨ᠎ᠠ᠃
1998 ᠣᠨ᠎ᠤ ᠬᠠᠪᠤᠷ ᠵᠣᠨ᠎ᠤ ᠲᠠᠱᠢᠷᠠᠮ᠎ᠢᠶᠠᠷ᠂ ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ᠎ᠤᠨ ᠭᠠᠵᠠᠷ ᠬᠠᠲᠤᠨ ᠭᠤᠤᠯ᠎ᠤᠨ ᠸᠠᠨ ᠵᠢᠶᠠ ᠵᠠᠶ ᠤᠰᠤᠨ ᠠᠱᠢᠭ᠍ᠯᠠᠯᠲᠠ᠎ᠶ᠋ᠢᠨ ᠬᠦᠶ᠋ᠰᠦ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ ᠯᠤᠭ᠎ᠠ ᠬᠠᠮᠵᠢᠯᠴᠠᠨ᠂ ᠴᠠ ᠾᠧ ᠺᠸᠤ ᠵᠢᠨ ᠪᠠᠭᠤᠷᠢ᠎ᠶ᠋ᠢ ᠠᠪᠤᠷᠠᠯᠳᠠ᠎ᠶ᠋ᠢᠨ ᠴᠢᠨᠠᠷᠲᠠᠶᠠᠭᠤᠳᠠᠯᠵᠤ᠂ ᠲᠤᠬᠠᠶ᠎ᠶ᠋ᠢᠨ ᠦᠶ᠎ᠡ᠎ᠶ᠋ᠢᠨ ᠥᠪᠥᠷ ᠮᠣᠩᠭᠣᠯ᠎ᠤᠨ ᠳᠤᠮᠳᠠ ᠡᠮᠦᠨᠡᠲᠦ ᠬᠡᠰᠡᠭ᠎ᠦᠨ ᠭᠠᠵᠠᠷ ᠣᠷᠣᠨ᠎ᠤ ᠬᠡᠪᠴᠢᠶ᠎ᠡ᠎ᠪᠡᠷ ᠬᠠᠮᠤᠭ᠎ᠤᠨ ᠶᠡᠬᠡ᠂ ᠰᠣᠶᠣᠯ᠎ᠤᠨ ᠠᠭᠤᠯᠤᠭ᠍ᠳᠠᠬᠤᠨᠢᠶᠠᠷᠬᠠᠮᠤᠭᠤᠨᠪᠠᠶᠠᠯᠢᠭᠱᠢᠨᠡᠴᠢᠯᠠᠭᠤᠨᠵᠡᠪᠰᠡᠭᠦᠨᠦᠶᠡᠶ᠋ᠢᠨᠪᠠᠭᠤᠷᠢᠶ᠋ᠢᠰᠠᠨᠠᠭᠠᠨᠳᠤ ᠥᠬᠡᠶᠢᠯᠡᠷᠡᠭᠦᠯᠵᠡᠢ᠃ ᠲᠤᠬᠠᠶ᠎ᠶ᠋ᠢᠨ ᠦᠶ᠎ᠡ᠎ᠳᠦ ᠬᠠᠭᠤᠴᠢ ᠰᠤᠳᠤᠯᠤᠯ᠎ᠤᠨ ᠨᠡᠭᠡᠭᠡᠨ ᠠᠭᠤᠳᠠᠯᠬᠤ ᠠᠩᠭᠢ᠎ᠶ᠋ᠢᠨ ᠳᠠᠭᠠᠭᠤᠯᠤᠭ᠍ᠴᠢ ᠨᠢ ᠶᠠᠭ ᠦᠪᠦᠷ ᠮᠤᠩᠭᠤᠯ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠲᠦᠪ᠎ᠤᠨ ᠡᠷᠬᠢᠯᠡᠭᠴᠢ ᠵᠢᠶ ᠫᠢᠩ ᠪᠠᠢᠪᠠ᠃

ᠵᠢᠶ ᠫᠢᠩ᠎ᠤᠨ ᠡᠷᠭᠢᠴᠡᠭᠦᠯᠬᠦ ᠪᠡᠷ᠂ ᠲᠤᠬᠠᠶ᠎ᠶ᠋ᠢᠨ ᠦᠶ᠎ᠡ᠎ᠳᠦ ᠴᠠ ᠾᠧ ᠺᠸᠤ ᠵᠢᠨ ᠪᠠᠭᠤᠷᠢ᠎ᠶ᠋ᠢᠨ ᠭᠠᠳᠠᠭᠤᠷ ᠨᠢ ᠲᠣᠭᠣᠷᠢᠭ ᠬᠡᠯᠪᠡᠷᠢᠳᠡᠢ ᠭᠤᠤ ᠮᠠᠯᠲᠠᠨ᠂ ᠳᠣᠲᠣᠷ᠎ᠠ ᠨᠢ ᠶᠠᠩᠱᠤᠤ ᠵᠢᠨ ᠰᠣᠶᠣᠯ᠎ᠤᠨ ᠠᠳᠠᠯᠢ ᠪᠤᠰᠤ ᠱᠠᠲᠤ ᠦᠶ᠎ᠡ᠎ᠶ᠋ᠢᠨ ᠬᠡᠷ ᠪᠠᠢᠱᠢᠩ ᠵᠢᠭᠳᠡᠷᠡᠵᠦ ᠪᠠᠢᠵᠠᠢ᠂ ᠴᠠᠭ ᠦᠶ᠎ᠡ ᠨᠢ ᠣᠲᠣ᠎ᠠᠴᠠ 6000 — 4500 ᠱᠢᠬᠠᠮ ᠵᠢᠯ᠎ᠦᠨ ᠡᠮᠦᠨ᠎ᠡ ᠪᠠᠢᠵᠤ᠂ ᠲᠣᠭᠣᠷᠢᠬ ᠭᠤᠤ᠎ᠶ᠋ᠢᠨ ᠵᠡᠭᠦᠨ᠂ ᠵᠡᠭᠦᠨ ᠬᠣᠢᠲᠤ᠂ ᠵᠡᠭᠦᠨ ᠡᠮᠦᠨ᠎ᠡ ᠲᠠᠯ᠎ᠠ᠎ᠠᠴᠠ 3 ᠡᠭᠦᠳᠡ ᠢᠯᠡᠷᠡᠭᠦᠯᠦᠭ᠌ᠰᠡᠨ ᠪᠥᠭᠡᠳ ᠪᠠᠰᠠ ᠦᠨᠡᠰᠦᠨ ᠨᠦᠬᠡ᠂ ᠪᠤᠯᠠᠰᠢ ᠵᠢᠴᠢ ᠶᠡᠬᠡ ᠬᠡᠮᠵᠢᠶᠡᠨ᠎ᠦ ᠸᠠᠭᠠᠷ ᠰᠠᠪᠠ ᠪᠠᠢᠭᠰᠡᠨ ᠭᠡᠨ᠎ᠡ᠃

4 ᠮᠸᠲᠷ ᠭᠦᠨ᠂ 8 ᠮᠸᠲᠷ ᠥᠷᠭᠡᠨ᠂ ᠳ᠋ᠢᠶᠠᠮᠧᠲ᠋ᠷ ᠨᠢ 245 ᠮᠸᠲᠷ ᠪᠦᠬᠦᠢ ᠲᠣᠭᠣᠷᠢᠬ ᠭᠤᠤ᠎ᠶ᠋ᠢᠨ ᠪᠠᠭᠤᠷᠢ᠎ᠠᠴᠠ ᠬᠠᠭᠤᠴᠢ ᠰᠤᠳᠤᠯᠤᠭ᠍ᠴᠢᠳ ᠬᠣᠶᠠᠷ ᠲᠤᠮᠤ ᠬᠡᠯᠪᠡᠷᠢ᠎ᠶ᠋ᠢᠨ ᠠᠷᠢᠶᠠᠲᠠᠨ᠎ᠤ ᠬᠡᠯᠪᠡᠷᠢᠲᠡᠶ ᠬᠠᠩᠳᠠᠭ᠍ᠰᠠᠨ ᠱᠤᠭᠤᠮᠠᠯ᠎ᠢ ᠢᠯᠡᠷᠡᠭᠦᠯᠪᠡ᠃ ᠲᠣᠯᠣᠭᠠᠶ ᠰᠡᠭᠦᠯ ᠨᠢ ᠡᠰᠡᠷᠭᠦᠯᠡᠭᠡᠳ ᠭᠦᠨ ᠭᠤᠤ᠎ᠳᠤ ᠬᠡᠪᠲᠡᠵᠦ᠍᠂ ᠬᠥᠮᠥᠰᠭᠡ ᠨᠢᠳᠦ᠂ ᠬᠢᠮᠤᠰᠤ᠂ ᠭᠤᠤᠯ ᠪᠡᠶ᠎ᠡ᠂ ᠨᠢᠷᠤᠭᠤ ᠳᠠᠯᠠᠪᠴᠢ ᠨᠢ ᠠᠮᠢᠳᠤ ᠳᠦᠷᠰᠦᠯᠢᠭ ᠬᠠᠷᠠᠭᠳᠠᠨ᠂ ᠮᠠᠨ᠎ᠤ ᠤᠯᠤᠰ᠎ᠤᠨ ᠱᠢᠨ᠎ᠡ ᠴᠢᠯᠠᠭᠤᠨ ᠵᠡᠪᠰᠡᠭ᠎ᠦᠨ ᠦᠶ᠎ᠡ᠎ᠶ᠋ᠢᠨ ᠬᠥᠮᠦᠨ ᠲᠥᠷᠥᠯᠬᠢᠲᠡᠨ᠎ᠦ ᠰᠣᠳᠣᠨ ᠪᠦᠲᠦᠭᠡᠯ ᠪᠤᠯᠤᠨ᠎ᠠ᠃ ᠲᠤᠬᠠᠶ᠎ᠶ᠋ᠢᠨ ᠦᠶ᠎ᠡ᠎ᠶ᠋ᠢᠨ ᠬᠥᠮᠦᠰ ᠬᠡᠳᠦᠨ ᠵᠢᠯ᠎ᠦᠨ ᠴᠠᠭ ᠬᠡᠷᠡᠭ᠌ᠰᠡᠵᠦ᠍᠂ ᠶᠡᠬᠡ ᠬᠡᠮᠵᠢᠶᠡᠨ᠎ᠦ ᠬᠥᠮᠦᠨ᠎ᠦ ᠬᠦᠴᠦ᠍᠂ ᠪᠣᠳᠠᠰ᠎ᠤᠨ ᠬᠦᠴᠦ᠍᠎ᠶ᠋ᠢ ᠵᠠᠷᠤᠴᠠᠭᠤᠯᠪᠠᠯ ᠰᠠᠶᠢ ᠡᠨᠡ ᠬᠦ᠌ ᠭᠦᠨ ᠰᠤᠪᠠᠭ᠎ᠢ ᠮᠠᠯᠲᠠᠵᠤ ᠳᠡᠢᠯᠦᠨ᠎ᠡ᠂ ᠲᠤᠬᠠᠶ᠎ᠶ᠋ᠢᠨ ᠭᠠᠵᠠᠷ᠎ᠠᠴᠠ ᠪᠠᠨ ᠮᠠᠲ᠋ᠧᠷᠢᠶᠠᠯ ᠠᠪᠴᠤ᠌᠂ ᠱᠢᠷ᠎ᠠ ᠱᠢᠷᠣᠶ᠎ᠪᠠᠷ ᠲᠤᠮᠤ ᠱᠤᠭᠤᠮᠠᠯ᠎ᠢ ᠱᠤᠭᠤᠭᠰᠠᠨ ᠪᠠᠢᠨ᠎ᠠ᠃ ᠱᠢᠷ᠎ᠠ ᠱᠢᠷᠣᠶ᠎ᠪᠠᠷ ᠬᠠᠩᠳᠠᠭ᠍ᠰᠠᠨ ᠡᠨᠡ ᠬᠣᠶᠠᠷ ᠠᠷᠢᠶᠠᠲᠠᠨ᠎ᠤ ᠬᠡᠯᠪᠡᠷᠢᠲᠡᠶ ᠱᠤᠭᠤᠮᠠᠯ ᠨᠢ ᠪᠠᠯᠠᠷ ᠡᠷᠲᠡᠨ᠎ᠦ ᠱᠠᠱᠢᠨ᠎ᠤ ᠣᠨᠴᠠᠯᠢᠭ᠎ᠲᠠᠶ᠃ ᠲᠡᠭᠦᠨ᠎ᠦ ᠨᠢᠳᠤᠨᠦ ᠬᠡᠰᠡᠭ᠎ᠦᠨ ᠭᠦᠨ ᠨᠦᠬᠡᠨ ᠳᠣᠲᠣᠷ᠎ᠠ ᠡᠴᠡ ᠨᠢᠭᠡ ᠬᠦᠮᠦᠨ᠎ᠤ ᠶᠠᠰᠤ ᠵᠢ ᠢᠯᠡᠷᠡᠭᠦᠯᠵᠡᠢ᠃ ᠡᠨᠡ ᠬᠦ᠌ ᠰᠥᠭᠦᠳᠦᠭᠡᠳ ᠬᠣᠶᠠᠷ ᠭᠠᠷ᠎ᠢᠶᠠᠨ ᠠᠷᠤ᠎ᠳᠠᠭᠠᠨ ᠤᠶᠠᠭᠤᠯᠤᠭᠰᠠᠨ ᠬᠥᠮᠦᠨ ᠪᠠᠷᠤᠭ ᠳᠠᠢᠨ᠎ᠦ ᠣᠯᠵᠠᠯᠠᠭ᠍ᠳᠠᠭ᠍ᠴᠢ ᠪᠤᠶᠤ ᠳᠠᠢᠰᠤᠩᠨᠠᠭ᠍ᠴᠢ ᠠᠢᠮᠠᠭ᠎ᠤᠨ ᠠᠬᠠᠯᠠᠭ᠍ᠴᠢ ᠪᠠᠢᠵᠤ ᠮᠡᠳᠡᠨ᠎ᠡ᠂ ᠠᠪᠤᠷᠭᠤ ᠱᠤᠭᠤᠮᠠᠯ᠎ᠤᠨ ᠪᠠᠷᠢᠯᠭ᠎ᠠ ᠳᠠᠭᠤᠰᠤᠭ᠍ᠰᠠᠨ᠎ᠤ ᠳᠠᠷᠠᠭ᠎ᠠ᠂ ᠳᠠᠬᠢᠯᠭ᠎ᠠ᠎ᠶ᠋ᠢᠨ ᠠᠵᠢᠯᠯᠠᠭ᠎ᠠ ᠳᠤᠮᠳᠠ ᠠᠢᠮᠠᠭ᠎ᠤᠨ ᠪᠥᠭᠡᠨᠡᠷᠲᠦ ᠠᠯᠠᠭ᠍ᠳᠠᠵᠠᠶ ᠭᠡᠵᠦ ᠬᠠᠭᠤᠴᠢ ᠰᠤᠳᠤᠯᠤᠭ᠍ᠴᠢᠳ ᠲᠠᠭᠠᠮᠠᠭ᠍ᠯᠠᠵᠤ ᠪᠤᠢ᠃

ᠴᠠ ᠾᠧ ᠺᠸᠤ ᠵᠢᠨ ᠪᠠᠭᠤᠷᠢ᠎ᠶ᠋ᠢ ᠢᠯᠡᠷᠡᠭᠦᠯᠦᠭ᠌ᠰᠡᠨ ᠨᠢ 6000 ᠭᠠᠷᠤᠶ ᠵᠢᠯ᠎ᠦᠨ ᠡᠮᠦᠨᠡᠬᠢ ᠶᠠᠡᠭ᠌ᠱᠤᠤ ᠵᠢᠨ ᠰᠣᠶᠣᠯ᠎ᠤᠨ ᠴᠠᠭ ᠦᠶ᠎ᠡ᠎ᠶ᠋ᠢ ᠲᠤᠰᠭᠠᠵᠤ᠂ ᠥᠪᠥᠷ ᠮᠣᠩᠭᠣᠯ᠎ᠤᠨ ᠳᠤᠮᠳᠠ ᠡᠮᠦᠨᠡᠲᠦ ᠬᠡᠰᠡᠭ᠎ᠦᠨ ᠬᠠᠲᠤᠨ ᠭᠣᠣᠯ᠎ᠤᠨ ᠬᠣᠶᠠᠷ ᠡᠷᠭᠢᠳᠠᠭᠠᠤ ᠭᠠᠵᠠᠷ ᠣᠷᠣᠨ᠎ᠳᠤ ᠪᠣᠯᠪᠠᠰᠤᠨ ᠨᠢᠭᠡᠨᠲᠡ ᠳᠡᠭᠡᠳᠦ ᠬᠡᠮᠵᠢᠶ᠎ᠡ᠎ᠪᠡᠷ ᠬᠥᠭ᠌ᠵᠢᠨ᠂ ᠮᠠᠰᠢ ᠣᠯᠠᠨ ᠠᠬᠠᠮᠠᠳ᠎ᠲᠤ ᠤᠯᠤᠰ ᠪᠠ ᠠᠢᠮᠠᠭ ᠢᠯᠡᠷᠡᠵᠡᠶ᠂ ᠡᠭᠦᠨ᠎ᠳᠦ ᠭᠣᠣᠯ ᠨᠣᠶᠠᠷᠬᠠᠯ᠎ᠤᠨ ᠣᠷᠣᠨ ᠪᠣᠯ ᠴᠠ ᠾᠧ ᠺᠸᠤ ᠪᠣᠯᠤᠨ᠎ᠠ᠃ ᠡᠢᠮᠦ᠍᠎ᠡᠴᠡ ᠥᠪᠥᠷ ᠮᠣᠩᠭᠣᠯ᠎ᠤᠨ ᠬᠠᠭᠤᠴᠢ ᠰᠤᠳᠤᠯᠤᠭ᠍ᠴᠢᠳ ᠡᠨᠡ ᠭᠠᠵᠠᠷ᠎ᠢ 《ᠣᠯᠠᠨ ᠠᠬᠠᠮᠠᠳ᠎ᠲᠤ ᠤᠯᠤᠰ ᠪᠠ ᠠᠢᠮᠠᠭ᠎ᠤᠨ ᠲᠥᠪ》 ᠭᠡᠵᠦ᠍ ᠨᠡᠷᠡᠢᠳᠴᠡᠶ᠃

ᠬᠠᠭᠤᠴᠢ ᠰᠤᠳᠤᠯᠤᠯ᠎ᠤᠨ ᠲᠠᠯ᠎ᠠ ᠡᠴᠡ ᠠᠪᠴᠤ ᠬᠡᠯᠡᠪᠡᠯ᠂ ᠶᠠᠩᠱᠤᠤ᠎ᠶ᠋ᠢᠨ ᠦᠶ᠎ᠡ᠎ᠶ᠋ᠢᠨ ᠡᠨᠡ ᠬᠡᠰᠡᠭ ᠭᠠᠵᠠᠷ ᠳᠡᠭᠡᠷ᠎ᠡ ᠳᠤᠮᠳᠠᠳᠤ ᠣᠷᠣᠨ᠎ᠤ ᠬᠥᠮᠦᠰ᠎ᠦᠨ ᠭᠤᠷᠪᠠ ᠤᠳᠠᠭ᠎ᠠ ᠤᠮᠠᠷᠠᠰᠢ ᠨᠡᠭᠦᠭ᠌ᠰᠡᠨ ᠵᠠᠮ ᠮᠥᠷ᠎ᠢ ᠰᠡᠷᠭᠦᠭᠡᠵᠦ᠍ ᠪᠣᠯᠤᠨ᠎ᠠ᠃ ᠣᠲᠣ᠎ᠠᠴᠠ 6500 — 6000 ᠵᠢᠯ᠎ᠦᠨ ᠬᠣᠭᠣᠷᠣᠨᠳᠣ᠂ ᠱᠠᠨᠰᠢ᠎ᠶ᠋ᠢᠨ ᠬᠣᠢᠲᠤ ᠬᠡᠰᠡᠭ᠎ᠲᠦ ᠠᠮᠢᠳᠤᠷᠠᠵᠤ ᠪᠠᠢᠭ᠎ᠠ ᠾᠧᠦ ᠭᠠᠩ᠎ᠤᠨ ᠬᠥᠮᠦᠨ ᠾᠦᠨ ᠾᠧ ᠭᠤᠤᠯ᠎ᠢ᠎ᠲᠠᠭᠠᠨ ᠪᠠᠷᠠᠭᠤᠨᠱᠢᠯᠠᠵᠤ᠂ ᠱᠠᠨᠰᠢ᠎ᠶ᠋ᠢᠨ ᠳᠤᠮᠳᠠ ᠬᠡᠰᠡᠭ᠎ᠲᠦ ᠠᠮᠢᠳᠤᠷᠠᠵᠤ ᠪᠠᠢᠭ᠎ᠠ ᠪᠠᠨ ᠫᠦᠸᠸ᠎ᠶ᠋ᠢᠨ ᠬᠥᠮᠦᠨ ᠬᠠᠲᠤᠨ ᠭᠤᠤᠯ᠎ᠢ᠎ᠲᠠᠭᠠᠨ ᠤᠮᠠᠷᠠᠱᠢᠯᠠᠵᠤ᠂ ᠲᠤᠰ ᠬᠤᠶᠠᠷ ᠪᠦᠯᠦᠭ ᠬᠥᠮᠦᠨ ᠴᠠ ᠾᠧ ᠺᠸᠤᠳ᠋ᠤ ᠠᠭᠤᠯᠵᠠᠵᠠᠶ᠃ ᠣᠲᠣ᠎ᠠᠴᠠ 6000 — 5000 ᠵᠢᠯ᠎ᠦᠨ ᠡᠮᠦᠨ᠎ᠡ᠂ ᠾᠧᠨᠠᠨ᠎ᠤ ᠪᠠᠷᠠᠭᠤᠨ ᠬᠡᠰᠡᠭ᠎ᠲᠦ ᠠᠮᠢᠳᠤᠷᠠᠵᠤ ᠪᠠᠢᠭ᠎ᠠ ᠮᠢᠶᠣᠣ ᠳ᠋ᠢ ᠭᠸᠤ ᠵᠢᠨ ᠬᠥᠮᠦᠨ ᠬᠠᠲᠤᠨ ᠭᠤᠤᠯ᠎ᠢ᠎ᠲᠠᠭᠠᠨ ᠤᠮᠠᠷᠠᠰᠢᠯᠠᠨ᠂ ᠱᠠᠨᠰᠢ᠎ᠶ᠋ᠢᠨ ᠳᠤᠮᠳᠠ ᠬᠡᠰᠡᠭ᠎ᠡᠴᠡ ᠴᠠ ᠾᠧ ᠺᠸᠤᠳ᠋ᠤ ᠢᠷᠡᠪᠡ᠃ ᠲᠡᠳᠡ ᠾᠧᠦ ᠭᠠᠩ᠎ᠤᠨ ᠬᠥᠮᠦᠨ ᠪᠠ ᠪᠠᠨ ᠫᠦᠸᠸ᠎ᠶ᠋ᠢᠨ ᠬᠥᠮᠦᠨ᠎ᠢ ᠢᠯᠠᠭᠠᠳ᠂ ᠠᠭᠠᠵᠢᠮ᠎ᠢᠶᠠᠷ ᠲᠤᠬᠠᠶ᠎ᠶ᠋ᠢᠨ ᠭᠠᠵᠠᠷ᠎ᠤᠨ ᠨᠤᠲᠤᠭ᠎ᠤᠨ ᠲᠥᠯᠥᠭᠡᠯᠡᠭ᠌ᠴᠢ ᠪᠣᠯᠵᠠᠶ᠃ ᠲᠡᠳᠡ ᠪᠤᠯ ᠭᠠᠢᠬᠠᠮᠰᠢᠭᠲᠠᠢ ᠲᠣᠮᠣ ᠠᠷᠢᠶᠠᠲᠠᠨ᠎ᠤ ᠬᠡᠯᠪᠡᠷᠢ᠎ᠶ᠋ᠢᠨ ᠱᠤᠭᠤᠮᠠᠯ᠎ᠢ ᠪᠦᠲᠦᠭᠡᠭᠰᠡᠨ ᠬᠦᠮᠦᠰ ᠪᠤᠯᠤᠨ᠎ᠠ᠃

500 ᠵᠢᠯ᠎ᠦᠨ ᠳᠠᠷᠠᠭ᠎ᠠ᠂ ᠠᠭᠤᠷ ᠠᠮᠢᠰᠭᠤᠯ ᠬᠦᠶ᠋ᠲᠡᠷᠡᠬᠦ᠌ ᠪᠠ ᠭᠠᠩ ᠬᠠᠭᠤᠷᠠᠶ ᠪᠣᠯᠬᠤ᠎ᠶ᠋ᠢ ᠳᠠᠭᠠᠯᠳᠤᠨ᠂ ᠬᠠᠲᠤᠨ ᠭᠤᠤᠯ ᠪᠣᠯᠤᠨ ᠾᠦᠨ ᠾᠧ ᠭᠤᠤᠯ᠎ᠤᠨ ᠤᠰᠤᠨ ᠲᠦᠪᠱᠢᠨ ᠳᠣᠷᠣᠭ᠍ᠰᠢᠯᠠᠵᠤ᠂ ᠴᠠ ᠾᠧ ᠺᠸᠦ ᠵᠢᠨ ᠲᠦᠪᠯᠡᠷᠡᠩᠭᠦᠢ ᠰᠠᠭᠤᠷᠢᠱᠢᠯ᠎ᠤᠨ ᠪᠣᠯᠪᠠᠰᠤᠨ ᠠᠭᠠᠵᠢᠮ᠎ᠢᠶᠠᠷ ᠳᠣᠷᠣᠢᠳᠠᠵᠤ ᠡᠴᠦᠰ᠎ᠲᠡᠬᠡᠨ ᠲᠠᠶᠠᠭ᠍ᠳᠠᠪᠠ᠃ ᠬᠥᠮᠦᠰ ᠦᠨᠳᠦᠷ ᠳᠤᠪᠤᠷᠬᠠᠬ ᠭᠠᠵᠠᠷ᠎ᠡᠴᠡ ᠥᠷᠭᠡᠨ ᠠᠭᠤᠳᠠᠮ ᠲᠠᠯ᠎ᠠ ᠨᠤᠲᠤᠭ᠎ᠲᠤ ᠨᠡᠭᠦᠭᠡᠳ ᠠᠭᠠᠵᠢᠮ᠎ᠢᠶᠠᠷ ᠨᠡᠭᠦᠳᠡᠯ ᠮᠠᠯᠵᠢᠯ᠎ᠤᠨ ᠠᠢᠮᠠᠭ ᠪᠣᠯᠵᠤ ᠬᠤᠪᠢᠷᠠᠪᠠ᠃ ᠴᠠ ᠾᠧ ᠺᠸᠦ ᠵᠢᠨ ᠪᠠᠭᠤᠷᠢ ᠡᠨᠳᠡᠬᠢ ᠬᠥᠭ᠌ᠵᠢᠯ ᠴᠡᠴᠡᠭ᠌ᠯᠡᠯ᠎ᠡᠴᠡ ᠪᠠᠭᠤᠷᠠᠯ ᠳᠤᠷᠤᠢᠲᠠᠯ ᠬᠦᠷᠲᠡᠯᠡᠬᠢ ᠲᠡᠦᠬᠡᠨ ᠶᠠᠪᠤᠴᠠ᠎ᠶ᠋ᠢ ᠬᠠᠷᠠᠭᠤᠯᠵᠠᠢ᠃ ᠶᠠᠩᠱᠤᠤ᠎ᠶ᠋ᠢᠨ ᠴᠠᠭ ᠦᠶ᠎ᠡ᠎ᠳᠦ ᠬᠥᠮᠦᠰ ᠦᠢᠯᠡᠳᠪᠦᠷᠢᠯᠡᠯ ᠠᠮᠢᠳᠤᠷᠠᠯ᠎ᠤᠨ ᠭᠠᠵᠠᠷ ᠵᠢᠡᠨ ᠳᠠᠰᠤᠷᠠᠯᠳᠠ ᠦᠭᠡᠢ ᠥᠷᠭᠡᠳᠭᠡᠵᠦ᠍᠂ ᠤᠳᠤ᠎ᠶ᠋ᠢᠨ ᠾᠧᠨᠠᠨ᠂ ᠱᠠᠨᠰᠢ᠂ ᠱᠠᠨ ᠰᠢ᠂ ᠭᠠᠨᠰᠦ᠂ ᠾᠸᠪᠸᠢ᠂ ᠥᠪᠥᠷ ᠮᠣᠩᠭᠣᠯ᠂ ᠨᠢᠩᠱᠢᠶᠠ ᠵᠡᠷᠭᠡ ᠮᠤᠵᠢ᠎ᠳᠤ ᠪᠦᠷ ᠤᠯᠠ ᠮᠥᠷ᠎ᠢᠶᠡᠨ ᠦᠯᠡᠳᠡᠭᠡᠵᠡᠢ᠃
ᠴᠠ ᠾᠧ ᠺᠸᠤ ᠵᠢᠨ ᠪᠠᠭᠤᠷᠢ᠎ᠶ᠋ᠢ ᠢᠯᠡᠷᠡᠭᠦᠯᠦᠭ᠌ᠰᠡᠨ ᠪᠠ ᠰᠤᠳᠤᠯᠤᠭ᠍ᠰᠠᠨ ᠨᠢ ᠳᠤᠮᠳᠠᠳᠤ ᠤᠯᠤᠰ᠎ᠤᠨ ᠤᠮᠠᠷᠠᠲᠤ᠎ᠶ᠋ᠢᠨ ᠡᠷᠲᠡᠨ᠎ᠦ ᠨᠡᠢᠭᠡᠮ᠎ᠦᠨ ᠲᠡᠦᠬᠡ᠎ᠶ᠋ᠢ ᠰᠡᠷᠭᠦᠭᠡᠬᠦ᠎ᠳᠦ ᠬᠣᠪᠣᠷ ᠨᠠᠨᠳᠢᠨ ᠮᠠᠲ᠋ᠧᠷᠢᠶᠠᠯ ᠬᠠᠩᠭᠠᠵᠤ᠂ ᠥᠪᠥᠷ ᠮᠣᠩᠭᠣᠯ᠎ᠤᠨ ᠳᠤᠮᠳᠠ ᠡᠮᠦᠨᠡᠲᠦ ᠬᠡᠰᠡᠭ᠎ᠦᠨ ᠭᠠᠵᠠᠷ ᠣᠷᠣᠨ᠎ᠤ ᠪᠠᠯᠠᠷ ᠡᠷᠲᠡᠨ᠎ᠦ ᠤᠨ ᠲᠣᠭᠠᠯᠠᠯᠢ ᠬᠠᠷᠠᠭᠤᠯᠬᠤ᠎ᠳᠦ ᠴᠢᠬᠤᠯᠠ ᠡᠷᠳᠡᠮ ᠱᠢᠨᠵᠢᠯᠡᠭᠡᠨ᠎ᠦ ᠠᠴᠢ ᠬᠣᠯᠪᠣᠭ᠍ᠳᠠᠯ᠎ᠲᠠᠶ᠂ ᠡᠭᠦᠨ᠎ᠦ ᠤᠯᠠᠮ᠎ᠢᠶᠠᠷ ᠬᠠᠲᠤᠨ ᠭᠣᠣᠯ᠎ᠤᠨ ᠳᠤᠮᠳᠠᠳᠤ ᠤᠷᠤᠰᠭᠠᠯ᠎ᠤᠨ ᠡᠷᠲᠡ ᠦᠶ᠎ᠡ ᠵᠢᠨ ᠪᠣᠯᠪᠠᠰᠤᠨ᠎ᠤ ᠡᠭᠦᠰᠦᠯ ᠵᠢᠴᠢ ᠪᠣᠯᠪᠠᠰᠤᠨ᠎ᠤ ᠬᠡᠮᠵᠢᠶ᠎ᠡ᠎ᠶ᠋ᠢ ᠬᠠᠢᠨ ᠰᠦᠪᠡᠭ᠌ᠴᠢᠯᠡᠬᠦ᠌᠎ᠳᠦ ᠴᠢᠬᠤᠯᠠ ᠡᠷᠳᠡᠮ ᠱᠢᠨᠵᠢᠯᠡᠭᠡᠨ᠎ᠦ ᠦᠨ᠎ᠡ ᠥᠷᠲᠡᠭ᠎ᠲᠡᠶ᠃
ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ᠎ᠤᠨ ᠬᠦᠷᠢᠶᠡᠯᠡᠩ᠎ᠦᠨ ᠳᠠᠷᠤᠭ᠎ᠠ ᠵᠠᠩ ᠸᠸᠨ ᠫᠢᠩ᠎ᠦᠨ ᠲᠠᠨᠢᠯᠴᠠᠭᠤᠯᠤᠭ᠍ᠰᠠᠨ᠎ᠢᠶᠠᠷ᠂ ᠥᠪᠥᠷ ᠮᠣᠩᠭᠣᠯ᠎ᠤᠨ ᠳᠤᠮᠳᠠ ᠡᠮᠦᠨᠡᠲᠦ ᠬᠡᠰᠡᠭ᠎ᠦᠨ ᠪᠣᠷᠣᠲᠣᠬᠣᠶ ᠣᠷᠣᠨ᠎ᠤ ᠱᠢᠨ᠎ᠡ ᠴᠢᠯᠠᠭᠤᠨ ᠵᠡᠪᠰᠡᠭ᠎ᠦᠨ ᠴᠠᠭ ᠦᠶ᠎ᠡ᠎ᠶ᠋ᠢᠨ ᠦᠯᠡᠳᠡᠭ᠌ᠳᠡᠯ ᠨᠢ ᠶᠠᠩᠱᠤᠤ᠎ᠶ᠋ᠢᠨ ᠰᠣᠶᠣᠯ᠎ᠤᠨ ᠪᠦᠷᠢᠯᠳᠦᠬᠦᠨ ᠪᠤᠯᠤᠨ᠎ᠠ᠃ ᠶᠠᠡᠭ᠌ᠱᠤᠤ ᠵᠢᠨ ᠰᠣᠶᠣᠯ ᠬᠠᠲᠤᠨ ᠭᠣᠣᠯ᠎ᠤᠨ ᠳᠤᠮᠳᠠᠳᠤ ᠤᠷᠤᠰᠭᠠᠯᠳᠠᠭᠠᠤ ᠣᠷᠣᠨ᠎ᠢᠶᠠᠷ ᠭᠣᠣᠯᠯᠠᠵᠤ᠂ ᠴᠠᠭ ᠦᠶ᠎ᠡ᠎ᠶ᠋ᠢᠨ ᠠᠯᠭᠠᠰᠠᠯ ᠨᠢ ᠣᠳᠣ᠎ᠠᠴᠠ 7000 — 5000 ᠵᠢᠯ᠎ᠦᠨ ᠬᠣᠭᠣᠷᠣᠨᠳᠣ ᠪᠠᠢᠵᠤ᠂ ᠮᠠᠨ᠎ᠤ ᠤᠯᠤᠰ᠎ᠤᠨ ᠦᠷᠭᠦᠯᠵᠢᠯᠡᠭ᠌ᠰᠡᠨ ᠴᠠᠭ᠎ᠢᠶᠠᠷ ᠬᠠᠮᠤᠭ᠎ᠤᠨ ᠤᠷᠲᠤ᠂ ᠲᠠᠷᠬᠠᠭ᠍ᠰᠠᠨ ᠭᠠᠵᠠᠷ᠎ᠢᠶᠠᠷ ᠬᠠᠮᠤᠭ᠎ᠤᠨ ᠥᠷᠭᠡᠨ᠂ ᠲᠡᠦᠬᠡᠨ ᠡᠮᠦᠨᠡᠬᠢ ᠨᠥᠯᠥᠭᠡ᠎ᠪᠡᠷ ᠬᠠᠮᠤᠭ᠎ᠤᠨ ᠭᠦᠨ ᠱᠢᠨ᠎ᠡ ᠴᠢᠯᠠᠭᠤᠨ ᠵᠡᠪᠰᠡᠭ᠎ᠦᠨ ᠴᠠᠭ ᠦᠶ᠎ᠡ᠎ᠶ᠋ᠢᠨ ᠰᠣᠶᠣᠯ ᠪᠣᠯᠤᠨ᠎ᠠ ᠭᠡᠨ᠎ᠡ᠃
ᠵᠦᠩᠶᠤᠸᠠᠨ ᠣᠷᠣᠨ᠎ᠤ ᠶᠠᠩᠱᠤᠤ ᠵᠢᠨ ᠰᠣᠶᠣᠯ᠎ᠤᠨ ᠲᠠᠷᠢᠶᠠᠯᠠᠩ ᠡᠷᠬᠢᠯᠡᠵᠦ ᠪᠠᠢᠬᠰᠠᠨ ᠰᠠᠭᠤᠭᠠᠯᠢ ᠠᠷᠠᠳ ᠣᠳᠣ᠎ᠠᠴᠠ 6800 ᠵᠢᠯ᠎ᠦᠨ ᠡᠮᠦᠨ᠎ᠡ᠂ ᠶᠡᠬᠡ ᠬᠡᠪᠴᠢᠶ᠎ᠡ᠎ᠪᠡᠷ ᠤᠮᠠᠷᠠᠲᠤ ᠣᠷᠣᠨ ᠵᠦᠭ ᠨᠡᠭᠦᠳᠡᠯᠯᠡᠨ ᠠᠲᠠᠷ ᠬᠠᠭᠠᠯᠪᠤᠷᠢᠯᠠᠵᠤ ᠡᠬᠢᠯᠡᠭᠡᠳ ᠳᠠᠭ᠎ᠠ᠎ᠶ᠋ᠢᠨ ᠨᠠᠭᠤᠷ᠎ᠤᠨ ᠬᠣᠲᠣᠭᠣᠷ᠂ ᠬᠠᠲᠤᠨ ᠭᠣᠣᠯ᠎ᠤᠨ ᠤᠷᠤᠰᠬᠠᠯ ᠳᠠᠭᠠᠤ ᠣᠷᠣᠨ᠎ᠳᠤ ᠬᠦᠷᠴᠦ᠍ ᠢᠷᠡᠪᠡ᠃ ᠶᠠᠡᠭ᠌ᠱᠤᠤ ᠵᠢᠨ ᠰᠣᠶᠣᠯ᠎ᠤᠨ ᠰᠡᠭᠦᠯᠴᠢ᠎ᠶ᠋ᠢᠨ ᠦᠶ᠎ᠡ(ᠣᠳᠣ᠎ᠠᠴᠠ 5500 — 5000 ᠤᠨ ᠪᠣᠯᠲᠠᠯ᠎ᠠ)᠂ ᠢᠯᠠᠩᠭᠤᠶ᠎ᠠ ᠣᠳᠣ᠎ᠠᠴᠠ 5300 ᠵᠢᠯ᠎ᠦᠨ ᠡᠮᠦᠨ᠎ᠡ ᠬᠣᠢᠨ᠎ᠠ ᠦᠶ᠎ᠡ ᠪᠣᠯ ᠳᠤᠮᠳᠠᠳᠤ᠎ᠶ᠋ᠢᠨ ᠪᠣᠯᠪᠠᠰᠤᠨ᠎ᠤ ᠡᠭᠦᠰᠦᠯ᠎ᠦᠨ ᠱᠢᠵᠢᠷ ᠠᠯᠲᠠᠨ ᠱᠠᠲᠤ ᠦᠶ᠎ᠡ ᠪᠣᠯᠤᠨ᠎ᠠ᠂ ᠡᠨᠡ ᠬᠤᠭᠤᠴᠠᠭᠠᠨ᠎ᠳᠤ ᠥᠪᠥᠷ ᠮᠣᠩᠭᠣᠯ᠎ᠤᠨ ᠳᠤᠮᠳᠠ ᠡᠮᠦᠨᠡᠲᠦ ᠬᠡᠰᠡᠭ᠎ᠦᠨ ᠪᠣᠷᠣᠲᠣᠬᠣᠶ ᠣᠷᠣᠨ᠎ᠤ ᠶᠠᠡᠭ᠌ᠱᠤᠤ ᠵᠢᠨ ᠰᠣᠶᠣᠯ᠎ᠤᠨ ᠪᠠᠭᠤᠷᠢ᠎ᠶ᠋ᠢᠨ ᠲᠠᠷᠬᠠᠯᠲᠠ᠎ᠶ᠋ᠢᠨ ᠬᠡᠪᠴᠢᠶ᠎ᠡ ᠪᠠ ᠲᠣᠭ᠎ᠠ ᠬᠡᠮᠵᠢᠶ᠎ᠡ ᠨᠢ ᠪᠦᠷ ᠱᠢᠨ᠎ᠡ ᠴᠢᠯᠠᠭᠤᠨ ᠵᠡᠪᠰᠡᠭ᠎ᠦᠨ ᠦᠶ᠎ᠡ᠎ᠶ᠋ᠢᠨ ᠣᠷᠭᠢᠯ᠎ᠳᠤ ᠬᠦᠷᠦᠭ᠌ᠰᠡᠨ ᠪᠠᠢᠨ᠎ᠠ᠃
ᠥᠪᠥᠷ ᠮᠣᠩᠭᠣᠯ᠎ᠤᠨ ᠬᠣᠶᠠᠷ ᠦᠶ᠎ᠡ᠎ᠶ᠋ᠢᠨ ᠬᠠᠭᠤᠴᠢ ᠰᠤᠳᠤᠯᠤᠭ᠍ᠴᠢᠳ ᠵᠠᠭᠤᠨ ᠵᠢᠯ ᠱᠢᠬᠠᠮ ᠬᠠᠢᠨ ᠰᠦᠪᠡᠭ᠌ᠴᠢᠯᠡᠭᠡᠳ ᠶᠠᠩᠱᠤᠤᠶ᠋ᠢᠨᠴᠠᠭᠦᠶᠡᠶ᠋ᠢᠨᠳᠦᠷᠰᠦᠪᠠᠢᠳᠠᠯᠢᠠᠭᠠᠵᠢᠮᠢᠶᠠᠷᠲᠣᠳᠣᠷᠬᠠᠢᠢᠯᠡᠷᠡᠭᠦᠯᠪᠡ᠃ᠵᠠᠭᠤᠨᠵᠢᠯᠦᠨ ᠢᠯᠡᠷᠡᠭᠦᠯᠦᠯᠲᠡ᠎ᠶ᠋ᠢᠨ ᠵᠠᠮ᠎ᠢᠶᠠᠷ ᠵᠠᠮᠨᠠᠭᠠᠳ ᠶᠠᠩᠱᠤᠤ ᠵᠢᠨ ᠰᠣᠶᠣᠯ ᠮᠥᠨ ᠯᠡ ᠬᠠᠭᠤᠴᠢ ᠰᠤᠳᠤᠯᠤᠯ᠎ᠤᠨ ᠳᠣᠲᠣᠷᠠᠬᠢ ᠭᠡᠷᠡᠯ ᠰᠠᠴᠤᠷᠠᠩᠭᠤᠶ ᠨᠡᠷ᠎ᠡ ᠪᠣᠯᠵᠤ᠂ ᠲᠡᠭᠦᠨ᠎ᠢ ᠬᠥᠭᠡᠭᠡᠴᠡᠯᠳᠦᠬᠦ᠌ ᠶᠠᠪᠤᠴᠠ᠎ᠳᠤ ᠪᠢᠳᠡ ᠥᠩᠭᠡᠷᠡᠭ᠌ᠰᠡᠨ᠎ᠢᠶᠡᠨ ᠠᠬᠢᠨ ᠳᠠᠬᠢᠨ ᠲᠠᠨᠢᠵᠤ ᠲᠤᠳᠤᠷᠬᠠᠢᠯᠠᠭᠠᠳ᠂ ᠡᠷᠲᠠᠨ᠎ᠤ ᠬᠦᠮᠦᠨ᠎ᠤ ᠦᠯᠢᠭᠡᠷ᠎ᠲᠡᠶ ᠳᠠᠬᠢᠨ ᠠᠭᠤᠯᠵᠠᠭ᠍ᠰᠠᠨ ᠪᠠᠢᠨ᠎ᠠ᠃