ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ ᠵᠢᠨ ᠴᠣᠭ᠍ᠴᠠ᠎ᠶ᠋ᠢ ᠪᠠᠢᠭᠤᠯᠬᠤ᠎ᠳᠤ ᠳᠤᠮᠳᠠᠳᠤ ᠤᠯᠤᠰ᠎ᠤᠨ ᠣᠶᠤᠨ ᠤᠬᠠᠭᠠᠨ᠎ᠢ ᠨᠡᠮᠡᠷᠢᠯᠡᠨ᠎ᠡ
2021-12-31 09:34:18
ᠵᠣᠬᠢᠶᠠᠭ᠍ᠴᠢ᠄
​ᠯᠢᠦ ᠬᠣᠩ
ᠣᠩᠱᠢᠭ᠍ᠰᠠᠨ ᠣᠳᠠᠭ᠎ᠠ᠄
★★★☆☆

ᠬᠥᠮᠦᠨ ᠲᠥᠷᠥᠯᠬᠢᠲᠡᠨ᠎ᠦ ᠪᠣᠯᠪᠠᠰᠤᠨ᠎ᠤ ᠬᠠᠨᠳᠤᠰᠢ᠎ᠶ᠋ᠢᠨ ᠠᠤᠭ᠎ᠠ ᠶᠡᠬᠡ ᠬᠠᠷᠠᠭᠠᠰᠤ ᠪᠡᠷ ᠵᠤᠭᠰᠤᠯᠲᠠ ᠪᠤᠯᠭᠠᠭᠰᠠᠨ᠎ᠤ ᠬᠤᠪᠢ᠎ᠳᠤ᠂ ᠪᠦᠬᠦ᠌ ᠪᠥᠮᠪᠥᠷᠴᠡᠭ᠎ᠦᠨ ᠵᠠᠰᠠᠯᠲᠠ᠎ᠳᠤ ᠰᠠᠭᠤᠷᠢᠯᠠᠭ᠍ᠰᠠᠨ ᠳᠤᠮᠳᠠᠳᠤ ᠤᠯᠤᠰ᠎ᠤᠨ ᠲᠥᠰᠦᠪ ᠪᠣᠯᠤᠭ᠍ᠰᠠᠨ᠎ᠤ ᠬᠤᠪᠢ᠎ᠳᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ ᠵᠢᠨ ᠴᠣᠭ᠍ᠴᠠ᠎ᠶ᠋ᠢᠨ ᠤᠢ᠍ᠢᠯᠠᠭᠠᠭ᠍ᠳᠠᠬᠤᠨ᠎ᠤ ᠱᠢᠨ᠎ᠡ ᠤᠳᠭ᠎ᠠ ᠰᠠᠨᠠᠭ᠎ᠠ ᠨᠢ ᠳᠣᠣᠷᠠᠬᠢ ᠬᠡᠳᠦᠨ ᠲᠠᠯ᠎ᠠ᠎ᠪᠠᠷ ᠢᠯᠡᠷᠡᠵᠦ᠍ ᠪᠤᠢ᠄ ᠨᠢᠭᠡ᠎ᠳᠦ᠂ ᠨᠡᠩ ᠨᠡᠭᠡᠭᠡᠯᠲᠡ ᠲᠡᠢ ᠪᠤᠯᠪᠠ᠃ ᠲᠡᠷᠡ ᠨᠢ ᠦᠭᠡ ᠬᠡᠯᠡ᠂ ᠭᠠᠵᠠᠷ ᠣᠷᠣᠨ᠂ ᠲᠡᠦᠬᠡ᠂ ᠴᠢᠰᠤᠨ ᠲᠦᠷᠦᠯ ᠵᠡᠷᠭᠡ ᠥᠩᠭᠡᠷᠡᠭ᠌ᠰᠡᠨ᠎ᠳᠦ ᠣᠷᠣᠱᠢᠵᠤ ᠪᠠᠢᠭ᠍ᠰᠠᠨ ᠬᠥᠮᠦᠨ ᠲᠥᠷᠥᠯᠬᠢᠲᠡᠨ᠎ᠦ ᠬᠠᠮᠲᠤ ᠵᠢᠨ ᠴᠣᠭ᠍ᠴᠠ᠎ᠶ᠋ᠢᠨ ᠲᠤᠬᠠᠢ ᠲᠠᠨᠢᠯᠲᠠ ᠵᠢᠨ ᠰᠠᠭᠤᠷᠢ᠎ᠶ᠋ᠢ ᠳᠠᠪᠠᠭᠠᠳ ᠬᠠᠮᠲᠤ᠎ᠶ᠋ᠢᠨ ᠢᠷᠡᠭᠡᠳᠦᠢ᠎ᠶ᠋ᠢ ᠲᠠᠨᠢᠨ᠂ ᠬᠠᠮᠲᠤ᠎ᠶ᠋ᠢᠨ ᠬᠤᠪᠢ ᠵᠠᠶᠠᠭ᠎ᠠ᠎ᠪᠠᠷ ᠬᠣᠯᠪᠣᠭᠠᠰᠤ ᠪᠣᠯᠭᠠᠵᠤ᠂ ᠬᠠᠮᠲᠤ ᠵᠢᠨ ᠴᠣᠭ᠍ᠴᠠ᠎ᠶ᠋ᠢᠨ ᠪᠦᠷᠢᠯᠳᠦᠬᠦᠨ᠎ᠦ ᠡᠷᠬᠡ ᠠᠱᠢᠭ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠨᠢᠭ᠍ᠲᠠ ᠬᠣᠯᠪᠣᠪᠠ᠃ ᠬᠣᠶᠠᠷ᠎ᠲᠤ᠂ ᠨᠡᠩ ᠲᠡᠩᠴᠡᠭᠦᠷᠢᠲᠡᠢ ᠪᠣᠯᠪᠠ᠂ ᠲᠡᠷᠡ ᠨᠢ ᠬᠠᠮᠲᠤ ᠵᠢᠨ ᠴᠣᠭ᠍ᠴᠠ᠎ᠶ᠋ᠢᠨ ᠪᠦᠲᠦᠴᠡ᠎ᠶ᠋ᠢᠨ ᠬᠠᠷᠢᠴᠠᠭ᠎ᠠ᠎ᠠᠴᠠ ᠡᠭᠦᠰᠴᠦ᠍᠂ ᠬᠤᠪᠢ ᠵᠠᠶᠠᠭᠠᠨ᠎ᠤ ᠤᠬᠠᠭ᠍ᠳᠠᠬᠤᠨ᠎ᠢ ᠬᠠᠮᠲᠤ ᠵᠢᠨ ᠴᠣᠭ᠍ᠴᠠ᠎ᠶ᠋ᠢᠨ ᠠᠢ᠎ᠳᠤ ᠣᠷᠣᠭᠤᠯᠬᠤ ᠠᠷᠭ᠎ᠠ ᠬᠡᠯᠪᠡᠷᠢ᠎ᠪᠡᠷ ᠤᠤᠯ᠎ᠤᠨ ᠦᠨᠳᠦᠰᠦᠲᠡᠨ᠎ᠤ ᠤᠯᠤᠰ᠎ᠤᠨ ᠪᠦᠲᠦᠴᠡ᠎ᠶ᠋ᠢᠨ ᠪᠣᠷᠣ ᠲᠥᠯᠥᠪ᠎ᠦᠨ ᠳᠣᠣᠷ᠎ᠠ᠂ ᠦᠵᠡᠯᠴᠡᠭᠡᠨ᠎ᠦ ᠬᠠᠨᠳᠤᠰᠢ ᠲᠠᠢ ᠤᠯᠠᠮᠵᠢᠯᠠᠯᠲᠤ ᠤᠯᠠᠨ ᠤᠯᠤᠰ᠎ᠤᠨ ᠳᠢᠭ᠌ᠯᠢᠮ᠎ᠡᠴᠡ ᠵᠠᠢᠯᠠᠰᠭᠢᠵᠦ᠍᠂ ᠦᠨᠳᠦᠰᠦᠲᠡᠨ᠎ᠤ ᠤᠯᠤᠰ᠎ᠢ ᠬᠦᠴᠦᠷᠬᠡᠭ᠌ᠯᠡᠯ᠎ᠦᠨ ᠴᠢᠨᠠᠷ᠂ ᠮᠥᠷᠭᠥᠯᠳᠦᠭᠡᠨ᠎ᠦ ᠴᠢᠨᠠᠷ᠂ ᠥᠷᠢᠰᠥᠯᠳᠦᠭᠡᠨ᠎ᠦ ᠴᠢᠨᠠᠷ ᠪᠣᠯᠤᠨ ᠮᠥᠯᠵᠢᠯ᠎ᠦᠨ ᠴᠢᠨᠠᠷ ᠰᠣᠯᠪᠢᠴᠠᠭ᠍ᠰᠠᠨ ᠤᠯᠠᠮᠵᠢᠯᠠᠯᠲᠤ ᠤᠯᠠᠨ ᠤᠯᠤᠰ᠎ᠤᠨ ᠬᠠᠷᠢᠴᠠᠭ᠎ᠠ᠎ᠠᠴᠠ ᠴᠢᠯᠥᠭᠡᠯᠡᠵᠦ᠍᠂ ᠠᠳᠠᠯᠢ ᠲᠠᠯ᠎ᠠ᠎ᠪᠠᠨ ᠨᠢᠭᠡᠳᠭᠡᠵᠦ ᠵᠥᠷᠢᠶ᠎ᠡ᠎ᠪᠡᠨ ᠦᠯᠡᠳᠡᠭᠡᠬᠦ᠌᠂ ᠬᠠᠮᠲᠤ᠎ᠪᠠᠷ ᠬᠥᠭ᠌ᠵᠢᠬᠦ᠌ ᠳᠡᠯᠡᠬᠡᠢ᠎ᠶ᠋ᠢᠨ ᠱᠢᠨ᠎ᠡ ᠳᠢᠭ᠌ᠯᠢᠮ᠎ᠢ ᠪᠠᠢᠭᠤᠯᠵᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠡᠨᠡ ᠬᠦ᠌ ᠬᠥᠮᠦᠨ ᠲᠥᠷᠥᠯᠬᠢᠲᠡᠨ᠎ᠦ ᠨᠡᠢᠭᠡᠮ᠎ᠦᠨ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠪᠡᠶᠡᠯᠡᠭᠦᠯᠪᠡ᠃

ᠪᠠᠢᠭᠤᠯᠬᠤ ᠵᠣᠷᠢᠯᠭ᠎ᠠ᠎ᠠᠴᠠ ᠦᠵᠡᠪᠡᠯ᠂ ᠦᠨᠳᠦᠰᠦᠲᠡᠨ᠎ᠦ ᠤᠯᠤᠰ ᠨᠢ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ ᠵᠢᠨ ᠴᠣᠭ᠍ᠴᠠ᠎ᠶ᠋ᠢᠨ ᠪᠠᠢᠭᠤᠯᠤᠯᠲᠠ᠎ᠪᠠᠷ ᠳᠠᠮᠵᠢᠨ ᠡᠴᠦᠰᠯᠡᠬᠦ᠌ ᠪᠢᠰᠢ ᠬᠠᠷᠢᠨ ᠴᠢᠩᠭᠠᠷᠠᠬᠤ ᠪᠣᠯᠤᠨ᠎ᠠ᠃ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ ᠵᠢᠨ ᠴᠣᠭ᠍ᠴᠠ᠎ᠶ᠋ᠢ ᠪᠠᠢᠭᠤᠯᠬᠤ ᠪᠣᠯ ᠦᠨᠳᠦᠰᠦᠲᠡᠨ᠎ᠦ ᠤᠯᠤᠰ᠎ᠲᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠵᠦ᠂ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠶᠤᠮ᠂ ᠳᠡᠯᠡᠬᠡᠢ᠎ᠶ᠋ᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠥᠪᠡᠷ᠎ᠢ᠎ᠪᠡᠨ ᠬᠠᠮᠠᠭᠠᠯᠠᠬᠤ ᠪᠣᠳᠠᠲᠠᠢ ᠠᠷᠭ᠎ᠠ ᠵᠠᠮ ᠮᠥᠨ᠃ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ ᠵᠢᠨ ᠴᠣᠭ᠍ᠴᠠ᠎ᠶ᠋ᠢ ᠪᠠᠢᠭᠤᠯᠬᠤ ᠣᠢᠯᠠᠭᠠᠭ᠍ᠳᠠᠬᠤᠨ ᠨᠢ ᠡᠷᠬᠡ ᠲᠡᠭ᠌ᠰᠢ ᠪᠠᠢᠬᠤ᠎ᠪᠠᠷ ᠵᠠᠷᠴᠢᠮ ᠪᠣᠯᠭᠠᠵᠤ᠂ ᠦᠨᠳᠦᠰᠦᠲᠡᠨ᠎ᠦ ᠦᠵᠡᠯ᠎ᠦᠨ ᠡᠷᠲᠡᠨ᠎ᠤ ᠣᠨᠣᠯᠴᠢᠳ᠎ᠤᠨ ᠰᠠᠨᠠᠭᠠᠴᠢᠯᠠᠭ᠍ᠰᠠᠨ ᠤᠯᠠᠮᠵᠢᠯᠠᠯᠲᠤ ᠦᠨᠳᠦᠰᠦᠲᠡᠨ᠎ᠦ ᠤᠯᠤᠰ᠎ᠢ ᠪᠠᠢᠭᠤᠯᠬᠤ ᠣᠢᠯᠠᠭᠠᠭ᠍ᠳᠠᠬᠤᠨ᠎ᠤ ᠣᠶᠤᠨᠴᠢ ᠪᠤᠰᠤ ᠮᠥᠨ ᠴᠢᠨᠠᠷ᠎ᠢ ᠲᠡᠪᠴᠢᠪᠡ᠃ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ ᠵᠢᠨ ᠴᠣᠭ᠍ᠴᠠ ᠳᠡᠯᠡᠬᠡᠢ᠎ᠶ᠋ᠢᠨ ᠡᠯ᠎ᠡ ᠤᠯᠤᠰ᠎ᠤᠨ ᠠᠷᠠᠳ ᠲᠦᠮᠡᠨ ᠬᠠᠮᠲᠤ᠎ᠪᠠᠷ ᠠᠱᠢᠭ ᠬᠦᠷᠳᠡᠬᠦ᠌᠎ᠪᠡᠷ ᠪᠠᠢᠭᠤᠯᠬᠤ ᠵᠣᠷᠢᠯᠭ᠎ᠠ᠎ᠪᠠᠨ ᠪᠣᠯᠭᠠᠵᠤ᠂ ᠤᠯᠠᠮᠵᠢᠯᠠᠯᠲᠤ ᠦᠨᠳᠦᠰᠦᠲᠡᠨ᠎ᠦ ᠤᠯᠤᠰ᠎ᠤᠨ ᠤᠯᠠᠨ ᠤᠯᠤᠰ᠎ᠤᠨ ᠬᠠᠷᠢᠴᠠᠭ᠎ᠠ᠎ᠶ᠋ᠢ ᠱᠢᠢᠳᠪᠦᠷᠢᠯᠡᠬᠦ᠌᠎ᠳᠦ ᠲᠤᠰ ᠤᠯᠤᠰ᠎ᠤᠨ᠎ᠢᠶᠠᠨ ᠠᠱᠢᠭ ᠲᠤᠰᠠ᠎ᠶ᠋ᠢ ᠳᠡᠭᠡᠳᠦᠯᠡᠬᠦ ᠦᠢᠯᠡ ᠠᠵᠢᠯᠯᠠᠭ᠎ᠠ᠎ᠶ᠋ᠢᠨ ᠵᠣᠷᠢᠯᠲᠠ᠎ᠵᠢ ᠲᠠᠶᠠᠭ᠍ᠳᠠᠪᠠ᠃

ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ ᠵᠢᠨ ᠴᠣᠭ᠍ᠴᠠ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠪᠦᠲᠦᠴᠡ᠎ᠶ᠋ᠢᠨ ᠴᠢᠨᠠᠷᠲᠠᠢ ᠳᠢᠭ᠌ᠯᠢᠮ᠎ᠢᠶᠡᠨ ᠠᠯᠳᠠᠭ᠍ᠰᠠᠨ ᠪᠠ ᠪᠦᠬᠦ᠌ ᠪᠥᠮᠪᠥᠷᠴᠡᠭ᠎ᠦᠨ ᠴᠢᠨᠠᠷᠲᠠᠢ ᠠᠰᠠᠭᠤᠳᠠᠯ᠎ᠢ ᠱᠢᠢᠳᠪᠦᠷᠢᠯᠡᠬᠦ᠌᠎ᠳᠦ ᠡᠷᠭᠦᠭᠰᠡᠨ ᠳᠤᠮᠳᠠᠳᠤ ᠤᠯᠤᠰ᠎ᠤᠨ ᠤᠶᠤᠨ ᠤᠬᠠᠭᠠᠨ ᠮᠥᠨ᠃ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ ᠵᠢᠨ ᠴᠣᠭ᠍ᠴᠠ ᠦᠨᠳᠦᠰᠦᠲᠡᠨ᠎ᠦ ᠤᠯᠤᠰ᠎ᠤᠳ᠎ᠤᠨ ᠬᠣᠭᠣᠷᠣᠨᠳᠣᠬᠢ ᠬᠠᠷᠢᠯᠴᠠᠭ᠎ᠠ᠎ᠶ᠋ᠢᠨ ᠲᠠᠬᠢᠨ ᠲᠣᠮᠢᠶᠠᠯᠠᠯ᠎ᠳᠤ ᠠᠩᠬᠠᠷᠤᠯ᠎ᠢᠶᠠᠨ ᠬᠠᠨᠳᠤᠭᠤᠯᠵᠤ᠂ ᠲᠠᠬᠢᠨ ᠲᠠᠩ ᠭᠠᠭ᠍ᠴᠠ ᠠᠵᠤ ᠠᠬᠤᠢ᠎ᠶ᠋ᠢᠨ ᠠᠱᠢᠭ ᠲᠤᠰᠠ᠂ ᠰᠣᠶᠣᠯ᠎ᠤᠨ ᠨᠡᠢᠲᠡᠯᠢᠭ ᠴᠢᠨᠠᠷ ᠪᠤᠶᠤ ᠣᠷᠣᠨ ᠪᠦᠰᠡ᠎ᠶ᠋ᠢᠨ ᠴᠤᠭᠯᠠᠷᠠᠯ᠎ᠢ ᠲᠠᠨᠢᠯᠲᠠ ᠵᠢᠨ ᠰᠠᠭᠤᠷᠢ ᠪᠣᠯᠭᠠᠬᠤ ᠦᠭᠡᠢ ᠪᠤᠯᠵᠤ᠂ ᠬᠠᠷᠢᠨ ᠬᠥᠮᠦᠨ ᠲᠥᠷᠥᠯᠬᠢᠲᠡᠨ᠎ᠦ ᠪᠣᠯᠪᠠᠰᠤᠨ᠎ᠢᠶᠠᠷ ᠭᠣᠣᠯ ᠴᠣᠭ᠍ᠴᠠ ᠪᠣᠯᠭᠠᠵᠤ ᠣᠳᠣᠬᠠᠨ᠎ᠤ ᠳᠡᠯᠡᠬᠡᠢ ᠶ᠋ᠢᠨ ᠡᠯ᠎ᠡ ᠵᠦᠢᠯ᠎ᠦᠨ ᠦᠷᠳᠡᠭ᠎ᠲᠦ ᠬᠠᠨᠳᠤᠵᠤ᠂ ᠪᠦᠬᠦ᠌ ᠪᠥᠮᠪᠥᠷᠴᠡᠭ᠎ᠦᠨ ᠴᠢᠨᠠᠷᠲᠠᠢ ᠠᠰᠠᠭᠤᠳᠠᠯ᠎ᠢ ᠠᠷᠭᠠᠴᠠᠭᠠᠵᠤ᠂ ᠡᠭᠦᠨ᠎ᠦ ᠤᠯᠠᠮ᠎ᠢᠶᠠᠷ ᠳᠡᠯᠡᠬᠡᠢ᠎ᠶ᠋ᠢᠨ ᠡᠯ᠎ᠡ ᠤᠯᠤᠰ᠎ᠤᠨ ᠱᠢᠨ᠎ᠡ ᠨᠢᠭᠡ ᠡᠭᠡᠯᠵᠢ᠎ᠶ᠋ᠢᠨ ᠠᠵᠤ ᠠᠬᠤᠢ᠎ᠶ᠋ᠢᠨ ᠳᠡᠯᠡᠬᠡᠢᠵᠢᠯᠲᠡ᠂ ᠬᠥᠮᠦᠨ ᠲᠥᠷᠥᠯᠬᠢᠲᠡᠨ᠎ᠦ ᠨᠡᠢᠭᠡᠮ ᠤᠯᠤᠰ ᠲᠦᠷᠦ᠍᠎ᠶ᠋ᠢᠨ ᠤᠯᠠᠨ ᠶᠠᠩᠵᠤᠲᠤ ᠴᠢᠨᠠᠷ᠎ᠤᠨ ᠬᠠᠮᠵᠢᠯᠴᠠᠨ ᠬᠥᠭ᠌ᠵᠢᠬᠦ᠌ ᠱᠢᠨ᠎ᠡ ᠪᠠᠢᠷᠢᠱᠢᠯ᠎ᠳᠤ ᠵᠣᠬᠢᠴᠠᠬᠤ᠎ᠶ᠋ᠢ ᠪᠡᠶᠡᠯᠡᠭᠦᠯᠬᠦ ᠪᠤᠯᠤᠨ᠎ᠠ᠃

  (ᠵᠣᠬᠢᠶᠠᠭ᠍ᠴᠢ ᠪᠣᠯ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠤᠭ᠍ᠰᠠᠭᠠᠲᠠᠨ ᠵᠦᠢ ᠬᠢᠭᠡᠳ ᠬᠥᠮᠦᠨ ᠵᠦᠢ ᠰᠤᠳᠤᠯᠬᠤ ᠭᠠᠵᠠᠷ᠎ᠤᠨ ᠳᠡᠯᠡᠬᠡᠢ᠎ᠶ᠋ᠢᠨ ᠦᠨᠳᠦᠰᠦᠲᠡᠨ᠎ᠢ ᠰᠤᠳᠤᠯᠬᠤ ᠲᠠᠰᠣᠭ᠎ᠤᠨ ᠡᠷᠭᠢᠯᠡᠭ᠌ᠴᠢ᠂ ᠰᠤᠳᠤᠯᠤᠭ᠍ᠴᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号