ᠯᠢᠶᠣᠤ ᠤᠯᠤᠰ᠎ᠤᠨ ᠳᠡᠭᠡᠳᠦ ᠨᠡᠢᠰᠯᠡᠯ᠎ᠦᠨ ᠪᠠᠭᠤᠷᠢ᠄ ᠦᠨᠳᠦᠰᠦᠲᠡᠨ᠎ᠦ ᠰᠣᠶᠣᠯ ᠎ᠤᠨ ᠠᠭᠤᠰᠤᠯᠴᠠᠯ᠎ᠤᠨ ᠭᠡᠷᠡᠴᠢ
2021-12-31 09:37:11
ᠵᠣᠬᠢᠶᠠᠭ᠍ᠴᠢ᠄
ᠶᠢ ᠵᠢᠩ ᠶᠠ
ᠣᠩᠱᠢᠭ᠍ᠰᠠᠨ ᠣᠳᠠᠭ᠎ᠠ᠄
★★★☆☆

ᠯᠢᠶᠣᠤ ᠤᠯᠤᠰ᠎ᠤᠨ ᠳᠡᠭᠡᠳᠦ ᠨᠡᠢᠰᠯᠡᠯ᠎ᠦᠨ ᠪᠠᠭᠤᠷᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠬᠠᠳᠠ ᠬᠣᠲᠠ᠎ᠶ᠋ᠢᠨ ᠪᠠᠭᠠᠷᠢᠨ ᠵᠡᠭᠦᠨ ᠬᠣᠱᠢᠭᠤᠨ᠎ᠤ ᠯᠢᠨᠳᠦ᠋ᠩ ᠪᠠᠯᠭᠠᠰᠤ᠎ᠠᠴᠠ ᠵᠡᠭᠦᠨ ᠡᠮᠦᠨᠡᠰᠢ 15 ᠺᠢᠯᠣᠮᠧᠲ᠋ᠷ᠎ᠦᠨ ᠭᠠᠵᠠᠷ᠎ᠲᠤ᠎ᠪᠠᠢᠷᠢᠯᠠᠵᠤ᠂1961ᠣᠨ᠎ᠳᠤ ᠪᠥᠬᠥ᠌ ᠤᠯᠤᠰ᠎ᠤᠨ ᠭᠣᠸ᠋ᠯᠳᠠᠯᠭ᠎ᠠ᠎ᠲᠠᠶ ᠲᠡᠸ᠋ᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠎ᠳᠦ ᠵᠢᠭ᠍ᠰᠠᠭᠠᠭ᠍ᠳᠠᠵᠠᠶ ᠃


QQ截图20211231093921.jpg


 ᠯᠢᠶᠣᠤ ᠤᠯᠤᠰ᠎ᠤᠨ ᠳᠡᠭᠡᠳᠦ ᠨᠡᠢᠰᠯᠡᠯ᠎ᠦᠨ ᠪᠠᠭᠤᠷᠢ 


《ᠯᠢᠶᠣᠤ ᠤᠯᠤᠰ᠎ᠤᠨ ᠲᠡᠦᠬᠡ — ᠭᠠᠵᠠᠷ ᠵᠦᠶ᠎ᠶ᠋ᠢᠨ ᠤᠢᠯᠠᠯᠭ᠎ᠠ》᠎ᠳ᠋ᠦ᠍ ᠲᠡᠮᠳᠡᠭ᠌ᠯᠡᠭ᠌ᠰᠡᠨ᠎ᠢ ᠦᠨᠳᠦᠰᠦᠯᠡᠪᠡᠯ᠂ ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠪᠠᠭᠤᠷᠢ ᠨᠢ ᠤᠮᠠᠷᠠᠲᠤ ᠬᠡᠰᠡᠭ᠎ᠦᠨ ᠬᠠᠭᠠᠨ᠎ᠤ ᠬᠤᠳᠠ ᠪᠠ ᠡᠮᠦᠨᠡᠲᠦ ᠬᠡᠰᠡᠭ᠎ᠦᠨ ᠬᠢᠳᠠᠳ ᠬᠣᠲᠠ ᠭᠡᠬᠦ᠌ ᠬᠣᠶᠠᠷ ᠬᠡᠰᠡᠭ᠎ᠵᠢᠡᠷ ᠪᠦᠷᠢᠯᠳᠦᠵᠦ᠍᠂ ᠬᠢᠳᠡᠳ ᠦᠰᠦᠭ᠎ᠤᠨ ᠿᠸ ᠬᠡᠯᠪᠡᠷᠢ᠎ᠲᠡᠶ ᠪᠠᠢᠵᠤ᠂ ᠶᠡᠷᠦᠩᠬᠡᠶ ᠲᠠᠯᠠᠪᠠᠶ ᠨᠢ ᠪᠠᠷᠤᠭ 5 ᠲᠡᠭ᠌ᠰᠢ ᠳᠥᠷᠪᠡᠯᠵᠢᠨ ᠺᠢᠯᠣᠮᠧᠲ᠋ᠷ ᠪᠠᠢᠳᠠᠭ᠃

ᠬᠠᠭᠠᠨ᠎ᠤ ᠬᠣᠲᠠ ᠡᠮᠬᠢ ᠵᠢᠷᠤᠮ ᠦᠭᠡᠶ ᠵᠢᠷᠭᠤᠭᠠᠯᠵᠢᠨ ᠬᠡᠯᠪᠡᠷᠢ ᠲᠠᠢ ᠪᠠᠢᠵᠤ᠂ ᠬᠠᠭᠠᠨ᠎ᠤ ᠬᠣᠲᠠ ᠨᠢ ᠭᠠᠳᠠᠷ ᠬᠣᠲᠠ᠂ ᠣᠷᠳᠣᠨ᠎ᠤ ᠬᠣᠲᠠ ᠭᠡᠬᠦ᠌ ᠬᠣᠶᠠᠷ ᠬᠡᠰᠡᠭ᠎ᠡᠴᠡ ᠪᠦᠷᠢᠯᠳᠦᠵᠦ᠍᠂ ᠣᠷᠳᠣᠨ᠎ᠤ ᠬᠣᠲᠠ ᠨᠢ ᠬᠠᠭᠠᠨ᠎ᠤ ᠬᠣᠲᠠ᠎ᠶ᠋ᠢᠨ ᠲᠥᠪ᠎ᠡᠴᠡ ᠵᠡᠭᠦᠨ ᠬᠣᠢᠰᠢ ᠪᠠᠢᠷᠢᠱᠢᠵᠤ᠂ ᠭᠠᠵᠠᠷ᠎ᠤᠨ ᠪᠠᠢᠴᠠ ᠨᠢ ᠬᠠᠷᠢᠴᠠᠩᠭᠤᠶ᠎ᠪᠠᠷ ᠨᠡᠯᠢᠶᠡᠳ ᠥᠨᠳᠥᠷ ᠪᠠᠢᠳᠠᠭ᠃ ᠣᠷᠳᠣᠨ᠎ᠤ ᠬᠣᠲᠠ᠎ᠶ᠋ᠢᠨ ᠳᠣᠲᠣᠷᠠᠬᠢ ᠦᠯᠡᠳᠡᠭ᠌ᠳᠡᠯ᠎ᠦᠨ ᠣᠯᠠᠩᠬᠢ ᠨᠢ ᠨᠡᠯᠢᠶᠡᠳ ᠰᠠᠢᠬᠠᠨ ᠵᠢᠡᠷ ᠬᠠᠳᠠᠭᠠᠯᠠᠭ᠍ᠳᠠᠵᠤ᠂ ᠣᠷᠳᠣ ᠬᠠᠷᠰᠢ ᠨᠢ ᠣᠯᠠᠩᠬᠢ᠎ᠳᠠᠭᠠᠨ ᠪᠠᠷᠠᠭᠤᠨ ᠬᠣᠢᠲᠤ ᠬᠡᠰᠡᠭ᠎ᠲᠦ ᠲᠥᠪᠯᠡᠷᠡᠵᠦ᠍᠂ ᠲᠡᠭ᠌ᠰᠢ ᠬᠡᠮᠲᠤ ᠬᠡᠯᠪᠡᠷᠢ᠎ᠪᠡᠷ ᠵᠢᠭ᠍ᠰᠠᠵᠤ᠂ ᠵᠡᠭᠦᠨ ᠬᠣᠢᠲᠤ ᠬᠡᠰᠡᠭ ᠨᠢ ᠬᠠᠷᠢᠴᠠᠩᠭᠤᠶ᠎ᠪᠠᠷ ᠠᠭᠤᠳᠠᠮ ᠪᠠᠢᠳᠠᠭ ᠪᠣᠯᠬᠣᠷ ᠡᠨᠳᠡ ᠪᠠᠷᠤᠭ ᠢᠰᠡᠭᠡᠶ ᠭᠡᠷ᠎ᠢ ᠲᠥᠪᠬᠢᠨᠡᠭᠦᠯᠵᠦ᠍ ᠪᠠᠢᠭ᠍ᠰᠠᠨ ᠭᠠᠵᠠᠷ ᠪᠠᠢᠵᠤ ᠮᠡᠳᠡᠨ᠎ᠡ ᠭᠡᠵᠦ᠍ ᠲᠠᠭᠠᠮᠠᠭ᠍ᠯᠠᠵᠤ ᠪᠤᠢ᠃ ᠬᠣᠲᠠ᠎ᠶ᠋ᠢᠨ ᠵᠡᠭᠦᠨ ᠡᠮᠦᠨ᠎ᠡ ᠵᠦᠭ ᠲᠦ᠍ ᠤᠢᠭᠤᠷ ᠦᠨᠳᠤᠰᠤᠳᠠᠨ᠎ᠤ ᠬᠤᠸᠠᠷᠠᠨ᠎ᠲᠠᠶ᠂ ᠡᠨᠳᠡ ᠤᠢᠭᠤᠷ᠎ᠠᠴᠠ ᠢᠷᠡᠭ᠌ᠰᠡᠨ ᠬᠤᠳᠠᠯᠳᠤᠭᠠᠴᠢᠨ ᠠᠮᠢᠳᠤᠷᠠᠵᠤ᠂ ᠬᠣᠲᠠ᠎ᠶ᠋ᠢᠨ ᠪᠠᠷᠠᠭᠤᠨ ᠡᠮᠦᠨ᠎ᠡ ᠵᠦᠭ ᠲᠦ᠍ ᠲᠦᠩ ᠸᠸᠨ ᠤᠯᠠᠭ᠎ᠠ ᠦᠷᠳᠡᠬᠡ᠂ ᠯᠢᠨ ᠬᠤᠸᠠᠩ ᠤᠯᠠᠭ᠎ᠠ ᠦᠷᠳᠡᠬᠡ᠎ᠲᠠᠶ᠂ ᠡᠨᠡ ᠨᠢ ᠡᠯᠴᠢᠨ᠎ᠦ ᠭᠠᠵᠠᠷ᠎ᠤᠨ ᠲᠣᠭᠣᠷᠢᠭ ᠪᠤᠯᠤᠨ᠎ᠠ᠃ ᠬᠣᠲᠠ᠎ᠶ᠋ᠢᠨ ᠪᠠᠷᠠᠭᠤᠨ ᠡᠮᠦᠨᠡᠬᠢ ᠥᠨᠳᠥᠷ ᠭᠠᠵᠠᠷ ᠲᠦ᠍ ᠪᠠᠢᠷᠢᠯᠠᠵᠤ ᠪᠠᠢᠭ᠎ᠠ ᠰᠢ ᠱᠠᠨ ᠫᠦᠸᠸ ᠪᠠᠭᠤᠷᠢ ᠪᠣᠯ ᠯᠢᠶᠣᠤ ᠤᠯᠤᠰ᠎ᠤᠨ ᠦᠶ᠎ᠡ᠎ᠶ᠋ᠢᠨ ᠴᠢᠬᠤᠯᠠ ᠪᠤᠷᠬᠠᠨ᠎ᠤ ᠰᠦᠮ᠎ᠡ᠎ᠶ᠋ᠢᠨ ᠪᠠᠭᠤᠷᠢ ᠪᠠᠢᠵᠤ ᠂ ᠬᠡᠪᠴᠢᠶ᠎ᠡ ᠨᠢ ᠮᠠᠰᠢ ᠶᠡᠬᠡ ᠃

ᠬᠢᠳᠠᠳ ᠬᠣᠲᠠ ᠨᠢ ᠬᠠᠭᠠᠨ᠎ᠤ ᠬᠣᠲᠠ᠎ᠶ᠋ᠢᠨ ᠡᠮᠦᠨ᠎ᠡ ᠲᠠᠯ᠎ᠠ᠎ᠳᠦ ᠪᠠᠢᠷᠢᠱᠢᠵᠤ᠂《ᠬᠠᠭᠤᠴᠢᠨ ᠲᠠᠪᠤᠨ ᠲᠥᠷᠥ᠎ᠶ᠋ᠢᠨ ᠲᠡᠦᠬᠡ》᠎ᠳ᠋ᠦ᠍ ᠲᠡᠮᠳᠡᠭ᠌ᠯᠡᠭ᠌ᠰᠡᠨ᠎ᠢᠶᠡᠷ᠂ ᠳᠡᠭᠡᠳᠦ ᠨᠡᠢᠰᠯᠡᠯ᠎ᠡᠴᠡ ᠡᠮᠦᠨᠡᠱᠢᠬᠢ ᠬᠣᠲᠠ ᠪᠣᠯ ᠬᠢᠲᠠᠳ ᠢᠷᠬᠡᠨ᠎ᠦ ᠣᠷᠣᠱᠢᠨ ᠠᠮᠢᠳᠤᠷᠠᠵᠤ ᠪᠠᠢᠭ᠍ᠰᠠᠨ ᠬᠣᠲᠠ᠎ᠶ᠋ᠢᠨ ᠲᠣᠭᠣᠷᠢᠭ ᠪᠣᠯᠤᠨ᠎ᠠ᠂ ᠡᠢᠮᠦ᠍᠎ᠡᠴᠡ ᠲᠡᠭᠦᠨ᠎ᠢ ᠬᠢᠳᠠᠳ ᠬᠣᠲᠠ ᠭᠡᠵᠦ᠍ ᠨᠡᠷᠡᠢᠳᠴᠡᠶ᠃ ᠬᠢᠳᠠᠳ ᠬᠣᠲᠠ ᠶ᠋ᠢᠨ ᠬᠣᠢᠲᠤ ᠲᠠᠯ᠎ᠠ ᠪᠠ ᠵᠡᠭᠦᠨ ᠡᠮᠦᠨ᠎ᠡ ᠲᠠᠯ᠎ᠠ᠎ᠳᠤ ᠤᠳᠤ ᠴᠦ᠍ ᠬᠡᠰᠡᠨ ᠬᠣᠶᠠᠷ ᠵᠢᠵᠢᠭ ᠭᠣᠣᠯ ᠪᠠᠢᠬᠤ ᠪᠤᠯᠪᠠᠴᠤ ᠬᠢᠳᠠᠳ ᠬᠣᠲᠠ᠎ᠶ᠋ᠢᠨ ᠬᠠᠳᠠᠭᠠᠯᠠᠬᠳᠠᠵᠤ ᠪᠠᠢᠭ᠎ᠠ ᠪᠠᠢᠳᠠᠯ ᠲᠠᠢᠮᠤ ᠰᠠᠢᠨ ᠪᠢᠰᠢ᠂ ᠵᠡᠭᠦᠨ᠂ ᠡᠮᠦᠨ᠎ᠡ᠂ ᠬᠣᠢᠲᠤ ᠭᠤᠷᠪᠠᠨ ᠲᠠᠯ᠎ᠠ᠎ᠶ᠋ᠢᠨ ᠬᠣᠲᠠ᠎ᠶ᠋ᠢᠨ ᠬᠡᠷᠡᠮ ᠨᠢ ᠪᠠᠷᠤᠬ ᠪᠦᠷ ᠡᠯᠡᠭᠳᠡᠭᠡᠳ᠂ ᠪᠠᠷᠠᠭᠤᠨ ᠬᠡᠷᠡᠮ ᠨᠢ ᠴᠦ᠍ ᠦᠯᠡᠳᠡᠵᠤ ᠪᠠᠢᠭ᠎ᠠ ᠶᠠᠭᠤᠮ᠎ᠠ ᠲᠠᠮᠠᠢ ᠦᠬᠡᠢ ᠪᠣᠯᠵᠠᠶ᠃

ᠯᠢᠶᠣᠤ ᠤᠯᠤᠰ᠎ᠤᠨ ᠳᠡᠭᠡᠳᠦ ᠨᠡᠢᠰᠯᠡᠯ᠎ᠢ ᠨᠡᠢᠲᠡ᠎ᠶ᠋ᠢᠨ ᠣᠨ ᠲᠣᠭᠠᠯᠠᠯ᠎ᠤᠨ 918 ᠣᠨ᠎ᠳᠤ ᠡᠬᠢᠯᠡᠨ ᠪᠠᠢᠭᠤᠯᠵᠤ᠂ ᠨᠡᠭᠦᠳᠡᠯ ᠮᠠᠯᠵᠢᠯ ᠦᠨᠳᠦᠰᠦᠲᠡᠨ ᠪᠤᠯᠬᠤ ᠬᠢᠳᠠᠨ ᠦᠨᠳᠦᠰᠦᠲᠡᠨ ᠵᠦᠩᠶᠤᠸᠠᠨ ᠣᠷᠣᠨ᠎ᠳᠤ ᠰᠠᠭᠤᠷᠢᠰᠢᠬᠰᠠᠠ᠎ᠤ ᠳᠠᠷᠠᠭᠠᠬᠢ ᠪᠠᠢᠭᠤᠯᠤᠭ᠍ᠰᠠᠨ ᠬᠠᠮᠤᠭ᠎ᠤᠨ ᠠᠩᠬᠠᠨ᠎ᠤ ᠨᠡᠢᠰᠯᠡᠯ ᠬᠣᠲᠠ ᠪᠣᠯᠬᠤ ᠪᠥᠭᠡᠳ ᠯᠢᠶᠣᠤ ᠤᠯᠤᠰ᠎ᠤᠨ ᠡᠬᠢᠨ᠎ᠤ ᠦᠶ᠎ᠡ᠎ᠶ᠋ᠢᠨ ᠤᠯᠤᠰ ᠲᠥᠷᠥ᠍᠂ ᠠᠵᠤ ᠠᠬᠤᠶ᠂ ᠴᠡᠷᠢᠭ᠎ᠦᠨ ᠶᠠᠪᠤᠳᠠᠯ ᠪᠠ ᠰᠣᠶᠣᠯ᠎ᠤᠨ ᠲᠥᠪ ᠪᠣᠯᠤᠨ᠎ᠠ᠃

ᠯᠢᠶᠣᠤ ᠤᠯᠤᠰ᠎ᠤᠨ ᠨᠤᠲᠤᠭ ᠳᠡᠪᠢᠰᠭᠡᠷ ᠥᠷᠭᠡᠨ ᠠᠭᠤᠳᠠᠮ ᠪᠠᠢᠵᠤ᠂ ᠮᠠᠯᠵᠢᠬᠤ ᠪᠠ ᠲᠠᠷᠢᠶᠠᠯᠠᠬᠤ ᠬᠣᠶᠠᠷ ᠣᠷᠣᠨ᠎ᠢ ᠰᠤᠨᠳᠠᠯᠠᠵᠤ᠂ ᠬᠢᠳᠠᠨ᠂ ᠬᠢᠲᠠᠳ᠂ ᠰᠢ᠂ ᠪᠦᠸᠧ ᠬᠠᠶ᠂ ᠳ᠋ᠠᠩᠱᠢᠶᠠᠩ ᠵᠡᠷᠭᠡ ᠣᠯᠠᠨ ᠦᠨᠳᠦᠰᠦᠲᠡᠨ ᠡᠬᠡᠨᠡᠭᠰᠢᠨ ᠠᠮᠢᠳᠤᠷᠠᠵᠤ ᠪᠠᠢᠵᠠᠢ᠃ ᠵᠠᠰᠠᠭ᠎ᠤᠨ ᠡᠷᠬᠡ᠎ᠶ᠋ᠢ ᠪᠡᠬᠢᠵᠢᠭᠦᠯᠦᠨ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ᠎ᠶ᠋ᠢᠨ ᠲᠥᠯᠥᠭᠡ᠂ ᠯᠢᠶᠣᠤ ᠤᠯᠤᠰ《ᠤᠮᠠᠷᠠᠲᠤ ᠡᠮᠦᠨᠡᠲᠦ ᠣᠷᠣᠨ᠎ᠢ ᠰᠠᠯᠭᠠᠵᠤ ᠵᠠᠰᠠᠬᠤ》 ᠲᠥᠷᠥ ᠶ᠋ᠢᠨ ᠪᠣᠳᠣᠯᠭ᠎ᠠ᠎ᠶ᠋ᠢ ᠬᠡᠷᠡᠭᠵᠢᠬᠦᠯᠵᠤ᠂ ᠬᠢᠲᠠᠳ᠎ᠢᠶᠠᠷ ᠬᠢᠲᠠᠳ᠎ᠢ ᠵᠠᠰᠠᠬᠤ᠂ ᠬᠠᠷᠢ᠎ᠪᠠᠷ ᠬᠠᠷᠢ᠎ᠶ᠋ᠢ ᠵᠠᠰᠠᠬᠤ ᠨᠣᠶᠠᠷᠬᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠡᠶ᠃ ᠡᠨᠡ ᠬᠦ᠌ ᠲᠥᠷᠥ᠎ᠶ᠋ᠢᠨ ᠪᠣᠳᠣᠯᠭ᠎ᠠ᠎ᠶ᠋ᠢᠨ ᠭᠣᠣᠯ ᠠᠭᠤᠯᠭ᠎ᠠ ᠪᠣᠯ ᠠᠳᠠᠯᠢ ᠪᠤᠰᠤ ᠦᠨᠳᠦᠰᠦᠲᠡᠨ᠎ᠦ ᠠᠳᠠᠯᠢ ᠪᠤᠰᠤ ᠪᠠᠢᠳᠠᠯ᠎ᠳᠤ ᠵᠣᠬᠢᠴᠠᠭᠤᠯᠤᠨ᠂ ᠤᠯᠠᠮᠵᠢᠯᠠᠯᠲᠤ ᠠᠵᠤ ᠠᠬᠤᠶ᠎ᠶ᠋ᠢᠨ ᠦᠢᠯᠡᠳᠪᠦᠷᠢᠯᠡᠯ᠎ᠦᠨ ᠠᠷᠭ᠎ᠠ ᠮᠠᠶᠢᠭ᠂ ᠤᠯᠤᠰ ᠲᠥᠷᠥ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠡᠯᠪᠡᠷᠢ ᠎ᠶ᠋ᠢ ᠨᠢ ᠵᠠᠯᠭᠠᠮᠵᠢᠯᠠᠵᠤ᠂ ᠤᠤᠯ᠎ᠤᠨ ᠲᠦᠷᠢᠮ ᠳᠤᠭᠳᠠᠭᠠᠯ ᠪᠠ ᠰᠣᠶᠣᠯ᠎ᠢ ᠨᠢ ᠬᠡᠷᠡᠭ᠌ᠯᠡᠵᠤ᠂ ᠳᠡᠭᠡᠳᠦ ᠨᠡᠢᠰᠯᠡᠯ᠎ᠤᠨ ᠪᠠᠭᠤᠷᠢ᠎ᠶ᠋ᠢᠨ ᠪᠠᠢᠷᠢᠯᠠᠭᠤᠯᠤᠯᠲᠠ ᠨᠢ ᠶᠠᠭ ᠡᠨᠡ ᠬᠦ᠌ ᠲᠥᠷᠥ᠎ᠶ᠋ᠢᠨ ᠪᠣᠳᠣᠯᠭ᠎ᠠ᠎ᠶ᠋ᠢᠨ ᠢᠯᠡᠷᠡᠯ ᠪᠣᠯᠬᠤ ᠶᠤᠮ᠃

ᠡᠢᠮᠦᠷᠬᠦᠦ 《ᠵᠠᠩᠱᠢᠯ᠎ᠳᠤᠨᠢ ᠲᠣᠬᠢᠷᠠᠭᠤᠯᠤᠨ ᠵᠠᠰᠠᠬᠤ》ᠨᠣᠶᠠᠷᠬᠠᠯ᠎ᠤᠨ ᠬᠡᠯᠪᠡᠷᠢ ᠨᠢ ᠲᠤᠬᠠᠶ᠎ᠶ᠋ᠢᠨ ᠦᠶ᠎ᠡ᠎ᠳᠦ ᠯᠢᠶᠣᠤ ᠤᠯᠤᠰ᠎ᠤᠨ ᠤᠯᠤᠰ ᠲᠦᠷᠦ᠍᠎ᠶ᠋ᠢᠨ ᠪᠦᠯᠬᠦᠮᠳᠡᠯ ᠪᠠ ᠦᠨᠳᠦᠰᠦᠲᠡᠨ᠎ᠦ ᠬᠣᠯᠪᠣᠭᠠᠯᠠᠯ᠎ᠢ ᠠᠬᠢᠭᠤᠯᠵᠤ᠂ ᠨᠡᠢᠭᠡᠮ᠎ᠦᠨ ᠡᠮᠬᠢ ᠳᠢᠭ᠌ᠯᠢᠮ᠎ᠢ ᠲᠣᠭ᠍ᠲᠠᠪᠤᠷᠢᠵᠢᠭᠤᠯᠤᠨ᠂ ᠰᠣᠶᠣᠯ᠎ᠤᠨ ᠠᠭᠤᠰᠤᠯᠴᠠᠯ᠎ᠢ ᠲᠦᠷᠭᠡᠳᠭᠡᠵᠠᠢ᠃ ᠯᠢᠶᠣᠤ ᠤᠯᠤᠰ ᠨᠢᠭᠡᠨ ᠴᠥᠭᠡᠨ ᠲᠣᠭᠠᠲᠤ ᠦᠨᠳᠦᠰᠦᠲᠡᠨ᠎ᠦ ᠪᠠᠢᠭᠤᠯᠤᠭ᠍ᠰᠠᠨ ᠤᠯᠠᠨ ᠦᠨᠳᠦᠰᠦᠲᠡᠨ᠎ᠲᠡᠶ ᠤᠯᠤᠰ᠎ᠪᠤᠯᠤᠭᠰᠠᠠ᠎ᠤ ᠬᠤᠪᠢ᠎ᠳᠤ 200 ᠭᠠᠷᠤᠶ ᠵᠢᠯ ᠨᠣᠶᠠᠷᠬᠠᠯ᠎ᠢᠶᠠᠨ ᠬᠠᠮᠠᠭᠠᠯᠠᠵᠤ᠂ ᠳᠤᠮᠳᠠᠳᠤ ᠤᠯᠤᠰ᠎ᠤᠨ ᠤᠮᠠᠷᠠᠲᠤ᠎ᠶ᠋ᠢᠨ ᠴᠢᠬᠤᠯᠠ ᠳᠤᠮᠤ ᠤᠯᠤᠰ ᠪᠣᠯᠤᠬᠰᠠᠨ ᠪᠠᠢᠨ᠎ᠠ᠃

ᠯᠢᠶᠣᠤ ᠤᠯᠤᠰ ᠪᠠᠢᠭᠤᠯᠤᠭ᠍ᠳᠠᠭ᠍ᠰᠠᠨ ᠡᠬᠢᠨ᠎ᠦ ᠦᠶ᠎ᠡ᠎ᠳᠦ᠂ ᠬᠢᠲᠠᠳ ᠰᠣᠶᠣᠯ᠎ᠤᠨ ᠨᠦᠷᠢᠯᠳᠡ᠎ᠳᠤ ᠤᠴᠠᠷᠠᠭ᠍ᠰᠠᠨ ᠪᠣᠯᠪᠠᠴᠤ᠌ ᠦᠵᠡᠯ ᠰᠠᠨᠠᠭ᠎ᠠ ᠦᠵᠡᠯ ᠤᠬᠠᠮᠰᠠᠷ᠎ᠤᠨ ᠲᠠᠯ᠎ᠠ᠎ᠪᠠᠷ ᠬᠢᠳᠠᠨ ᠦᠨᠳᠦᠰᠦᠲᠡᠨ᠎ᠦ ᠬᠠᠮᠤᠭ᠎ᠤᠨ ᠠᠩᠬᠠᠨ᠎ᠤ ᠱᠢᠲᠦᠯᠭᠡ ᠪᠢᠰᠢᠷᠠᠯ ᠪᠠ ᠠᠮᠢᠳᠤᠷᠠᠯ᠎ᠤᠨ ᠵᠠᠩ ᠵᠠᠩᠱᠢᠯ᠎ᠢ ᠬᠠᠳᠠᠭᠠᠯᠠᠭ᠍ᠰᠠᠭᠠᠷ ᠢᠷᠡᠵᠠᠢ᠃ ᠯᠢᠶᠣᠤ ᠤᠯᠤᠰ᠎ᠤᠨ ᠳᠡᠭᠡᠳᠦ ᠨᠡᠢᠰᠯᠡᠯ᠎ᠦᠨ ᠪᠠᠭᠤᠷᠢ ᠵᠢᠨ ᠭᠡᠷ ᠪᠠᠷᠢᠯᠭ᠎ᠠ ᠨᠢ ᠳᠣᠷᠣᠨ᠎ᠠ ᠵᠦᠭ᠎ᠲᠦ ᠬᠠᠨᠳᠤᠨ᠂ ᠲᠤᠰᠭᠠᠢᠯᠠᠨ ᠢᠰᠡᠭᠡᠶ ᠭᠡᠷ᠎ᠢ ᠲᠣᠬᠢᠷᠠᠭᠤᠯᠬᠤ ᠭᠠᠵᠠᠷ᠎ᠲᠠᠶ ᠪᠠᠢᠭ᠍ᠰᠠᠨ ᠪᠣᠯᠪᠠᠴᠤ᠌ ᠯᠢᠶᠣᠤ ᠤᠯᠤᠰ᠎ᠤᠨ ᠳᠤᠮᠳᠠ ᠰᠡᠭᠦᠯᠴᠢ ᠵᠢᠨ ᠦᠶ᠎ᠠ ᠪᠣᠯᠬᠤ᠎ᠳᠤ ᠵᠦᠩᠶᠤᠸᠠᠨ ᠣᠷᠣᠨ᠎ᠤ ᠰᠣᠶᠣᠯ᠎ᠢ ᠲᠠᠰᠤᠷᠠᠯᠲᠠ ᠦᠭᠡᠶ ᠱᠢᠩᠭᠡᠭᠡᠨ ᠠᠪᠤᠬᠰᠠᠠ ᠡᠴᠨ ᠲᠡᠳᠡ ᠨᠠᠷ᠎ᠤᠨ ᠦᠵᠡᠯ ᠤᠬᠠᠮᠰᠠᠷ᠎ᠦᠨᠳᠦᠰᠦᠨ ᠬᠤᠪᠢᠷᠠᠯᠲᠠ ᠭᠠᠷᠴᠤ᠌᠂ ᠥᠪᠡᠷ᠎ᠢ᠎ᠪᠡᠨ《ᠳᠤᠮᠳᠠᠳᠤ ᠤᠯᠤᠰ》 ᠬᠡᠮᠡᠨ ᠦᠵᠡᠵᠦ᠍ ᠡᠬᠢᠯᠡᠭ᠌ᠰᠡᠨ ᠪᠠᠢᠨ᠎ᠠ᠃

ᠯᠢᠶᠣᠤ ᠤᠯᠤᠰ ᠮᠥᠬᠥᠭ᠌ᠰᠡᠨ᠎ᠦ ᠳᠠᠷᠠᠭ᠎ᠠ᠂ ᠪᠠᠷᠠᠭᠤᠨ ᠯᠢᠶᠣᠤ ᠤᠯᠤᠰ ᠪᠠᠷᠠᠭᠤᠨ ᠬᠢᠵᠠᠭᠠᠷ᠎ᠲᠤ ᠬᠢᠲᠠᠳ ᠰᠣᠶᠣᠯ᠎ᠢ ᠳᠡᠯᠭᠡᠷᠡᠭᠦᠯᠵᠦ᠍᠂ ᠰᠡᠭᠦᠯᠡᠷ ᠨᠢ ᠳᠤᠮᠳᠠᠳᠤ ᠠᠽᠢᠶ᠎ᠠ ᠪᠣᠯᠤᠨ ᠣᠷᠣᠰ᠎ᠤᠨ ᠬᠢᠨ ᠳᠤᠮᠳᠠᠳᠤ ᠤᠯᠤᠰ᠎ᠢ 《ᠬᠢᠳᠠᠨ》 ᠭᠡᠵᠦ᠍ ᠨᠡᠷᠡᠯᠡᠭᠡᠳ᠂ ᠲᠡᠳᠡᠬᠡᠷ ᠤᠯᠤᠰ ᠯᠢᠶᠣᠤ ᠤᠯᠤᠰ᠎ᠤᠨ ᠨᠥᠯᠥᠭᠡ᠎ᠶ᠋ᠢ ᠶᠡᠭᠡᠳᠡ ᠭᠥᠷᠳᠡᠵᠠᠢ᠃

ᠬᠢᠳᠠᠨ ᠦᠨᠳᠦᠰᠦᠲᠡᠨ ᠲᠡᠦᠬᠡ᠎ᠶ᠋ᠢᠨ ᠬᠥᠭ᠌ᠵᠢᠯᠲᠡ᠎ᠶ᠋ᠢᠨ ᠤᠷᠲᠤ ᠤᠳᠠᠭᠠᠨ ᠶᠠᠪᠤᠴᠠ᠎ᠳᠤ ᠳᠤᠮᠳᠠᠳᠤ᠎ᠶ᠋ᠢᠨ ᠦᠨᠳᠦᠰᠦᠲᠡᠨ᠎ᠦ ᠳᠤᠮᠤ ᠭᠡᠷ ᠪᠦᠯᠢ᠎ᠳᠦ ᠠᠭᠠᠵᠢᠮ᠎ᠢᠶᠠᠷ ᠠᠭᠤᠰᠤᠨ ᠣᠷᠣᠵᠤ᠂ 《ᠳᠤᠮᠳᠠᠳᠤ ᠤᠯᠤᠰ》᠎ᠤ᠋ᠨ ᠠᠭᠤᠯᠬᠤᠨ ᠪᠠ ᠬᠦᠷᠢᠶ᠎ᠠ ᠬᠡᠪᠴᠢᠶ᠎ᠠ ᠵᠢ ᠲᠠᠰᠤᠷᠠᠯᠲᠠ ᠥᠬᠡᠶ ᠥᠷᠭᠡᠳᠭᠡᠵᠦ᠍᠂ ᠭᠠᠵᠠᠷ ᠵᠦᠶ᠎ᠶ᠋ᠢᠨ ᠪᠠᠢᠷᠢᠰᠢᠯ᠎ᠳᠡᠬᠢ ᠨᠤᠲᠤᠭ ᠳᠡᠪᠢᠰᠭᠡᠷ᠎ᠢ ᠵᠦᠩᠶᠤᠸᠠᠨ ᠣᠷᠣᠨ᠎ᠤ ᠲᠠᠷᠢᠶᠠᠯᠠᠬᠤ ᠣᠷᠣᠨ᠎ᠠᠴᠠ ᠤᠮᠠᠷᠠᠲᠤ ᠤᠷᠤᠨ᠎ᠤ ᠮᠠᠯᠵᠢᠬᠤ ᠣᠷᠣᠨ ᠬᠦᠷᠲᠡᠯ᠎ᠡ ᠥᠷᠭᠡᠳᠭᠡᠪᠠ᠃ ᠰᠤᠶᠤᠯ ᠨᠢ ᠴᠦ᠍ ᠨᠡᠭᠦᠳᠡᠯ ᠮᠠᠯᠵᠢᠯ᠎ᠤᠨ ᠰᠣᠶᠣᠯ᠎ᠢ ᠠᠭᠤᠰᠭᠠᠭ᠍ᠰᠠᠨ ᠶᠣᠰᠣᠯᠠᠯ ᠬᠥᠭ᠌ᠵᠢᠮ᠎ᠦᠨ ᠰᠣᠶᠣᠯ ᠪᠣᠯᠤᠨ ᠬᠤᠪᠢᠷᠠᠵᠤ᠂ ᠬᠢᠳᠠᠨ᠂ ᠳ᠋ᠠᠩᠱᠢᠶᠠᠩ᠂ ᠰᠢ ᠵᠡᠷᠭᠡ ᠣᠯᠠᠨ ᠦᠨᠳᠦᠰᠦᠲᠡᠨ᠎ᠢ ᠴᠦ᠍ ᠯᠢᠶᠣᠤ ᠤᠯᠤᠰ᠎ᠤᠨ ᠨᠣᠶᠠᠷᠬᠠᠯ᠎ᠳᠤ ᠪᠠᠭ᠍ᠲᠠᠭᠠᠨ ᠤᠷᠤᠭᠤᠯᠵᠤ᠂ ᠬᠣᠵᠢᠮ ᠬᠤᠢᠰᠢᠳᠠ ᠵᠢᠨ ᠳᠤᠮᠳᠠᠳᠤ ᠶ᠋ᠢᠨ ᠦᠨᠳᠦᠰᠦᠲᠡᠨ᠎ᠦ ᠪᠦᠷᠢᠯᠳᠦᠯ᠎ᠳᠦ ᠰᠠᠭᠤᠷᠢ ᠲᠠᠯᠪᠢᠵᠤ ᠥᠭ᠌ᠭᠦᠭ᠌ᠰᠡᠨ ᠪᠠᠢᠨ᠎ᠠ᠃ ᠲᠡᠷᠡ ᠮᠥᠷᠲᠡᠭᠡᠨ《ᠰᠠᠯᠭᠠᠵᠤ ᠵᠠᠰᠠᠬᠤ》ᠲᠦᠷᠤ ᠵᠢᠨ ᠪᠤᠳᠤᠯᠭ᠎ᠠ ᠨᠢ ᠯᠢᠶᠣᠤ ᠤᠯᠤᠰ᠎ᠤᠨ ᠦᠯᠡᠳᠡᠭᠡᠭ᠌ᠰᠡᠨ ᠡᠷᠬᠢᠮ ᠨᠠᠨᠳᠢᠨ ᠲᠤᠷᠱᠢᠯᠭ᠎ᠠ ᠪᠣᠯᠤᠭ᠍ᠰᠠᠨ᠎ᠤ ᠬᠤᠪᠢ᠎ᠳᠤ᠂ ᠨᠢᠭᠡᠨᠲᠡ ᠠᠯᠳᠠᠨ ᠤᠯᠤᠰ᠂ ᠶᠤᠸᠠᠨ ᠤᠯᠤᠰ᠂ ᠮᠢᠩ ᠤᠯᠤᠰ᠂ ᠴᠢᠩ ᠤᠯᠤᠰ ᠵᠡᠷᠭᠡ ᠦᠶ᠎ᠡ ᠦᠶ᠎ᠡ᠎ᠶ᠋ᠢᠨ ᠬᠠᠭᠠᠨᠲᠤ ᠲᠦᠷᠦ᠍᠎ᠶ᠋ᠢᠨ ᠤᠯᠠᠨ ᠦᠨᠳᠦᠰᠦᠲᠡᠨ᠎ᠢ ᠨᠣᠶᠠᠷᠬᠠᠬᠤ᠎ᠳᠠᠭᠠᠨ ᠬᠡᠷᠡᠭ᠌ᠯᠡᠭ᠌ᠰᠡᠨ ᠬᠠᠮᠲᠤ᠎ᠶ᠋ᠢᠨ ᠪᠠᠷᠢᠮᠵᠢᠶ᠎ᠠ ᠪᠣᠯᠵᠠᠢ᠃

ᠦᠶ᠎ᠡ ᠦᠶ᠎ᠡ᠎ᠶ᠋ᠢᠨ ᠨᠣᠶᠠᠷᠬᠠᠭ᠍ᠴᠢᠳ ᠦᠵᠡᠯ ᠰᠠᠨᠠᠭ᠎ᠠ ᠰᠣᠶᠣᠯ᠂ ᠤᠯᠤᠰ ᠲᠦᠷᠦ᠍᠎ᠶ᠋ᠢᠨ ᠪᠠᠢᠭᠤᠯᠤᠯ᠂ ᠦᠨᠳᠦᠰᠦᠲᠡᠨ᠎ᠦ ᠬᠠᠷᠢᠴᠠᠭ᠎ᠠ ᠵᠡᠷᠭᠡ ᠤᠯᠠᠨ ᠲᠠᠯ᠎ᠠ᠎ᠠᠴᠠ ᠠᠷᠭ᠎ᠠ ᠬᠡᠮᠵᠢᠶ᠎ᠡ ᠠᠪᠴᠤ᠌᠂ ᠦᠨᠳᠦᠰᠦᠲᠡᠨ᠎ᠨᠦᠭᠦᠳ ᠬᠠᠷᠢᠯᠴᠠᠭᠠᠨ᠎ᠤ ᠳᠤᠮᠳᠠ ᠭᠦᠨᠵᠡᠭᠡᠶ ᠠᠭᠤᠰᠤᠯᠴᠠᠬᠤ᠎ᠶ᠋ᠢ ᠲᠠᠰᠤᠷᠠᠯᠲᠠ  ᠦᠭᠡᠢ ᠠᠬᠢᠭᠤᠯᠵᠤ᠂ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠬᠥᠳᠡᠯᠦᠩᠭᠦᠶ᠎ᠪᠡᠷ ᠱᠤᠭᠤᠵᠤ᠂ ᠤᠯᠠᠨ ᠦᠨᠳᠦᠰᠦᠲᠡᠨ᠂ ᠤᠯᠠᠨ ᠰᠣᠶᠣᠯ᠎ᠤᠨ 《ᠤᠯᠠᠨ ᠡᠱᠢᠲᠦ ᠨᠢᠭᠡ ᠴᠤᠭ᠍ᠴᠠᠵᠢᠯᠳᠠ》 ᠵᠢᠨ ᠪᠠᠢᠷᠢᠱᠢᠯ᠎ᠢ ᠤᠯᠠᠮ ᠵᠢᠡᠷ ᠲᠦᠯᠬᠢᠨ ᠠᠬᠢᠭᠤᠯᠤᠭ᠍ᠰᠠᠨ ᠪᠠᠢᠨ᠎ᠠ᠃ ᠢᠯᠠᠩᠭᠤᠶ᠎ᠠ ᠤᠢᠷ᠎ᠠ ᠦᠶ᠎ᠡ ᠪᠣᠯᠬᠤ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ᠎ᠴᠣᠭ᠍ᠴᠠ᠎ᠶ᠋ᠢᠨ᠎ᠤᠬᠠᠮᠰᠠᠷ᠎ᠬᠦᠴᠢᠷ᠎ᠪᠡᠷᠬᠡᠰᠢᠶᠠᠯ᠎ᠤᠨ ᠳᠤᠮᠳᠠ ᠬᠠᠳᠠᠭᠤᠵᠢᠨ ᠪᠤᠯᠪᠠᠰᠤᠷᠠᠭᠳᠠᠵᠤ᠂ ᠦᠨᠳᠦᠰᠦᠲᠡᠨ᠎ᠨᠦᠭᠦᠳ᠎ᠤᠨ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠤᠭᠰᠠᠠ ᠪᠠᠢᠨ᠎ᠠ᠃

ᠵᠥᠷᠢᠶ᠎ᠡ᠎ᠶ᠋ᠢ ᠬᠦᠨᠳᠦᠳᠭᠡᠵᠦ᠍᠂ ᠤᠯᠠᠨ ᠶᠠᠩᠵᠤ᠎ᠶ᠋ᠢ ᠪᠠᠭ᠍ᠲᠠᠭᠠᠵᠤ᠂ ᠲᠤᠰ ᠦᠨᠳᠦᠰᠦᠲᠡᠨ ᠎ᠦ᠎ᠰᠣᠶᠣᠯ᠎ᠤᠨ ᠢᠪᠴᠤᠤ ᠦᠵᠡᠯ᠎ᠢ ᠡᠪᠳᠡᠵᠦ᠍᠂ ᠦᠨᠳᠦᠰᠦᠲᠡᠨ ᠨᠤᠭᠦᠳ᠎ᠦᠨ ᠬᠣᠭᠣᠷᠣᠨᠳᠣᠬᠢ ᠰᠣᠶᠣᠯ᠎ᠤᠨ ᠵᠠᠪᠰᠠᠷᠳᠠᠯ ᠪᠠ ᠦᠷᠳᠡᠭ᠎ᠦᠨ ᠮᠥᠷᠭᠥᠯᠳᠦᠭᠡᠨ᠎ᠢ ᠪᠦᠲᠦᠮᠵᠢᠲᠡᠢ ᠨᠡᠢᠯᠡᠭᠦᠯᠪᠡᠯ ᠰᠠᠶᠢ ᠰᠡᠳᠭᠢᠯ᠎ᠢᠶᠡᠨ ᠨᠢᠭ᠍ᠲᠠᠷᠠᠭᠤᠯᠤᠨ ᠬᠦᠴᠦᠨ᠎ᠢᠶᠡᠨ ᠬᠠᠮᠲᠤᠳᠭᠠᠵᠤ᠂ ᠬᠠᠮᠲᠤ᠎ᠶ᠋ᠢᠨ ᠤᠶᠤᠨ ᠰᠠᠨᠠᠭ᠎ᠠ ᠰᠣᠶᠣᠯ᠎ᠤᠨ ᠰᠠᠭᠤᠷᠢ᠎ᠶ᠋ᠢ ᠴᠣᠭ᠍ᠴᠠᠯᠠᠵᠤ᠂ ᠭᠣᠣᠯ ᠴᠣᠭ᠍ᠴᠠ᠎ᠶ᠋ᠢᠨ ᠦᠵᠡᠯ ᠤᠬᠠᠮᠰᠠᠷ᠎ᠢ ᠬᠥᠭ᠌ᠵᠢᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠵᠦ᠍ ᠴᠢᠳᠠᠨ᠎ᠠ ᠭᠡᠳᠡᠭ᠎ᠢ ᠲᠡᠦᠬᠡ ᠭᠡᠷᠡᠴᠢᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号