12 ᠰᠠᠷ᠎ᠠ᠎ᠶ᠋ᠢᠨ 27᠎ᠤ ᠡᠳᠦᠷ᠂ ᠠᠷᠠᠪ᠎ᠤᠨ ᠬᠣᠯᠪᠣᠭᠠᠲᠤ
ᠠᠬᠠᠮᠠᠳᠳᠤ ᠤᠯᠤᠰ᠎ᠤᠨ ᠡᠷᠡᠭᠦᠯ ᠬᠠᠮᠠᠭᠠᠯᠠᠯ ᠪᠠ ᠤᠷᠢᠳᠴᠢᠯᠠᠨ ᠰᠡᠷᠭᠡᠢᠯᠡᠬᠦ᠌ ᠶᠠᠮᠤᠨ ᠡᠴᠡ ᠤᠯᠤᠰ᠎ᠤᠨ
ᠡᠮ᠎ᠦᠨ ᠪᠦᠯᠦᠭ᠌ᠯᠡᠯ᠎ᠦᠨ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠬᠣᠶᠠᠳᠤᠭᠠᠷ ᠦᠶ᠎ᠡ᠎ᠶ᠋ᠢᠨ ᠳᠠᠬᠢᠨ
ᠨᠡᠢᠯᠡᠬᠦᠯᠦᠭᠰᠡᠨ ᠤᠭᠤᠷᠠᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠪᠠᠴᠢᠮ ᠬᠡᠷᠡᠭ᠌ᠯᠡᠬᠦ᠌
ᠪᠡᠷ ᠵᠥᠪᠱᠢᠶᠡᠷᠡᠪᠡ᠃ ᠡᠨᠡ
ᠪᠣᠯ ᠪᠦᠬᠦ᠌ ᠪᠥᠮᠪᠥᠷᠴᠡᠭ᠎ᠦᠨ ᠠᠩᠬᠠᠳᠠᠭ᠍ᠴᠢ ᠪᠠᠴᠢᠮ ᠬᠡᠷᠡᠭ᠌ᠯᠡᠬᠦ ᠪᠡᠷ ᠵᠥᠪᠱᠢᠶᠡᠷᠡᠭᠰᠡᠨ ᠬᠣᠶᠠᠳᠤᠭᠠᠷ
ᠦᠶ᠎ᠡ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ ᠪᠣᠯᠤᠨ᠎ᠠ᠃ ᠲᠣᠰ
ᠱᠢᠨ᠎ᠡ ᠲᠢᠲᠢᠮᠯᠢᠭ ᠠᠭᠤᠰᠬᠢᠨ ᠦᠷᠪᠢᠰᠤᠯ᠎ᠤᠨ ᠸᠠᠺᠼᠢᠨ᠎ᠨᠢ ᠣᠯᠠᠨ ᠵᠦᠶ᠋ᠯ᠎ᠦᠨ ᠤᠨᠳᠤᠤᠱᠢᠭ᠍ᠰᠠᠨ ᠸᠢᠷᠦ᠋ᠰ ᠲᠸ᠋ ᠴᠢᠭ᠌ᠯᠡᠭᠦᠯᠦᠭ᠌ᠰᠡᠨ ᠲᠡᠯᠭᠡᠷᠡᠩᠭᠦᠢ ᠵᠢᠭ᠍ᠰᠠᠯ᠎ᠳᠤ ᠬᠠᠮᠠᠭᠠᠯᠠᠯᠲᠠ᠎ᠶ᠋ᠢᠨ ᠦᠶ᠋ᠯᠡᠳᠦᠯ᠎ᠲᠡᠶ ᠪᠠᠢᠳᠠᠭ᠃
ᠳᠠᠬᠢᠨ ᠨᠡᠢᠯᠡᠬᠦᠯᠦᠭᠰᠡᠨ ᠤᠭᠤᠷᠠᠭ᠎ᠤᠨ ᠱᠢᠨ᠎ᠡ ᠲᠢᠲᠢᠮᠯᠢᠭ
ᠠᠭᠤᠰᠭᠢᠨ ᠦᠷᠪᠢᠰᠦᠯ᠎ᠦᠨ ᠸᠠᠺᠼᠢᠨ᠎ᠢ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠰᠤᠳᠤᠯᠭᠠᠨ᠎ᠤ
ᠬᠦᠷᠢᠶᠡᠯᠡᠩ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ ᠡᠴᠡ ᠰᠤᠳᠤᠯᠤᠨ ᠪᠦᠳᠦᠬᠡᠵᠦ᠂ ᠪᠡᠶ᠎ᠡ᠎ᠪᠡᠨ ᠳᠠᠭᠠᠭᠠᠵᠤ ᠡᠵᠡᠨ
ᠮᠡᠳᠡᠭ᠌ᠰᠡᠨ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠬᠦ᠌ ᠡᠷᠬᠡ᠎ᠲᠡᠶ᠃ ᠰᠤᠳᠤᠯᠭᠠᠨ᠎ᠤ ᠪᠦᠯᠬᠦᠮ᠎ᠦᠨ
ᠬᠢᠨ ᠨᠢᠭᠡᠳᠦᠭᠡᠷ ᠦᠶ᠎ᠡ᠎ᠶ᠋ᠢᠨ ᠳᠠᠬᠢᠨ ᠨᠡᠢᠯᠡᠬᠦᠯᠦᠭᠰᠡᠨ ᠤᠭᠤᠷᠠᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ
ᠰᠠᠭᠤᠷᠢᠨ ᠳᠡᠭᠡᠷ᠎ᠡ᠂ ᠡᠯ᠎ᠡ ᠵᠦᠶ᠋ᠯ᠎ᠦᠨ ᠤᠨᠳᠤᠤᠱᠢᠭ᠍ᠰᠠᠨ ᠸᠢᠷᠦ᠋ᠰ᠎ᠤᠨ ᠡᠭᠡᠯᠢᠯᠡᠭᠡ ᠡᠴᠡ ᠵᠢᠭᠤᠳᠠᠬᠤ
ᠴᠢᠳᠠᠪᠤᠷᠢ ᠪᠠ ᠬᠤᠪᠢᠰᠤᠯ᠎ᠤᠨ ᠵᠢᠮ᠎ᠡ ᠬᠠᠤᠯᠢ᠎ᠳᠤ ᠪᠥᠬᠥ᠌ ᠲᠠᠯ᠎ᠠ᠎ᠶ᠋ᠢᠨ ᠵᠠᠳᠠᠯᠤᠯᠲᠠ ᠬᠢᠬᠦ᠌᠎ᠪᠡᠷ ᠳᠠᠮᠵᠢᠨ᠂
ᠬᠣᠶᠠᠳᠤᠭᠠᠷ ᠦᠶ᠎ᠡ᠎ᠶ᠋ᠢᠨ ᠳᠠᠬᠢᠨ ᠨᠡᠢᠯᠡᠬᠦᠯᠦᠭᠰᠡᠨ ᠤᠭᠤᠷᠠᠭ᠎ᠤᠨ ᠱᠢᠨ᠎ᠡ ᠲᠢᠲᠢᠮᠯᠢᠭ ᠠᠭᠤᠰᠭᠢᠨ
ᠦᠷᠪᠢᠰᠦᠯ᠎ᠦᠨ ᠸᠠᠺᠼᠢᠨ᠎ᠤ ᠴᠣ ᠱᠢᠨ᠎ᠡ ᠵᠢᠷᠤᠭ ᠲᠥᠯᠥᠪᠯᠡᠭᠡ᠎ᠶᠢ ᠰᠤᠳᠤᠯᠤᠨ ᠪᠦᠳᠦᠬᠡᠭᠰᠡᠨ ᠪᠠᠢᠨ᠎ᠠ᠃
ᠡᠮᠴᠢᠯᠡᠭᠡᠨ᠎ᠡᠴᠡ ᠡᠮᠦᠨᠡᠬᠢ ᠪᠦᠳᠦᠮᠵᠢᠳᠤ ᠴᠢᠨᠠᠷᠲᠠᠶ ᠰᠤᠳᠤᠯᠭᠠᠨ ᠪᠠ ᠠᠩᠬ᠎ᠠ ᠠᠯᠬᠤᠮ᠎ᠤᠨ ᠬᠥᠮᠦᠨ᠎ᠦ
ᠪᠡᠶ᠎ᠡ᠎ᠶ᠋ᠢᠨ ᠲᠤᠷᠱᠢᠯᠲᠠ᠎ᠠᠴᠠ ᠦᠵᠡᠪᠡᠯ᠂ ᠬᠣᠶᠠᠳᠤᠭᠠᠷ ᠦᠶ᠎ᠡ᠎ᠶ᠋ᠢᠨ ᠸᠠᠺᠼᠢᠨ᠎ᠨᠢ ᠣᠯᠠᠨ
ᠵᠦᠶ᠋ᠯ᠎ᠦᠨ ᠤᠨᠳᠤᠤᠱᠢᠭ᠍ᠰᠠᠨ ᠸᠢᠷᠦ᠋ᠰ ᠲᠸ᠋ ᠥᠷᠭᠡᠨ᠎ᠢᠶᠡᠷ ᠬᠠᠮᠠᠭᠠᠯᠠᠬᠤ ᠳᠠᠯᠳᠠ ᠬᠦᠴᠦᠨ᠎ᠲᠡᠶ ᠪᠠᠢᠵᠤ᠂
ᠣᠳᠣᠬᠠᠨ᠎ᠤ ᠴᠤᠷ᠎ᠤᠨ ᠭᠠᠭ᠍ᠴᠠ ᠪᠠᠴᠢᠮ ᠬᠡᠷᠡᠭ᠌ᠯᠡᠬᠦ᠌᠎ᠪᠡᠷ ᠵᠥᠪᠱᠢᠶᠡᠷᠡᠭ᠌ᠳᠡᠭ᠌ᠰᠡᠨ ᠬᠣᠶᠠᠳᠤᠭᠠᠷ
ᠦᠶ᠎ᠡ᠎ᠶ᠋ᠢᠨ ᠸᠠᠺᠼᠢᠨ ᠪᠣᠯᠤᠨ᠎ᠠ᠃
ᠨᠢᠭᠡᠳᠦᠭᠡᠷ ᠦᠶ᠎ᠡ᠎ᠶ᠋ᠢᠨ ᠸᠠᠺᠼᠢᠨ ᠲᠠᠷᠢᠭ᠍ᠰᠠᠨ ᠪᠤᠯ ᠪᠠᠰᠠ ᠬᠣᠶᠠᠳᠤᠭᠠᠷ ᠦᠶ᠎ᠡ᠎ᠶ᠋ᠢᠨ ᠸᠠᠺᠼᠢᠨ ᠲᠠᠷᠢᠬᠤ
ᠴᠢᠬᠤᠯᠠᠳᠠᠢ ᠦᠦ?
12
ᠰᠠᠷ᠎ᠠ᠎ᠶ᠋ᠢᠨ 29 ᠪᠤᠯᠳᠠᠯ᠎ᠠ᠂ ᠮᠠᠨ᠎ᠤ ᠤᠯᠤᠰ᠎ᠤᠨ12
ᠳ᠋ᠦᠩᠱᠢᠭᠤᠷ 741.3 ᠲᠦᠮᠡᠨ ᠬᠥᠮᠦᠨ ᠪᠥᠬᠥ᠌ ᠶᠠᠪᠤᠴᠠ᠎ᠵᠢᠨ
ᠲᠠᠷᠢᠯᠭ᠎ᠠ ᠬᠢᠬᠦ᠌᠎ᠶ᠋ᠢ ᠪᠡᠶᠡᠯᠡᠭᠦᠯᠵᠦ᠍᠂ ᠪᠥᠬᠥ᠌ ᠤᠯᠤᠰ᠎ᠤᠨ ᠶᠡᠷᠦᠩᠬᠡᠶ ᠬᠥᠮᠦᠨ ᠠᠮᠠ᠎ᠶ᠋ᠢᠨ 85.64% ᠶ᠋ᠢ
ᠡᠵᠡᠯᠡᠪᠡ ᠭᠡᠵᠡᠢ᠃
ᠣᠢᠯᠠᠭᠠᠭ᠍ᠰᠠᠨ᠎ᠢᠶᠠᠷ᠂ ᠪᠠᠴᠢᠮ ᠬᠡᠷᠡᠭ᠌ᠯᠡᠬᠦ᠌᠎ᠶ᠋ᠢ ᠵᠥᠪᠱᠢᠶᠡᠷᠡᠭ᠌ᠰᠡᠨ ᠠᠷᠠᠪ᠎ᠤᠨ ᠬᠣᠯᠪᠣᠭᠠᠲᠤ ᠠᠬᠠᠮᠠᠳ᠎ᠲᠤ ᠤᠯᠤᠰ᠎ᠲᠤ᠂
ᠬᠣᠶᠠᠳᠤᠭᠠᠷ ᠦᠶ᠎ᠡ᠎ᠶ᠋ᠢ᠎ᠨᠢ ᠴᠢᠩᠭᠠᠳᠭᠠᠬᠤ ᠲᠠᠷᠢᠯᠭ᠎ᠠ ᠪᠡᠷ ᠭᠡᠷᠡᠭᠯᠡᠵᠦ᠂ ᠨᠢᠭᠡᠨᠲᠡ ᠬᠣᠶᠠᠷ ᠤᠳᠠᠭ᠎ᠠ ᠤᠯᠤᠰ᠎ᠤᠨ ᠡᠮ᠎ᠦᠨ ᠪᠦᠯᠦᠭ᠌ᠯᠡᠯ᠎ᠦᠨ ᠳᠤᠮᠳᠠᠳᠤ ᠤᠯᠤᠰ᠎ᠤᠨ
ᠠᠮᠢᠳᠤ ᠪᠣᠳᠠᠰ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠢᠳᠡᠪᠬᠢ ᠥᠬᠡᠢᠳᠡᠭᠦᠯᠦᠭ᠌ᠰᠡᠨ
ᠸᠠᠺᠼᠢᠨ᠎ᠢ ᠳᠠᠷᠢᠭᠤᠯᠤᠭ᠍ᠰᠠᠨ ᠬᠥᠮᠦᠰ ᠲᠸ᠋ ᠭᠡᠷᠡᠭᠯᠡᠭᠦ ᠪᠣᠯᠤᠨ᠎ᠠ᠃ ᠲᠤᠰᠬᠠᠢ ᠮᠡᠷᠭᠡᠵᠢᠯᠳᠡᠨ᠎ᠤ ᠦᠵᠡᠬᠦ ᠪᠡᠷ᠂ 《ᠢᠳᠡᠪᠬᠢ
ᠦᠬᠡᠢᠳᠡᠬᠦᠯᠦᠭᠰᠡᠨ + ᠳᠠᠬᠢᠨ
ᠨᠡᠢᠯᠡᠬᠦᠯᠦᠭᠰᠡᠨ ᠸᠠᠺᠼᠢᠨ》ᠲᠠᠷᠢᠯᠭ᠎ᠠ ᠬᠢᠬᠦ ᠠᠷᠭ᠎ᠠ ᠨᠢ ᠲᠠᠷᠢᠯᠭ᠎ᠠ ᠳᠠᠷᠢᠭᠰᠠᠳ᠎ᠤᠨ
ᠡᠬᠡᠯᠢᠯᠡᠬᠡᠵᠢᠨ ᠬᠢᠷᠢ ᠳᠦᠪᠰᠢᠨ᠎ᠢ ᠨᠡᠮᠡᠭᠳᠡᠬᠦᠯᠵᠦ᠂ ᠡᠬᠡᠯᠢᠯᠡᠬᠡ ᠲᠠᠢ ᠴᠠᠭ ᠬᠤᠭᠤᠴᠠᠭ᠎ᠠ ᠶᠢ ᠨᠢ
ᠤᠷᠳᠤᠳᠬᠠᠨ᠎ᠠ ᠬᠡᠵᠡᠢ᠃
ᠢᠷᠡᠯᠳᠡ᠄ 《ᠲᠤᠮᠳᠠᠳᠤ ᠤᠯᠤᠰ᠎ᠤᠨ ᠠᠮᠢᠳᠤ ᠪᠤᠳᠠᠰ》 ᠵᠢᠷᠬᠢᠶ᠎ᠠ ᠵᠢᠨ ᠲᠠᠪᠴᠠᠩ