ᠮᠠᠨ᠎ᠤ ᠤᠷᠤᠨ ᠵᠢᠷᠭᠤᠭᠠᠨ ᠲᠠᠯ᠎ᠠ ᠪᠡᠷ ᠪᠡᠶ᠎ᠡ ᠵᠢᠨ ᠲᠠᠮᠢᠷ᠎ᠤᠨ ᠦᠢᠯᠡᠰ᠎ᠢ ᠬᠦᠭᠵᠢᠬᠦᠯᠦᠨ᠎ᠡ
2021-12-31 10:03:59
ᠵᠣᠬᠢᠶᠠᠭ᠍ᠴᠢ᠄
ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠲᠠᠮᠢᠷ ᠬᠦᠴᠦᠷᠭᠡᠭᠵᠢᠪᠡᠯ ᠤᠯᠤᠰ ᠬᠦᠴᠦᠷᠭᠡᠭᠵᠢᠨ᠎ᠡ᠂ ᠤᠯᠤᠰ ᠬᠦᠴᠦᠷᠭᠡᠭᠵᠢᠪᠡᠯ ᠲᠠᠮᠢᠷ ᠬᠦᠴᠦᠷᠭᠡᠭᠵᠢᠨ᠎ᠡ᠃ ᠲᠠᠮᠢᠷ᠎ᠤᠨ ᠶᠡᠭᠡ ᠤᠯᠤᠰ ᠡᠴᠡ ᠲᠠᠮᠢᠷ᠎ᠤᠨ ᠬᠦᠴᠦᠷᠭᠡᠭ ᠤᠯᠤᠰ᠎ᠢ ᠪᠠᠢᠭᠤᠯᠬᠤ ᠪᠤᠯ ᠲᠤᠮᠳᠠᠳᠤ ᠤᠯᠤᠰ᠎ᠤᠨ ᠠᠷᠠᠳ ᠲᠦᠮᠡᠨ᠎ᠤ 《ᠬᠤᠤᠰ  ᠵᠠᠭᠤᠨ ᠵᠢᠯ》᠎ᠤ᠋ᠨ ᠲᠡᠮᠡᠴᠡᠬᠦ ᠬᠠᠷᠠᠯᠳᠠ ᠵᠢ ᠪᠡᠶᠡᠯᠡᠬᠦᠯᠬᠦ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃

2025 ᠤᠨ ᠪᠣᠯᠬᠤ᠎ᠳᠤ᠂ ᠮᠠᠨ᠎ᠤ ᠣᠷᠣᠨ ᠪᠡᠶ᠎ᠡ᠎ᠶ᠋ᠢᠨ ᠲᠠᠮᠢᠷ ᠎ᠤᠨ ᠬᠥᠭ᠌ᠵᠢᠯᠲᠡ᠎ᠶ᠋ᠢ ᠪᠥᠬᠥ᠌ ᠤᠯᠤᠰ᠎ᠤᠨ ᠳᠤᠮᠳᠠ ᠵᠡᠷᠭᠡ᠎ᠶ᠋ᠢᠨ ᠬᠢᠷᠢ ᠲᠦᠪᠱᠢᠨ᠎ᠳᠦ ᠬᠦᠷᠭᠡᠵᠦ᠍᠂ ᠠᠷᠠᠳ ᠣᠯᠠᠨ᠎ᠤ ᠲᠠᠮᠢᠷ᠎ᠤᠨ ᠬᠦᠳᠡᠯᠭᠡᠭᠡᠨ ᠳ᠋ᠤ ᠣᠷᠣᠯᠴᠠᠬᠤ ᠵᠣᠯ ᠵᠢᠷᠭᠠᠯᠲᠤ ᠲᠥᠷᠥᠭ᠌ᠳᠡᠯ᠎ᠢ ᠢᠯᠡᠳᠲᠡ ᠳᠡᠭᠡᠭ᠌ᠰᠢᠯᠡᠭᠦᠯᠵᠦ᠍᠂ ᠪᠡᠶ᠎ᠡ᠎ᠶ᠋ᠢᠨ ᠲᠠᠮᠢᠷ᠎ᠤᠨ ᠭᠤᠤᠯᠯᠠᠬᠤ ᠥᠷᠢᠰᠦᠯᠳᠦᠬᠦ᠌ ᠬᠦᠴᠦᠨ᠂ ᠨᠡᠢᠭᠡᠮ ᠎ᠦᠨ ᠨᠥᠯᠥᠭᠡᠯᠡᠬᠦ᠌ ᠬᠦᠴᠦᠨ ᠎ᠢ ᠢᠯᠡᠳᠲᠡ ᠴᠢᠩᠭᠠᠷᠠᠭᠤᠯᠤᠨ᠎ᠠ᠃

ᠵᠢᠷᠭᠤᠭᠠᠨ ᠶᠡᠬᠡ ᠬᠠᠷᠠᠯᠲᠠ᠄ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠨᠠᠩ ᠲᠡᠭᠦᠯᠳᠡᠷᠵᠢᠭᠦᠯᠦᠨ᠎ᠡ; ᠥᠷᠢᠰᠥᠯᠳᠦᠭᠡᠨᠳᠦ ᠪᠡᠶ᠎ᠡ᠎ᠶ᠋ᠢᠨ ᠲᠠᠮᠢᠷ᠎ᠤᠨ ᠨᠥᠯᠥᠭᠡᠯᠡᠬᠦ᠌ ᠬᠦᠴᠦᠨ᠎ᠢ ᠢᠯᠡᠳᠲᠡ ᠴᠢᠩᠭᠠᠷᠠᠭᠤᠯᠤᠨ᠎ᠠ; ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ ᠎ᠢ᠋ ᠨᠡᠩ ᠬᠦᠭᠵᠢᠭᠡᠨ᠎ᠡ; ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠵᠢ ᠠᠬᠢᠭᠤᠯᠤᠨ᠎ᠠ; ᠱᠢᠶᠠᠨ᠎ᠤ ᠬᠡᠪᠴᠢᠶᠡᠨ᠎ᠦ ᠬᠥᠯ ᠪᠥᠮᠪᠥᠭᠡ᠎ᠶ᠋ᠢ ᠳᠡᠯᠭᠡᠷᠡᠭᠦᠯᠦᠨ ᠲᠦᠭᠡᠮᠡᠯᠵᠢᠭᠦᠯᠦᠨ᠎ᠡ; ᠪᠡᠶ᠎ᠡ᠎ᠶ᠋ᠢᠨ ᠲᠠᠮᠢᠷ᠎ᠤᠨ ᠦᠶ᠋ᠯᠡᠰ ᠎ᠦᠨ《ᠵᠥᠭᠡᠯᠡᠨ ᠪᠣᠳᠠᠲᠤ ᠬᠦᠴᠦᠨ》᠎ᠢ᠋ ᠴᠢᠨᠠᠭᠰᠢᠳᠠ ᠳᠡᠭᠡᠭ᠌ᠰᠢᠯᠡᠭᠦᠯᠦᠨ᠎ᠡ᠃

ᠬᠦᠢᠴᠡᠳᠭᠡᠯ ᠲᠤᠭ᠎ᠠ ᠪᠤᠶᠤ ᠠᠷᠭ᠎ᠠ ᠬᠡᠮᠵᠢᠶ᠎ᠡ᠄ ᠦᠷᠭᠦᠯᠵᠢ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ ᠣᠷᠣᠯᠴᠠᠬᠤ ᠬᠥᠮᠦᠨ᠎ᠦ ᠲᠣᠭ᠎ᠠ ᠶ᠋ᠢᠨ ᠬᠠᠷᠢᠴᠠᠯ᠎ᠢ 2020 ᠣᠨ ᠳ᠋ᠤ 35.54% ᠪᠠᠢᠭᠰᠠᠨ᠎ᠢ 38.5% ᠪᠣᠯᠭᠠᠨ ᠨᠡᠮᠡᠭ᠌ᠳᠡᠭᠦᠯᠵᠦ᠍᠂ ᠬᠥᠮᠦᠨ ᠳᠤᠮᠳᠠᠴᠢ᠎ᠳ᠋ᠤ ᠨᠤᠭᠳᠠᠬᠤ ᠪᠡᠶ᠎ᠡ᠎ᠶ᠋ᠢᠨ ᠲᠠᠮᠢᠷ᠎ᠤᠨ ᠲᠠᠯᠠᠪᠤᠷ ᠲᠠᠯᠠᠪᠠᠶ᠎ᠶ᠋ᠢ 2020 ᠣᠨ᠎ᠤ 2.16 ᠲᠡᠭ᠌ᠰᠢ ᠳᠥᠷᠪᠡᠯᠵᠢᠨ ᠮᠧᠲ᠋ᠷ ᠡᠴᠡ 2.6 ᠲᠡᠭ᠌ᠰᠢ ᠳᠥᠷᠪᠡᠯᠵᠢᠨ ᠮᠧᠲ᠋ᠷ ᠪᠣᠯᠭᠠᠨ ᠨᠡᠮᠡᠭ᠌ᠳᠡᠭᠦᠯᠦᠨ᠎ᠡ᠃ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ ᠶ᠋ᠢᠨ ᠲᠠᠮᠢᠷ᠎ᠤᠨ ᠲᠠᠯ᠎ᠠ ᠪᠡᠷ᠂ ᠣᠲᠣ ᠦᠶ᠎ᠡ᠎ᠶ᠋ᠢᠨ ᠬᠠᠮ ᠪᠣᠯᠪᠠᠰᠤᠷᠠᠯ᠎ᠤᠨ ᠪᠦᠯᠬᠦᠮ᠎ᠢ ᠪᠠᠢᠭᠤᠯᠵᠤ᠂ ᠴᠢᠳᠠᠪᠤᠷᠢᠲᠠᠨ᠎ᠤ ᠱᠠᠲᠤᠯᠵᠢᠨ ᠡᠩᠨᠡᠭᠡ᠎ᠶ᠋ᠢ ᠪᠦᠷᠢᠯᠳᠦᠭᠦᠯᠵᠦ᠍᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠠᠬᠢᠭᠤᠯᠬᠤ ᠳᠤᠮᠳᠠᠬᠢ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢ ᠨᠠᠩ ᠳᠣᠪᠣᠢᠯᠭᠠᠨ᠎ᠠ᠃

ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠲᠠᠯ᠎ᠠ ᠪᠠᠷ᠂ 2025 ᠤᠨ ᠪᠣᠯᠬᠤ᠎ᠳᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ《ᠭᠤᠷᠪᠠᠨ ᠶᠡᠬᠡ ᠱᠢᠰᠲ᠋ᠧᠮ》(ᠵᠠᠯᠠᠭᠤᠴᠤᠳ ᠪᠠᠭᠠᠴᠤᠳ᠎ᠤᠨ ᠡᠷᠡᠭᠦᠯ ᠴᠢᠬᠢᠷᠠᠭ᠎ᠢ ᠠᠬᠢᠭᠤᠯᠬᠤ ᠱᠢᠰᠲ᠋ᠧᠮ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠱᠢᠰᠲ᠋ᠧᠮ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠱᠢᠰᠲ᠋ᠧᠮ)ᠢ᠋ ᠦᠨᠳᠦᠰᠦᠨ᠎ᠳᠡᠭᠡᠨ ᠪᠠᠢᠭᠤᠯᠵᠤ᠂ ᠡᠩ᠎ᠦᠨ ᠰᠤᠷᠭᠠᠭᠤᠯᠢ᠂ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ᠂ ᠪᠡᠶ᠎ᠡ᠎ᠶ᠋ᠢᠨ ᠲᠠᠮᠢᠷ᠎ᠤᠨ ᠨᠡᠢᠭᠡᠮ᠎ᠦᠨ ᠵᠣᠬᠢᠶᠠᠨ ᠪᠠᠢᠭᠤᠯᠤᠯᠲᠠ ᠬᠦᠴᠦ᠍᠎ᠪᠡᠨ ᠬᠠᠮᠲᠤᠳᠭᠠᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌ ᠪᠠᠢᠷᠢᠱᠢᠯ᠎ᠢ ᠦᠨᠳᠦᠰᠦᠨ ᠎ᠳᠡᠭᠡᠨ ᠪᠦᠷᠢᠯᠳᠦᠭᠦᠯᠦᠨ᠎ᠡ᠃ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠲᠠᠯ᠎ᠠ᠎ᠪᠠᠷ᠂ 2025 ᠤᠨ ᠪᠣᠯᠬᠤ᠎ᠳᠤ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠨᠡᠮᠡᠭ᠌ᠳᠡᠯ ᠥᠷᠲᠡᠭ᠎ᠦᠨ ᠪᠥᠬᠥ᠌ ᠣᠷᠣᠨ᠎ᠤ ᠣᠷᠣᠨ ᠨᠤᠳᠤᠭ᠎ᠤᠨ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠲᠡᠬᠢ ᠡᠵᠡᠯᠡᠬᠦ᠌ ᠬᠠᠷᠢᠴᠠᠯ᠎ᠢ 0.9% ᠪᠠᠢᠭ᠍ᠰᠠᠨ᠎ᠠᠴᠠ 1.4% ᠣᠷᠴᠢᠮ ᠪᠣᠯᠭᠠᠨ ᠳᠡᠭᠡᠭ᠌ᠰᠢᠯᠡᠭᠦᠯᠦᠨ᠎ᠡ᠃

ᠲᠤᠯᠤᠭᠠᠨ ᠭᠤᠤᠯᠳᠠᠯᠭ᠎ᠠ᠎ᠲᠠᠶ ᠡᠭᠦᠷᠭᠡ᠄ ᠤᠷᠤᠯᠳᠤᠭᠠᠨ᠎ᠤ ᠪᠡᠶ᠎ᠡ ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠦᠨ᠎ᠡ; ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠨ᠎ᠡ; ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ; ᠱᠢᠶᠠᠨ᠎ᠤ ᠬᠡᠪᠴᠢᠶᠡᠨ᠎ᠦ ᠬᠥᠯ ᠪᠥᠮᠪᠥᠭᠡ᠎ᠶ᠋ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠠᠬᠢᠭᠤᠯᠤᠨ᠎ᠠ; ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠨ᠎ᠠ; ᠪᠡᠶ᠎ᠡ᠎ᠶ᠋ᠢᠨ ᠲᠠᠮᠢᠷ᠎ᠤᠨ ᠰᠣᠶᠣᠯ᠎ᠤᠨ ᠴᠡᠴᠡᠭ᠌ᠯᠡᠯᠲᠡ ᠬᠥᠭ᠌ᠵᠢᠯᠲᠡ᠎ᠶ᠋ᠢ ᠠᠬᠢᠭᠤᠯᠤᠨ᠎ᠠ; ᠪᠡᠶ᠎ᠡ᠎ᠶ᠋ᠢᠨ ᠲᠠᠮᠢᠷ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号