ᠭᠡᠷ ᠲᠡᠭᠡᠨ ᠬᠠᠷᠢᠵᠤ ᠰᠢᠨᠡᠯᠡᠵᠤ ᠪᠤᠯᠤᠨ᠎ᠠ ᠤᠤ ?
2021-12-31 10:07:50
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠎ᠦᠨ ᠰᠣᠨᠢᠨ ᠮᠡᠳᠡᠭᠡᠨ᠎ᠦ ᠥᠭᠦᠯᠡᠭ᠌ᠴᠢ ᠮᠢ ᠹᠧᠩ 18᠎ᠤ᠋ ᠡᠳᠦᠷ ᠶᠠᠪᠤᠭ᠍ᠳᠠᠭ᠍ᠰᠠᠨ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠲᠣᠭ᠍ᠲᠠᠴᠠ᠎ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠄

ᠱᠢᠨ᠎ᠡ ᠵᠢᠯ᠂ ᠴᠠᠭᠠᠨ ᠰᠠᠷ᠎ᠠ᠎ᠶᠢᠨ ᠬᠤᠭᠤᠴᠠᠭᠠᠨ᠎ᠳᠦ᠂ ᠡᠪᠦᠯ ᠬᠠᠪᠤᠷ᠎ᠤᠨ ᠤᠯᠠᠷᠢᠯ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠎ᠳᠦ《ᠬᠥᠳᠡᠯᠦᠩᠭᠦᠶ ᠪᠡᠷ ᠠᠷᠢᠯᠭᠠᠬᠤ》 ᠶᠡᠷᠦᠩᠬᠡᠶ ᠴᠢᠭ᠌ᠯᠡᠯᠲᠡ᠎ᠶ᠋ᠢ ᠢᠮᠠᠭ᠍ᠲᠠ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ ᠨᠠᠷᠢᠯᠢᠭ ᠣᠨᠣᠪᠴᠢᠲᠠᠶ ᠪᠠᠢᠯᠭᠠᠬᠤ ᠳᠡᠭᠡᠷ᠎ᠡ ᠬᠦᠴᠦ᠍ ᠲᠠᠯᠪᠢᠬᠤ ᠬᠡᠷᠡᠭ᠌ᠲᠡᠶ᠃ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠵᠢᠯᠣᠭᠣᠳᠴᠤ᠌᠂ ᠲᠣᠭᠣᠷᠢᠭ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠶ᠋ᠢᠨ ᠬᠠᠮᠲᠤ ᠬᠥᠮᠦᠰ᠎ᠦᠨ ᠠᠮᠤᠷ ᠲᠦᠪᠱᠢᠨ᠂ ᠡᠮᠬᠢ ᠵᠢᠷᠤᠮ᠎ᠲᠠᠶ ᠱᠢᠯᠵᠢᠬᠦ᠌᠎ᠶ᠋ᠢ ᠪᠠᠲᠤᠯᠠᠵᠤ᠂ ᠳᠥᠭᠥᠮᠴᠢᠯᠡᠬᠦ᠌᠂ 《ᠨᠢᠭᠡ ᠯᠡ ᠪᠠᠷᠢᠮᠵᠢᠶ᠎ᠠ᠎ᠪᠠᠷ ᠱᠠᠭᠠᠷᠳᠠᠬᠤ》᠂ 《ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ᠌》 ᠶ᠋ᠢ ᠰᠡᠷᠭᠡᠢᠯᠡᠵᠦ᠍᠂ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠳᠤ ᠦᠵᠡᠭᠦᠯᠬᠦ᠌ ᠨᠥᠯᠥᠭᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠬᠤ ᠬᠡᠷᠡᠭ᠌ᠲᠡᠶ ᠭᠡᠵᠡᠶ᠃

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠬᠢᠵᠢᠭ᠎ᠦᠨ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠠᠵᠢᠯ᠎ᠤᠨ ᠤᠳᠤᠷᠢᠳᠭᠤ ᠳᠤᠭᠤᠢᠯᠠᠩ᠎ᠤᠨ ᠳᠠᠷᠤᠭ᠎ᠠ ᠯᠢᠶᠠᠩ ᠸᠠᠨ ᠨᠢᠶᠠᠨ ᠣᠨᠴᠠ ᠵᠠᠷᠢᠮ ᠭᠠᠵᠠᠷ᠎ᠤᠨ 《ᠲᠤᠬᠠᠶ᠎ᠶ᠋ᠢᠨ ᠭᠠᠵᠠᠷ᠎ᠲᠠᠭᠠᠨ ᠱᠢᠨᠡᠯᠡᠬᠦ᠌ 》 ᠰᠠᠨᠠᠭᠠᠴᠢᠯᠠᠭ᠎ᠠ᠎ᠳᠤ ᠴᠢᠭ᠌ᠯᠡᠭᠦᠯᠦᠨ ᠬᠠᠮᠢᠶ᠎ᠠ ᠪᠥᠬᠥᠶ ᠰᠠᠨᠠᠭᠤᠯᠭ᠎ᠠ ᠳᠤᠷᠠᠳᠪᠠ᠄

ᠲᠥᠷᠥᠯ ᠬᠤᠪᠢᠶᠠᠬᠤ᠄ ᠭᠤᠤᠯᠳᠠᠯᠭ᠎ᠠ᠎ᠲᠠᠶ ᠣᠷᠣᠨ ᠪᠦᠰᠡ᠂ ᠭᠤᠤᠯᠳᠠᠯᠭ᠎ᠠ᠎ᠲᠠᠶ ᠬᠥᠮᠦᠰ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠬᠠᠮᠢᠶᠠᠷᠤᠨ ᠡᠵᠡᠮᠳᠡᠬᠦ᠌ ᠲᠥᠷᠥ᠎ᠶ᠋ᠢᠨ ᠪᠣᠳᠣᠯᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠴᠠᠭᠠᠨ ᠰᠠᠷ᠎ᠠ᠎ᠠᠴᠠ ᠪᠣᠯᠵᠣ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠪᠡᠨ ᠬᠤᠪᠢᠷᠠᠭᠤᠯᠵᠤ ᠪᠣᠯᠬᠤ ᠥᠬᠡᠶ᠃

ᠲᠦᠭᠰᠢᠭᠦᠷᠢ ᠶᠡᠬᠡᠲᠡᠶ ᠬᠥᠮᠦᠰ᠄ ᠵᠢᠱ᠌ᠢᠶᠡᠯᠡᠪᠡᠯ ᠨᠠᠰᠤᠲᠠᠢᠴᠤᠳ᠂ ᠤᠳᠠᠭᠠᠨ ᠴᠢᠨᠠᠷᠳᠠᠢ ᠡᠪᠡᠳᠴᠢᠨ ᠲᠠᠢ ᠬᠦᠮᠦᠰ᠂ ᠵᠢᠷᠮᠦᠰᠦᠨ ᠪᠦᠰᠡᠬᠦᠢᠴᠤᠳ ᠠᠯᠢ ᠴᠢᠳᠠᠬᠤ᠎ᠪᠡᠷ ᠴᠢᠬᠤᠯᠠ ᠪᠤᠰᠤ ᠵᠢᠭᠤᠯᠴᠢᠯᠠᠯ ᠪᠠ ᠬᠤᠷᠠᠵᠤ ᠴᠤᠭᠯᠠᠬᠤ᠎ᠶᠢ ᠪᠠᠭᠠᠰᠭᠠᠨ᠎ᠠ᠃

ᠬᠤᠪᠢᠶᠠᠷᠢ ᠲᠣᠭᠣᠷᠢᠭ᠄ ᠳᠤᠮᠳᠠ᠂ ᠦᠨᠳᠦᠷ ᠲᠦᠭ᠌ᠰᠢᠭᠦᠷᠢᠳᠠᠢ ᠭᠠᠵᠠᠷ ᠣᠷᠣᠨ(ᠵᠢᠱ᠌ᠢᠶᠡᠯᠡᠪᠡᠯ ᠬᠢᠯᠢ ᠵᠢᠨ ᠪᠣᠭᠣᠮᠲᠠ᠂ ᠴᠢᠬᠤᠯᠠ ᠶᠡᠬᠡ ᠠᠵᠢᠯᠯᠠᠭ᠎ᠠ᠎ᠶ᠋ᠢ ᠶᠠᠪᠤᠭᠳᠠᠭᠤᠯᠵᠤ ᠪᠠᠢᠭ᠎ᠠ ᠭᠠᠵᠠᠷ ᠣᠷᠣᠨ ᠵᠡᠷᠭᠡ) ᠳ᠋ᠦ ᠨᠡᠯᠢᠶᠡᠳ ᠴᠢᠩᠭ᠎ᠠ ᠠᠷᠭ᠎ᠠ ᠬᠡᠮᠵᠢᠶ᠎ᠡ ᠠᠪᠴᠤ᠌ ᠪᠣᠯᠤᠨ᠎ᠠ᠃ ᠪᠤᠰᠤᠳ ᠭᠠᠵᠠᠷ ᠣᠷᠣᠨ ᠠᠶᠤᠯ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠠᠵᠢᠯ᠎ᠢ ᠰᠠᠢᠲᠤᠷ ᠬᠢᠵᠦ᠍᠂ ᠠᠶᠤᠯ ᠲᠦᠭ᠌ᠰᠢᠭᠦᠷᠢ᠎ᠶ᠋ᠢᠨ ᠵᠡᠷᠭᠡ ᠳᠡᠰ᠂ ᠬᠤᠪᠢ ᠬᠥᠮᠦᠨ᠎ᠦ ᠡᠭᠡᠯᠢᠯᠡᠭᠡ ᠵᠢᠨ ᠴᠢᠳᠠᠪᠬᠢ᠂ ᠬᠢᠵᠢᠭ᠎ᠦᠨ ᠪᠠᠢᠳᠠᠯ ᠵᠡᠷᠭᠡ᠎ᠶ᠋ᠢ ᠶᠡᠷᠦᠩᠬᠡᠢᠯᠡᠨ ᠪᠣᠳᠣᠯᠬᠢᠯᠠᠵᠤ ᠡᠷᠴᠢᠮ᠎ᠲᠡᠶ᠂ ᠬᠠᠢᠷ᠎ᠠ ᠬᠠᠯᠠᠮᠵᠢ᠎ᠲᠠᠶ ᠲᠦᠷᠦ᠍᠎ᠶ᠋ᠢᠨ ᠪᠤᠳᠤᠯᠭ᠎ᠠ ᠳᠤᠷᠠᠳᠭᠤ ᠬᠡᠷᠡᠭ᠌ᠲᠡᠢ᠃ 《ᠨᠢᠭᠡ ᠯᠡ ᠪᠠᠷᠢᠮᠵᠢᠶ᠎ᠠ᠎ᠪᠠᠷ ᠱᠠᠭᠠᠷᠳᠠᠵᠤ》 ᠪᠣᠯᠬᠤ ᠦᠭᠡᠢ᠂ ᠨᠠᠷᠢᠯᠢᠭ ᠤᠨᠤᠪᠴᠢᠳᠠᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠢᠯᠡᠷᠡᠭᠦᠯᠬᠦ᠌ ᠬᠡᠷᠡᠭ᠌ᠲᠡᠢ᠃

ᠮᠡᠷᠭᠡᠨ ᠴᠤᠬᠤᠷ᠎ᠢ ᠰᠢᠷᠪᠢᠵᠦ ᠨᠠᠷᠢᠨ ᠠᠭᠤᠯᠭ᠎ᠠ᠎ᠶᠢ ᠨᠢ ᠦᠵᠡᠭᠡᠷᠡᠢ !


QQ截图20211231100831.jpg


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号