ᠭᠤᠤᠯ ᠰᠠᠨᠠᠭᠤᠯᠤᠮᠵᠢ᠄
ᠥᠩᠭᠡᠷᠡᠭ᠌ᠰᠡᠨ ᠲᠠᠪᠤᠨ ᠵᠢᠯ᠎ᠢ ᠡᠷᠭᠢᠴᠡᠭᠦᠯᠪᠡᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠭ᠍ᠰᠠᠨ᠎ᠤ ᠬᠠᠮᠤᠭ᠎ᠤᠨ ᠦᠨᠳᠦᠰᠦᠨ ᠵᠦᠶ᠋ᠯ ᠨᠢ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ᠎ᠳᠤ ᠪᠤᠢ᠂ ᠶᠡᠷᠦᠩᠬᠡᠶ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠥᠪᠥᠷ ᠮᠣᠩᠭᠣᠯ᠎ᠤᠨ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠵᠤ ᠠᠶᠠᠯᠠᠯ᠎ᠢ ᠵᠢᠯᠤᠭᠤᠳᠤᠭᠰᠠᠨ ᠳᠦ ᠪᠤᠢ᠃
ᠪᠢᠳᠡ ᠲᠡᠦᠬᠡ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡᠨ᠎ᠡᠴᠡ ᠲᠡᠦᠬᠡ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠬᠠᠢᠨ ᠰᠦᠪᠡᠭ᠌ᠴᠢᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠬᠤ ᠬᠡᠷᠡᠭ᠌ᠲᠡᠶ᠃
ᠪᠢᠳᠡ ᠥᠩᠭᠡᠷᠡᠭ᠌ᠰᠡᠨ ᠲᠠᠪᠤᠨ ᠵᠢᠯ᠎ᠳᠦ ᠣᠯᠤᠭ᠍ᠰᠠᠨ ᠠᠮᠵᠢᠯᠲᠠ ᠪᠦᠲᠦᠮᠵᠢ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠪᠦᠬᠦ᠌ ᠲᠠᠯ᠎ᠠ᠎ᠪᠠᠷ ᠣᠨᠣᠪᠴᠢᠲᠠᠢ ᠲᠠᠨᠢᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡ᠎ᠡᠴᠡ ᠤᠶᠤᠨ ᠤᠬᠠᠭᠠᠨ ᠪᠠ ᠡᠷᠴᠢ ᠬᠦᠴᠦᠨ ᠣᠯᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠬᠦᠷᠭᠡ ᠬᠠᠷᠢᠭᠣᠴᠠᠯᠭ᠎ᠠ ᠵᠢ ᠵᠣᠷᠢᠭ᠍ᠲᠠᠢ ᠡᠭᠦᠷᠭᠡᠯᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭ᠍ᠰᠢᠯᠠᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠰᠤᠷᠠᠯᠳᠠ ᠦᠭᠡᠢ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠵᠦ᠍᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ ᠵᠢ ᠪᠢᠴᠢᠭᠯᠡᠶ᠎ᠡ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨᠤᠨᠠᠮᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ ᠮᠥᠴᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃ ᠬᠤᠷᠠᠯ᠎ᠠᠴᠠ ᠥᠩᠭᠡᠷᠡᠭ᠌ᠰᠡᠨ ᠲᠠᠪᠤᠨ ᠵᠢᠯ᠎ᠦᠨ ᠥᠪᠥᠷ ᠮᠣᠩᠭᠣᠯ᠎ᠤᠨ ᠣᠯᠤᠭ᠍ᠰᠠᠨ ᠴᠢᠬᠤᠯᠠ ᠠᠮᠵᠢᠯᠲᠠ᠎ᠶ᠋ᠢ ᠪᠥᠬᠥ᠌ ᠲᠠᠯ᠎ᠠ᠎ᠪᠠᠷ ᠡᠷᠭᠢᠴᠡᠭᠦᠯᠵᠦ᠍᠂ ᠣᠳᠣᠬᠠᠨ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ ᠪᠣᠯᠤᠨ ᠥᠪᠥᠷ ᠮᠣᠩᠭᠣᠯ᠎ᠤᠨ ᠡᠭᠦᠷᠭᠡᠯᠡᠵᠦ᠍ ᠪᠠᠢᠭ᠎ᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠶ ᠵᠠᠳᠠᠯᠵᠤ᠂ ᠢᠷᠡᠭᠡᠳᠦᠶ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠬᠠᠷᠠᠯᠲᠠ᠂ ᠭᠤᠤᠯᠳᠠᠯᠭ᠎ᠠ᠎ᠲᠠᠶ ᠡᠭᠦᠷᠭᠡ ᠪᠣᠯᠤᠨ ᠠᠵᠢᠯ᠎ᠤᠨ ᠱᠠᠭᠠᠷᠳᠠᠯᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠍᠂ ᠪᠢᠳᠡᠨ᠎ᠦ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠳᠤ ᠣᠷᠣᠯᠴᠠᠬᠤ ᠵᠠᠮ᠎ᠢᠶᠠᠷ ᠰᠠᠢᠲᠤᠷ ᠵᠠᠮᠨᠠᠬᠤ᠎ᠳᠤ ᠦᠵᠡᠯ ᠰᠠᠨᠠᠭ᠎ᠠ ᠲᠠᠨᠢᠯᠲᠠ᠎ᠪᠠᠨ ᠤᠯᠠᠮ ᠴᠢᠨᠠᠭ᠍ᠰᠢᠳᠠ ᠨᠢᠭᠡᠳᠭᠡᠵᠦ᠍᠂ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠪᠠ᠃
ᠠᠮᠵᠢᠯᠲᠠ᠎ᠪᠠᠨ ᠳ᠋ᠦᠩᠨᠡᠬᠦ᠌ ᠳᠤᠮᠳᠠ ᠲᠤᠷᠱᠢᠯᠭᠠᠰᠡᠩᠬᠡᠷᠡᠭᠦᠯᠦᠯ ᠣᠯᠤᠶ᠎ᠠ
ᠥᠩᠭᠡᠷᠡᠭ᠌ᠰᠡᠨ ᠲᠠᠪᠤᠨ ᠵᠢᠯ᠎ᠳᠦ᠂ ᠥᠪᠥᠷ ᠮᠣᠩᠭᠣᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ᠎ᠶ᠋ᠢ ᠦᠨᠡᠨ ᠬᠦ᠌ ᠱᠢᠨ᠎ᠡ ᠴᠠᠭ ᠦᠶ᠎ᠡ᠎ᠳᠦ ᠡᠷᠡᠯᠬᠡᠭ᠌ᠯᠡᠨ ᠲᠡᠮᠡᠴᠡᠬᠦ᠌᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠯ᠎ᠡ ᠵᠦᠶ᠋ᠯ᠎ᠦᠨ ᠠᠵᠢᠯ ᠦᠶ᠋ᠯᠡᠰ ᠪᠥᠬᠥ᠌ ᠲᠠᠯ᠎ᠠ᠎ᠶ᠋ᠢᠨ ᠬᠥᠭ᠌ᠵᠢᠯᠲᠡ ᠳᠠᠪᠱᠢᠯᠲᠠ᠎ᠶ᠋ᠢ ᠪᠡᠶᠡᠯᠡᠭᠦᠯᠪᠡ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠢᠮᠠᠭ᠍ᠲᠠ ᠰᠠᠨᠠᠭᠠᠯᠵᠠᠵᠦ ᠣᠨᠴᠠ ᠬᠠᠯᠠᠮᠵᠢᠯᠠᠵᠤ᠂ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭ᠍ᠰᠠᠭᠠᠷ ᠢᠷᠡᠵᠡᠶ᠃ ᠲᠠᠪᠤᠨ ᠵᠢᠯ᠎ᠦᠨ ᠲᠤᠷᠰᠢ᠂ ᠪᠦᠬᠦ᠌ ᠣᠷᠣᠨ᠎ᠤ ᠺᠠᠳ᠋ᠷ ᠣᠯᠠᠨ ᠲᠦᠮᠡᠨ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠦᠶ᠋ᠯᠡᠳᠦᠯᠭᠡ᠎ᠳᠦ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠠᠵᠢᠯ ᠬᠢᠵᠦ᠍ ᠦᠢᠯᠡᠰ ᠪᠤᠰᠭᠠᠬᠤ᠎ᠶ᠋ᠢᠨ ᠰᠢᠪᠬᠠᠭᠠᠤᠨ ᠪᠠᠷᠠᠭ᠍ᠳᠠᠰᠢ ᠦᠭᠡᠢ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠪᠠ᠂ ᠡᠷᠡᠮᠡᠬᠡᠢᠯᠡᠨ ᠤᠷᠤᠭ᠍ᠰᠢᠯᠠᠬᠤ᠂ ᠪᠦᠯᠬᠦᠮᠳᠡᠨ ᠲᠡᠮᠡᠴᠡᠬᠦ᠂ ᠠᠵᠤ ᠠᠬᠤᠶ᠎ᠶ᠋ᠢ ᠠᠬᠢᠭᠤᠯᠬᠤ᠂ ᠨᠡᠢᠭᠡᠮ᠂ ᠤᠯᠤᠰ ᠲᠦᠷᠦ᠍᠂ ᠰᠣᠶᠣᠯ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠵᠡᠷᠭᠡ ᠡᠯ᠎ᠡ ᠲᠠᠯ᠎ᠠ᠎ᠪᠠᠷ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠪᠡ᠂ ᠠᠮᠢ ᠠᠬᠤᠶ᠎ᠶ᠋ᠢ ᠣᠷᠢᠳ ᠵᠢᠡᠷ ᠪᠣᠳᠣᠯᠬᠢᠯᠠᠬᠣ ᠪᠣᠬᠢᠷᠲᠤᠯ ᠦᠭᠡᠢ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠵᠠᠮᠨᠠᠵᠦ᠂ ᠲᠠᠰᠤᠷᠠᠯᠳᠠ ᠦᠭᠡᠢ ᠬᠦᠴᠢᠷ ᠠᠰᠠᠭᠤᠳᠠᠯ᠎ᠢ ᠱᠢᠢᠳᠪᠦᠷᠢᠯᠡᠵᠦ᠂ ᠦᠷ᠎ᠡ ᠪᠦᠲᠦᠮᠵᠢ ᠭᠠᠷᠭᠠᠬᠤ᠂ ᠠᠯᠢ ᠣᠯᠠᠨ ᠦᠷ᠎ᠡ ᠪᠦᠲᠦᠮᠵᠢ ᠪᠠ ᠲᠤᠷᠱᠢᠯᠭ᠎ᠠ᠎ᠪᠠᠷ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠦᠶ᠋ᠯᠡᠳᠦᠯᠭᠡ᠎ᠶ᠋ᠢᠨ ᠠᠸ᠋ᠭ᠎ᠠ ᠬᠦᠴᠦᠨ᠎ᠢ ᠢᠯᠡᠷᠡᠭᠦᠯᠪᠡ᠂ ᠠᠯᠢ ᠣᠯᠠᠨ ᠠᠮᠵᠢᠯᠲᠠ ᠪᠦᠲᠦᠮᠵᠢ᠎ᠪᠡᠷ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ ᠪᠠᠷ ᠲᠡᠷᠭᠡᠯᠱᠢᠭᠦᠯᠬᠦ᠌ ᠠᠬᠢᠴᠠ ᠳᠤᠮᠳᠠ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠠᠮᠵᠢᠯᠲᠠ ᠣᠯᠤᠭ᠍ᠰᠠᠨ ᠶᠠᠪᠤᠳᠠᠯ ᠪᠣᠯ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠦ ᠪᠦᠯᠬᠦᠮᠳᠡᠨ ᠲᠡᠮᠡᠴᠡᠵᠦ᠍᠂ ᠨᠤᠭᠤᠷᠠᠰᠢ ᠦᠭᠡᠶ ᠲᠡᠮᠡᠴᠡᠭ᠌ᠰᠡᠨ᠎ᠦ ᠦᠷ᠎ᠡ ᠳ᠋ᠦᠩ ᠪᠣᠯᠤᠨ᠎ᠠ᠂ ᠬᠤᠭᠤᠴᠠᠭ᠎ᠠ ᠪᠦᠷᠢ᠎ᠶ᠋ᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠷᠭᠦᠯᠵᠢᠯᠡᠨ ᠴᠢᠷᠮᠠᠢᠭ᠍ᠰᠠᠨᠤ ᠦᠷ᠎ᠡ ᠳ᠋ᠦᠩ ᠪᠣᠯᠤᠨ᠎ᠠ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠡᠯ᠎ᠡ ᠠᠷᠠᠳ᠎ᠤᠨ ᠪᠦᠯᠬᠦᠮ᠂ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ ᠪᠣᠯᠤᠨ ᠡᠯ᠎ᠡ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠦ ᠬᠦᠴᠦᠲᠡᠶ ᠳᠡᠮᠵᠢᠭ᠌ᠰᠡᠨᠦ ᠦᠷ᠎ᠡ ᠳ᠋ᠦᠩ ᠪᠣᠯᠤᠨ᠎ᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠱᠢᠭ ᠲᠤᠰᠠᠲᠠᠶ ᠬᠣᠯᠪᠣᠭ᠍ᠳᠠᠵᠤ᠂ ᠬᠤᠪᠢ ᠵᠠᠶᠠᠭ᠎ᠠ᠎ᠲᠠᠶ ᠬᠣᠯᠪᠣᠭ᠍ᠳᠠᠵᠤ ᠪᠠᠢᠳᠠᠭ᠃ ᠲᠠᠪᠤᠨ ᠵᠢᠯ᠎ᠦᠨ ᠲᠤᠷᠰᠢ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ᠎ᠢᠶᠡᠨ ᠲᠥᠪᠯᠡᠷᠡᠭᠦᠯᠵᠦ᠍᠂ 《ᠳᠥᠷᠪᠡᠨ ᠤᠬᠠᠮᠰᠠᠷ》᠎ᠢᠶᠠᠨ ᠲᠠᠰᠤᠷᠠᠯᠲᠠ ᠥᠬᠡᠶ ᠴᠢᠩᠭᠠᠳᠭᠠᠵᠤ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《 ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠵᠥᠪ ᠤᠯᠤᠰ ᠲᠥᠷᠥ᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠪᠠ᠃ ᠥᠩᠭᠡᠷᠡᠭ᠌ᠰᠡᠨ ᠲᠠᠪᠤᠨ ᠵᠢᠯ᠎ᠢ ᠡᠷᠭᠢᠴᠡᠭᠦᠯᠪᠡᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠭ᠍ᠰᠠᠨ᠎ᠤ ᠬᠠᠮᠤᠭ᠎ᠤᠨ ᠦᠨᠳᠦᠰᠦᠨ ᠵᠦᠢᠯ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠥᠪᠥᠷ ᠮᠣᠩᠭᠣᠯ᠎ᠤᠨ ᠰᠤᠳᠠᠰᠤ᠎ᠶ᠋ᠢ ᠪᠠᠷᠢᠵᠤ ᠴᠢᠭ᠌ᠯᠡᠯ᠎ᠢ ᠲᠣᠭ᠍ᠲᠠᠭᠠᠵᠤ ᠂ ᠵᠠᠮ᠎ᠢ ᠵᠢᠭᠠᠵᠤ ᠠᠶᠠᠯᠠᠯ᠎ᠢ ᠵᠢᠯᠣᠭᠣᠳᠤᠭ᠍ᠰᠠᠨ᠎ᠳᠤ ᠪᠤᠢ᠃
ᠲᠡᠦᠬᠡ᠎ᠶ᠋ᠢ ᠡᠷᠭᠢᠴᠡᠭᠦᠯᠬᠦ᠌ ᠳᠤᠮᠳᠠ ᠤᠷᠤᠭ᠍ᠰᠢᠯᠠᠬᠤ ᠡᠷᠴᠢ ᠬᠦᠴᠦᠨ᠎ᠢ ᠱᠢᠩᠭᠡᠭᠡᠨ ᠠᠪᠤᠶ᠎ᠠ
ᠲᠡᠦᠬᠡ ᠪᠣᠯ ᠬᠠᠮᠤᠭ᠎ᠤᠨ ᠰᠠᠢ᠌ᠨ ᠪᠠᠭ᠍ᠰᠢ ᠮᠥᠨ᠃ ᠨᠠᠮ᠎ᠤᠨ ᠵᠠᠭᠤᠨ ᠵᠢᠯ᠎ᠦᠨ ᠭᠡᠷᠡᠯ ᠰᠠᠴᠤᠷᠠᠩᠭᠤᠢ ᠲᠡᠦᠬᠡ᠎ᠶ᠋ᠢᠨ ᠱᠢᠨ᠎ᠡ ᠭᠠᠷᠤᠭ᠎ᠠ᠎ᠳᠤ ᠵᠣᠭ᠍ᠰᠣᠵᠤ᠂ ᠪᠢᠳᠠ ᠲᠡᠦᠬᠡ᠎ᠶ᠋ᠢ ᠨᠠᠷᠢᠨ ᠬᠢᠨᠠᠮᠠᠭᠠᠢ ᠰᠤᠷᠤᠯᠴᠠᠵᠤ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠳᠠ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠡᠴᠡ ᠲᠡᠦᠬᠡ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠰᠦᠪᠡᠭ᠌ᠴᠢᠯᠡᠵᠦ᠍᠂ ᠢᠮᠠᠭ᠍ᠲᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠵᠢᠯ᠎ᠤᠨ ᠱᠢᠰᠲ᠋ᠧᠮᠲᠦ ᠴᠢᠨᠠᠷ᠂ ᠣᠷᠢᠳᠴᠢᠯᠠᠨ ᠮᠡᠳᠡᠬᠦ ᠴᠢᠨᠠᠷ᠂ ᠪᠦᠲᠦᠭᠡᠯᠴᠢ ᠴᠢᠨᠠᠷ᠎ᠢ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠠᠴᠠ ᠲᠡᠦᠬᠡ᠎ᠪᠡᠷ ᠲᠣᠯᠢ ᠪᠣᠯᠭᠠᠬᠤ᠂ ᠢᠷᠡᠭᠡᠳᠦᠶ᠎ᠶ᠋ᠢ ᠨᠡᠭᠡᠭᠡᠬᠦ᠌ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠶ ᠲᠣᠳᠣᠷᠬᠠᠢᠯᠠᠨ ᠲᠠᠢᠯᠪᠤᠷᠢᠯᠠᠵᠤ᠂ ᠮᠠᠨ᠎ᠤ ᠤᠯᠤᠰ ᠪᠠ ᠦᠨᠳᠦᠰᠦᠲᠡᠨ᠎ᠦ ᠬᠥᠭ᠌ᠵᠢᠯᠲᠡ᠎ᠶ᠋ᠢᠨ ᠰᠠᠢᠨ ᠰᠠᠢᠬᠠᠨ ᠢᠷᠡᠭᠡᠳᠦᠶ᠎ᠶ᠋ᠢ ᠪᠠᠷᠠᠯᠠᠵᠤ᠂ ᠨᠠᠮ ᠪᠠ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ᠃ ᠣᠳᠣ᠎ᠳᠤ ᠰᠠᠭᠤᠷᠢᠯᠠᠵᠤ᠂ ᠢᠷᠡᠭᠡᠳᠦᠢ᠎ᠶ᠋ᠢ ᠪᠠᠷᠠᠯᠠᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ᠎ᠶ᠋ᠢᠨ ᠲᠤᠷᠱᠢᠯᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠴᠠᠭ ᠦᠶ᠎ᠡ ᠭᠡᠬᠦ᠌ ᠭᠣᠣᠯᠳᠠᠯᠭ᠎ᠠ᠎ᠶ᠋ᠢ ᠳᠤᠪᠤᠢ᠌ᠯᠭᠠᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠦᠳᠦᠯᠦᠨ ᠵᠢᠯᠣᠭᠣᠳᠴᠤ᠌ ᠪᠠᠢᠭᠠᠳ ᠨᠡᠩ ᠴᠤᠭ ᠪᠠᠳᠠᠷᠠᠩᠭᠤᠢ ᠳᠦᠷᠰᠦ ᠪᠠᠢᠳᠠᠯ᠎ᠢᠶᠠᠷ ᠱᠢᠨ᠎ᠡ ᠠᠶᠠᠨ᠎ᠳᠠᠭᠠᠨ ᠮᠣᠷᠳᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠬᠡᠷᠡᠭ᠌ᠲᠡᠢ᠃ ᠰᠢ ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠭᠦᠨᠵᠡᠭᠡᠢ ᠣᠢᠯᠠᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠬᠤ ᠪᠣᠯ ᠨᠠᠮ ᠪᠣᠯᠤᠨ ᠤᠯᠤᠰ᠎ᠤᠨ ᠢᠷᠡᠭᠡᠳᠦᠢ ᠵᠢᠨ ᠬᠤᠪᠢ ᠵᠠᠶᠠᠭ᠎ᠠ᠂ ᠨᠠᠮ ᠪᠣᠯᠤᠨ ᠠᠷᠠᠳ ᠲᠦᠮᠡᠨ᠎ᠦ ᠦᠢᠯᠡᠰ᠎ᠦᠨ ᠢᠯᠠᠵᠤ ᠢᠯᠠᠭ᠍ᠳᠠᠬᠤ᠎ᠳᠤ ᠬᠣᠯᠪᠣᠭ᠍ᠳᠠᠬᠤ ᠦᠨᠳᠦᠰᠦᠨ ᠴᠢᠨᠠᠷᠲᠠᠢ ᠠᠰᠠᠭᠤᠳᠠᠯ ᠪᠣᠯᠤᠨ᠎ᠠ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠵᠤ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠶᠤᠮ᠂ ᠡᠷᠬᠡᠪᠰᠢ ᠭᠣᠣᠯᠯᠠᠭ᠍ᠴᠢ᠎ᠳᠠᠭᠠᠨ ᠦᠨᠡᠨᠴᠢ ᠱᠢᠳᠤᠷᠭᠤ᠂ ᠭᠣᠣᠯᠯᠠᠭ᠍ᠴᠢ᠎ᠪᠠᠨ ᠬᠦᠷᠢᠶᠡᠯᠡᠬᠦ᠌᠂ ᠭᠣᠣᠯᠯᠠᠭ᠍ᠴᠢ᠎ᠪᠠᠨ ᠰᠠᠬᠢᠬᠤ᠂ ᠭᠣᠣᠯᠯᠠᠭ᠍ᠴᠢ᠎ᠪᠠᠨ ᠬᠠᠮᠠᠭᠠᠯᠠᠬᠤ ᠤᠯᠤᠰ ᠲᠦᠷᠦ᠍᠎ᠶ᠋ᠢᠨ ᠤᠬᠠᠮᠰᠠᠷ᠎ᠢᠶᠠᠨ ᠪᠠᠲᠤᠳᠭᠠᠬᠤ ᠬᠡᠷᠡᠭ᠌ᠲᠡᠢ᠃
ᠥᠩᠭᠡᠷᠡᠭ᠌ᠰᠡᠨ ᠲᠠᠪᠤᠨ ᠵᠢᠯ᠎ᠦᠨ ᠣᠯᠤᠭ᠍ᠰᠠᠨ ᠠᠮᠵᠢᠯᠲᠠ ᠪᠦᠲᠦᠮᠵᠢ᠎ᠠᠴᠠ ᠴᠢᠷᠮᠠᠢᠬᠤ ᠴᠢᠭ᠌ᠯᠡᠯ᠎ᠢᠶᠡᠨ ᠲᠣᠳᠣᠷᠬᠠᠢ ᠪᠣᠯᠭᠠᠪᠠ᠃ ᠥᠩᠭᠡᠷᠡᠭ᠌ᠰᠡᠨ ᠲᠠᠪᠤᠨ ᠵᠢᠯ᠎ᠳᠦ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠲᠦ ᠣᠯᠤᠭ᠍ᠰᠠᠨ ᠠᠯᠢ ᠤᠯᠠᠨ ᠠᠮᠵᠢᠯᠲᠠ ᠪᠦᠲᠦᠮᠵᠢ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠬᠦᠴᠦᠷᠬᠡᠭ ᠶᠡᠬᠡ ᠦᠨᠡᠨ ᠶᠣᠰᠣᠨ᠎ᠤ ᠬᠦᠴᠦᠨ ᠪᠣᠯᠤᠨ ᠦᠢᠯᠡᠳᠦᠯᠭᠡ᠎ᠶ᠋ᠢᠨ ᠠᠤᠭ᠎ᠠ ᠬᠦᠴᠦᠨ᠎ᠢ ᠭᠦᠢᠴᠡᠳ ᠢᠯᠡᠷᠡᠭᠦᠯᠵᠦ᠍᠂ ᠪᠢᠳᠡᠨ᠎ᠳᠦ ᠬᠠᠮᠤᠭ᠎ᠤᠨ ᠴᠢᠬᠤᠯᠠ ᠲᠤᠷᠱᠢᠯᠭ᠎ᠠ ᠰᠡᠩᠬᠡᠷᠡᠭᠦᠯᠦᠯ ᠥᠭ᠌ᠴᠡᠢ᠄ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠵᠦ᠍᠂ ᠥᠪᠥᠷ ᠮᠣᠩᠭᠣᠯ᠎ᠤᠨ ᠶᠠᠪᠤᠳᠠᠯ᠎ᠢ ᠰᠠᠢᠲᠤᠷ ᠬᠢᠬᠦ᠌᠎ᠶ᠋ᠢᠨ ᠬᠠᠮᠤᠭ᠎ᠤᠨ ᠦᠨᠳᠦᠰᠦᠨ ᠨᠢᠭᠡ ᠵᠦᠢᠯ ᠪᠣᠯ ᠳᠠᠷᠤᠢ ᠢᠮᠠᠭ᠍ᠲᠠ ᠤᠬᠠᠮᠰᠠᠷ᠎ᠠᠴᠠ᠎ᠪᠠᠨ ᠨᠠᠮ᠎ᠤᠨ ᠲᠥᠪ ᠬᠤᠷᠢᠶ᠎ᠡ᠎ᠲᠠᠶ ᠬᠠᠷᠭᠤᠭᠤᠯᠤᠨ ᠦᠵᠡᠵᠦ᠍ ᠂ ᠢᠮᠠᠭ᠍ᠲᠠ 《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠬᠦ᠌ ᠶᠠᠪᠤᠳᠠᠯ ᠪᠣᠯᠤᠨ᠎ᠠ᠃ ᠡᠢᠮᠦ᠍᠎ᠡᠴᠡ ᠢᠷᠡᠭᠡᠳᠦᠢ᠎ᠶ᠋ᠢᠨ ᠲᠠᠪᠤᠨ ᠵᠢᠯ᠎ᠦᠨ ᠠᠵᠢᠯ᠎ᠢ ᠰᠠᠢᠲᠤᠷ ᠬᠢᠬᠦ᠌᠎ᠳᠦ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠬᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠨᠠᠮ᠎ᠤᠨ ᠡᠷᠡᠰ ᠴᠢᠩᠭ᠎ᠠ ᠤᠳᠤᠷᠢᠳᠤᠯᠭ᠎ᠠ᠎ᠶ᠋ᠢᠨ ᠳᠣᠣᠷ᠎ᠠ ᠡᠯ᠎ᠡ ᠵᠦᠢᠯ᠎ᠦᠨ ᠠᠵᠢᠯ ᠦᠢᠯᠡᠰ᠎ᠢᠶᠡᠨ ᠦᠷᠭᠦᠯᠵᠢᠯᠡᠨ ᠤᠷᠤᠭ᠍ᠰᠢᠯᠠᠭᠤᠯᠬᠤ ᠬᠡᠷᠡᠭ᠌ᠲᠡᠢ᠃ ᠡᠭᠦᠨ᠎ᠦ ᠬᠠᠮᠲᠤ ᠲᠤᠯᠭᠠᠷᠠᠵᠤ ᠪᠠᠢᠭ᠎ᠠ ᠠᠰᠠᠭᠤᠳᠠᠯ ᠪᠠ ᠬᠦᠴᠢᠷᠳᠡᠯ᠎ᠦᠨ ᠲᠤᠬᠠᠢ ᠰᠡᠷᠭᠡᠭ ᠲᠠᠨᠢᠯᠲᠠ᠎ᠲᠠᠶ ᠪᠠᠢᠬᠤ ᠬᠡᠷᠡᠭ᠌ᠲᠡᠢ᠂ ᠵᠢᠱ᠌ᠢᠶᠡᠯᠡᠪᠡᠯ᠂ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠬᠤᠪᠢᠷᠠᠭᠤᠯᠬᠤ᠂ ᠠᠮᠢ ᠠᠬᠤᠢ᠎ᠶ᠋ᠢᠨ ᠣᠷᠴᠢᠨ ᠨᠥᠬᠥᠴᠡᠯ᠎ᠦᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠤᠯᠠᠨ ᠨᠡᠢᠲᠡ᠎ᠶ᠋ᠢᠨ ᠦᠢᠯᠡᠴᠢᠯᠡᠭᠡ᠂ ᠨᠡᠢᠭᠡᠮ᠎ᠦᠨ ᠵᠠᠰᠠᠯᠲᠠ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠢᠭᠤᠯᠤᠯᠲᠠ ᠵᠡᠷᠭᠡ ᠲᠠᠯ᠎ᠠ᠎ᠪᠠᠷ ᠪᠠᠰᠠ ᠵᠠᠷᠢᠮ ᠠᠰᠠᠭᠤᠳᠠᠯ ᠣᠷᠣᠱᠢᠵᠤ ᠪᠠᠢᠨ᠎ᠠ᠃ ᠡᠨᠡ ᠨᠢ ᠳᠠᠷᠤᠢ ᠪᠢᠳᠡᠨ᠎ᠳᠦ ᠭᠦᠢᠴᠡᠳ ᠲᠠᠨᠢᠯᠲᠠ ᠪᠠ ᠪᠡᠯᠡᠳᠭᠡᠯ᠎ᠲᠡᠶ ᠪᠠᠢᠬᠤ᠎ᠶ᠋ᠢ ᠱᠠᠭᠠᠷᠳᠠᠪᠠ᠂ ᠢᠩᠬᠢᠪᠡᠯ ᠰᠠᠶᠢ ᠤᠷᠤᠭ᠍ᠰᠢᠯᠠᠯᠲᠠ᠎ᠶ᠋ᠢᠨ ᠴᠢᠭ᠌ᠯᠡᠯ᠎ᠢᠶᠡᠨ ᠤᠯᠠᠮ ᠴᠢᠨᠠᠭ᠍ᠰᠢᠳᠠ ᠲᠣᠳᠣᠷᠬᠠᠢᠯᠠᠵᠤ᠂ ᠰᠠᠶᠢ ᠱᠢᠨ᠎ᠡ ᠴᠠᠭ ᠦᠶ᠎ᠡ ᠳ᠋ᠤ ᠱᠢᠨ᠎ᠡ ᠠᠶᠠᠨ᠎ᠳᠠᠭᠠᠨ ᠯᠠᠪᠳᠠᠭᠤᠨ ᠲᠣᠭ᠍ᠲᠠᠭᠤᠨ ᠬᠤᠯᠠ ᠠᠶᠠᠯᠠᠵᠤ ᠴᠢᠳᠠᠨ᠎ᠠ᠃
ᠦᠷᠭᠦᠯᠵᠢᠯᠡᠨ ᠲᠡᠮᠡᠴᠡᠬᠦ᠌ ᠳᠤᠮᠳᠠ ᠨᠠᠩ ᠶᠡᠬᠡ ᠱᠢᠨ᠎ᠡ ᠢᠯᠠᠯᠲᠠ᠎ᠶ᠋ᠢ ᠲᠡᠮᠡᠴᠡᠨ ᠣᠯᠤᠶ᠎ᠠ
ᠪᠢᠳᠡ ᠥᠩᠭᠡᠷᠡᠭ᠌ᠰᠡᠨ ᠲᠠᠪᠤᠨ ᠵᠢᠯ᠎ᠳᠦ ᠣᠯᠤᠭ᠍ᠰᠠᠨ ᠠᠮᠵᠢᠯᠲᠠ ᠪᠦᠲᠦᠮᠵᠢ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠪᠦᠬᠦ᠌ ᠲᠠᠯ᠎ᠠ᠎ᠪᠠᠷ ᠣᠨᠣᠪᠴᠢᠲᠠᠢ ᠲᠠᠨᠢᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡ᠎ᠡᠴᠡ ᠤᠶᠤᠨ ᠤᠬᠠᠭᠠᠨ ᠪᠠ ᠡᠷᠴᠢ ᠬᠦᠴᠦᠨ ᠣᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠢᠲᠡᠭᠡᠯ ᠵᠣᠷᠢᠭ᠎ᠢᠶᠠᠨ ᠪᠠᠲᠤᠳᠭᠠᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭ᠍ᠰᠢᠯᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠶ᠋ᠢᠨ ᠲᠥᠯᠥᠭᠡ ᠲᠡᠮᠡᠴᠡᠬᠦ ᠬᠡᠷᠡᠭᠳᠡᠢ᠃
ᠤᠬᠠᠮᠰᠠᠷ᠎ᠠᠴᠠ᠎ᠪᠠᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠠᠵᠢᠯᠯᠠᠭᠠᠨ᠎ᠤ ᠵᠦᠭ᠌ᠯᠡᠭᠦᠷ ᠪᠣᠯᠭᠠᠬᠤ ᠬᠡᠷᠡᠭ᠌ᠲᠡᠶ᠃ ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠪᠣᠯᠤᠨ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ ᠪᠣᠯ ᠨᠠᠮ ᠪᠣᠯᠤᠨ ᠤᠯᠤᠰ᠎ᠤᠨ ᠢᠷᠡᠭᠡᠳᠦᠢ ᠬᠤᠪᠢ ᠵᠠᠶᠠᠭ᠎ᠠ᠂ ᠨᠠᠮ ᠪᠣᠯᠤᠨ ᠠᠷᠠᠳ ᠲᠦᠮᠡᠨ᠎ᠦ ᠦᠢᠯᠡᠰ᠎ᠦᠨ ᠢᠯᠠᠵᠤ ᠢᠯᠠᠭ᠍ᠳᠠᠬᠤ᠎ᠳᠤ ᠬᠣᠯᠪᠣᠭ᠍ᠳᠠᠬᠤ ᠦᠨᠳᠦᠰᠦᠨ ᠴᠢᠨᠠᠷᠲᠠᠢ ᠠᠰᠠᠭᠤᠳᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠣᠣᠯ ᠰᠡᠳᠦᠪ ᠪᠣᠯ᠄ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠦ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠠᠴᠠ ᠣᠶᠤᠨ ᠤᠬᠠᠭᠠᠨ ᠪᠠ ᠡᠷᠴᠢ ᠬᠦᠴᠤᠡ ᠰᠢᠩᠭᠡᠭᠡᠵᠦ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠂ ᠡᠭᠦᠷᠭᠡ᠎ᠬᠠᠷᠢᠭᠤᠴᠠᠯᠭ᠎ᠠ ᠵᠢ ᠵᠣᠷᠢᠭ᠍ᠲᠠᠶ ᠡᠭᠦᠷᠭᠡᠯᠡᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠴᠥᠬᠥᠷᠡᠰᠢ ᠦᠭᠡᠢ ᠪᠠᠲᠤ ᠴᠣᠭ᠍ᠴᠠᠯᠠᠵᠦ᠂ ᠠᠮᠢ ᠠᠬᠤᠶ᠎ᠶ᠋ᠢ ᠣᠷᠢᠳ ᠵᠢᠡᠷ ᠪᠣᠳᠣᠯᠬᠢᠯᠠᠬᠣ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠡᠷᠡᠰ ᠭᠣᠢᠪᠢᠰᠢ ᠦᠬᠡᠢ ᠵᠠᠮᠨᠠᠵᠦ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶ᠋ᠢ ᠲᠦᠷᠭᠡᠳᠭᠡᠨ ᠪᠠᠢᠭᠤᠯᠵᠦ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠶᠠᠪᠤᠳᠠᠯ ᠪᠤᠯᠤᠨ᠎ᠠ᠃ ᠡᠨᠡ ᠬᠦ᠌ ᠭᠣᠣᠯ ᠰᠡᠳᠦᠪ ᠨᠢ ᠵᠢᠯᠣᠭᠣᠳᠭᠤ ᠦᠵᠡᠯ ᠰᠠᠨᠠᠭ᠎ᠠ᠂ ᠬᠥᠳᠡᠯᠭᠡᠬᠦ᠌ ᠬᠦᠴᠦᠨ᠎ᠦ ᠡᠬᠢ ᠪᠤᠯᠠᠭ᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠂ ᠲᠡᠮᠡᠴᠡᠬᠦ᠌ ᠬᠠᠷᠠᠯᠲᠠ ᠵᠡᠷᠭᠡ ᠠᠭᠤᠯᠤᠭ᠍ᠳᠠᠬᠤᠨ ᠴᠢᠬᠤᠯᠠ ᠠᠭᠤᠯᠭ᠎ᠠ᠎ᠶ᠋ᠢ ᠲᠣᠳᠣᠷᠬᠠᠢ ᠳᠤᠷᠠᠳᠴᠤ᠌᠂ ᠬᠣᠢᠱᠢᠳᠠ᠎ᠶ᠋ᠢᠨ ᠲᠠᠪᠤᠨ ᠵᠢᠯ᠎ᠦᠨ ᠬᠠᠷᠠᠯᠲᠠ ᠱᠠᠭᠠᠷᠳᠠᠯᠭ᠎ᠠ᠂ ᠭᠣᠣᠯ ᠡᠭᠦᠷᠭᠡ ᠪᠣᠯᠤᠨ ᠬᠥᠭ᠌ᠵᠢᠯᠲᠡ᠎ᠶ᠋ᠢᠨ ᠠᠷᠭ᠎ᠠ ᠬᠡᠮᠵᠢᠶ᠎ᠡ᠎ᠶ᠋ᠢ ᠱᠢᠰᠲ᠋ᠧᠮ᠎ᠲᠡᠶ ᠲᠥᠯᠥᠪᠵᠢᠭᠦᠯᠵᠦ᠍᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠠᠯᠪᠢᠵᠤ ᠪᠠᠢᠭ᠎ᠠ ᠨᠠᠨᠳᠢᠨ ᠬᠦᠰᠡᠯ ᠨᠠᠢᠳᠠᠯᠭ᠎ᠠ ᠪᠣᠯᠤᠨ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠢᠯᠡᠷᠡᠭᠦᠯᠵᠦ᠍᠂ ᠬᠥᠭ᠌ᠵᠢᠯᠲᠡ᠎ᠶ᠋ᠢᠨ ᠪᠣᠭᠣᠮᠢ ᠪᠣᠯᠤᠨ ᠬᠦᠴᠢᠷ ᠠᠰᠠᠭᠤᠳᠠᠯ᠎ᠢ ᠣᠨᠣᠪᠴᠢᠲᠠᠢ ᠱᠢᠢᠳᠪᠦᠷᠢᠯᠡᠵᠦ᠍᠂ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠤᠢ ᠪᠣᠯᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠥᠨ ᠳᠠᠭᠠᠭᠤᠯᠬᠤ ᠠᠵᠢᠯᠯᠠᠭᠠᠨ᠎ᠤ ᠬᠥᠲᠥᠯᠪᠦᠷᠢ ᠪᠣᠯᠤᠨ᠎ᠠ᠂ ᠪᠢᠳᠡ ᠠᠵᠢᠯ᠎ᠤᠨ ᠳᠤᠮᠳᠠ᠎ᠪᠠᠨ ᠨᠠᠢᠳᠠᠪᠤᠷᠢᠵᠢᠭᠤᠯᠵᠤ᠂ ᠠᠵᠢᠯᠯᠠᠭ᠎ᠠ ᠳᠡᠭᠡᠷ᠎ᠡ᠎ᠪᠡᠨ ᠢᠯᠡᠷᠡᠭᠦᠯᠪᠡᠯ ᠰᠠᠶᠢ ᠨᠡᠩ ᠶᠡᠬᠡ ᠱᠢᠨ᠎ᠡ ᠢᠯᠠᠯᠲᠠ᠎ᠶ᠋ᠢ ᠣᠯᠵᠤ ᠴᠢᠳᠠᠨ᠎ᠠ᠃
ᠨᠠᠮ ᠪᠠ ᠤᠯᠤᠰ᠎ᠠᠴᠠ ᠥᠪᠥᠷ ᠮᠣᠩᠭᠣᠯ᠎ᠳᠤ ᠣᠯᠭᠣᠭ᠍ᠰᠠᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠦᠨᠡᠨ ᠬᠦ᠌ ᠡᠭᠦᠷᠭᠡᠯᠡᠬᠦ ᠬᠡᠷᠡᠭᠳᠡᠢ᠃ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ᠂ ᠥᠪᠥᠷ ᠮᠣᠩᠭᠣᠯ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠪᠣᠯ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ 《ᠬᠣᠶᠠᠷ ᠬᠠᠯᠬᠠᠪᠴᠢ 》᠂ 《ᠬᠣᠶᠠᠷ ᠰᠠᠭᠤᠷᠢᠨ》 ᠂ 《 ᠨᠢᠭᠡ ᠪᠡᠬᠢᠯᠡᠯᠲᠡ》 ᠵᠢ ᠲᠦᠷᠭᠡᠳᠭᠡᠨ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠡ ᠡᠴᠡ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠲᠠᠯᠪᠢᠭ᠍ᠰᠠᠨ ᠨᠠᠨᠳᠢᠨ ᠬᠦᠰᠡᠯ ᠪᠣᠯᠤᠨ᠎ᠠ᠂ ᠥᠪᠥᠷ ᠮᠣᠩᠭᠣᠯ᠎ᠤᠨ ᠢᠷᠡᠭᠡᠳᠦᠢ᠎ᠶ᠋ᠢᠨ ᠲᠠᠪᠤᠨ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠵᠢᠯ᠎ᠤᠨ ᠱᠠᠭᠠᠷᠳᠠᠯᠭ᠎ᠠ ᠪᠣᠯᠬᠤ ᠪᠥᠭᠡᠳ ᠪᠠᠰᠠ ᠲᠤᠢᠯ᠎ᠤᠨ ᠴᠢᠬᠤᠯᠠ ᠤᠯᠤᠰ ᠲᠦᠷᠦ᠍᠎ᠶ᠋ᠢᠨ ᠱᠠᠭᠠᠷᠳᠠᠯᠭ᠎ᠠ ᠪᠣᠯᠤᠨ᠎ᠠ᠃
ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠬᠠᠩᠭᠠᠬᠣ ᠬᠡᠷᠡᠭᠳᠡᠢ᠃ ᠠᠷᠠᠳ ᠲᠦᠮᠡᠨ᠎ᠦ ᠵᠣᠭ᠍ᠰᠣᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠨ ᠤᠯᠤᠰ ᠲᠦᠷᠦ᠍᠎ᠶ᠋ᠢᠨ ᠵᠣᠭ᠍ᠰᠣᠯᠲᠠ ᠮᠥᠨ᠃ ᠱᠢᠨ᠎ᠡ ᠠᠶᠠᠨ᠎ᠳᠤ᠂ ᠪᠢᠳᠡ ᠨᠠᠮ ᠪᠣᠯᠤᠨ ᠤᠯᠤᠰ᠎ᠠᠴᠠ ᠳᠠᠭᠠᠭᠠᠯᠭᠠᠭ᠍ᠰᠠᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢ ᠡᠭᠦᠷᠭᠡᠯᠡᠵᠦ᠍ ᠪᠠᠢᠬᠤ᠎ᠪᠠᠷ ᠪᠠᠷᠠᠬᠤ ᠥᠬᠡᠶ᠂ ᠪᠠᠰᠠ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠨᠠᠩ ᠰᠠᠢᠲᠤᠷ ᠬᠠᠩᠭᠠᠬᠤ ᠬᠡᠷᠡᠭ᠌ᠲᠡᠶ᠃ ᠪᠢᠳᠡ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠵᠤ᠂ ᠭᠦᠨ ᠵᠤᠵᠠᠭᠠᠨ ᠤᠯᠤᠰ᠎ᠤᠨ ᠰᠡᠳᠭᠢᠯᠭᠡ᠂ ᠠᠷᠠᠳ ᠲᠦᠮᠡᠨ᠎ᠦ ᠰᠡᠳᠭᠢᠯᠭᠡ᠎ᠶ᠋ᠢ ᠡᠪᠦᠷᠯᠡᠨ᠂ ᠠᠷᠠᠳ ᠲᠦᠮᠡᠨ᠎ᠦ ᠬᠦᠷᠢᠶᠡᠯᠡᠬᠦ᠌ ᠡᠰᠡᠬᠦ᠌᠂ ᠵᠥᠪᠱᠢᠶᠡᠷᠡᠬᠦ᠌ ᠡᠰᠡᠬᠦ᠌᠂ ᠪᠠᠶᠠᠷᠯᠠᠬᠤ ᠡᠰᠡᠬᠦ᠌᠂ ᠬᠦᠯᠢᠶᠡᠬᠦ᠌ ᠡᠰᠡᠬᠦ᠌᠎ᠪᠡᠷ ᠠᠯᠢᠪᠠ ᠠᠵᠢᠯ᠎ᠤᠨ ᠣᠯᠵᠤ ᠠᠯᠳᠠᠬᠤ᠎ᠶ᠋ᠢ ᠬᠡᠮᠵᠢᠬᠦ᠌ ᠦᠨᠳᠦᠰᠦᠨ ᠪᠠᠷᠢᠮᠵᠢᠶ᠎ᠠ ᠪᠣᠯᠭᠠᠬᠤ ᠬᠡᠷᠡᠭ᠌ᠲᠡᠢ᠃ ᠰᠠᠭᠤᠷᠢ᠎ᠪᠠᠨ ᠪᠡᠬᠢᠵᠢᠭᠦᠯᠬᠦ᠌᠂ ᠳᠠᠪᠠᠭᠤᠯᠢᠭ᠎ᠢᠶᠠᠨ ᠪᠠᠳᠠᠷᠠᠭᠤᠯᠬᠤ᠂ ᠳᠤᠲᠠᠭᠤᠳᠠᠯ᠎ᠢᠶᠠᠨ ᠨᠥᠬᠥᠪᠥᠷᠢᠯᠡᠬᠦ᠌᠂ ᠪᠠᠭᠤᠷᠠᠢ ᠲᠠᠯ᠎ᠠ᠎ᠪᠠᠨ ᠬᠦᠴᠦᠷᠬᠡᠭ᠌ᠵᠢᠭᠦᠯᠬᠦ᠌᠎ᠪᠡᠷ ᠬᠦᠴᠦᠯᠡᠵᠦ᠍ ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠲᠠᠰᠤᠷᠠᠯᠳᠠ ᠦᠭᠡᠢ ᠰᠠᠢᠲᠤᠷ ᠱᠢᠢᠳᠪᠦᠷᠢᠯᠡᠵᠦ᠍᠂ ᠪᠦᠬᠦ᠌ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭ᠌ᠵᠢᠬᠦ᠌ ᠦᠷᠳᠡᠭ᠎ᠦᠨ ᠬᠥᠭᠡᠭᠡᠴᠡᠯᠳᠦᠯ᠎ᠢ ᠪᠡᠶᠡᠯᠡᠭᠦᠯᠬᠦ᠌᠎ᠶ᠋ᠢ ᠪᠠᠷᠢᠮᠲᠠᠯᠠᠵᠤ᠂ ᠠᠷᠠᠳ ᠤᠯᠠᠨ᠎ᠤ ᠬᠠᠮᠤᠭ᠎ᠠᠴᠠ ᠠᠩᠬᠠᠷᠴᠤ᠌ ᠪᠠᠢᠭ᠎ᠠ᠂ ᠬᠠᠮᠤᠭ᠎ᠤᠨ ᠱᠢᠭᠤᠳ᠂ ᠬᠠᠮᠤᠭ᠎ᠤᠨ ᠪᠣᠳᠠᠲᠠᠢ ᠠᠱᠢᠭ ᠲᠤᠰᠠ᠎ᠶ᠋ᠢᠨ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠴᠢᠨᠠᠭ᠍ᠰᠢᠳᠠ ᠨᠡᠮᠡᠭ᠌ᠳᠡᠭᠦᠯᠵᠦ᠍᠂ ᠠᠷᠠᠳ ᠤᠯᠠᠨ᠎ᠤ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ ᠪᠣᠯᠤᠨ ᠬᠦᠷᠲᠡᠮᠵᠢ᠎ᠶ᠋ᠢᠨ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ᠃
ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠤᠷᠤᠭ᠍ᠰᠠᠨ᠎ᠤ ᠳᠠᠷᠠᠭ᠎ᠠ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠠᠷᠠᠯᠲᠠ᠎ᠳᠤ ᠲᠡᠦᠬᠡ᠎ᠶ᠋ᠢᠨ ᠠᠯᠢ ᠴᠤ᠌ ᠦᠶ᠎ᠡ᠎ᠡᠴᠡ ᠢᠯᠡᠭᠦᠦ ᠣᠢᠷᠠᠳᠪᠠ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠠᠪᠠᠯᠭᠠᠨ᠎ᠢ ᠰᠦᠷᠦᠨ ᠤᠷᠤᠭ᠍ᠰᠢᠯᠠᠵᠤ᠂ ᠪᠦᠯᠬᠦᠮᠳᠡᠨ ᠨᠢᠭᠡᠳᠴᠦ᠍ ᠡᠷᠡᠮᠡᠬᠡᠢᠯᠡᠨ ᠤᠷᠤᠭ᠍ᠰᠢᠯᠠᠵᠤ᠂ ᠦᠷᠭᠦᠯᠵᠢᠯᠡᠨ ᠲᠡᠮᠡᠴᠡᠬᠦ᠌ ᠳᠤᠮᠳᠠ ᠥᠪᠥᠷ ᠮᠣᠩᠭᠣᠯ᠎ᠤᠨ ᠡᠭᠦᠷᠭᠡᠯᠡᠯ᠎ᠢ ᠢᠯᠡᠷᠡᠭᠦᠯᠵᠦ᠍᠂ ᠥᠪᠥᠷ ᠮᠣᠩᠭᠣᠯ᠎ᠤᠨ ᠬᠦᠴᠦᠨ ᠴᠢᠳᠠᠯ᠎ᠢ ᠡᠷᠭᠦᠵᠦ᠍᠂ ᠥᠪᠥᠷ ᠮᠣᠩᠭᠣᠯ᠎ᠤᠨ ᠴᠤᠭ ᠵᠢᠪᠬᠤᠭ᠎ᠠ᠎ᠶ᠋ᠢ ᠪᠠᠳᠠᠷᠠᠭᠤᠯᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠰᠤᠷᠠᠯᠳᠠ ᠦᠭᠡᠢ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠵᠦ᠍ ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ᠃
(ᠵᠣᠬᠢᠶᠠᠭ᠍ᠴᠢ᠄ ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠦᠨ ᠰᠤᠳᠤᠯᠭᠠᠨ᠎ᠤ ᠲᠥᠪ )