ᠠᠵᠢᠯ ᠤ᠋ᠨ ᠶᠠᠪᠤᠴᠠ ᠵᠢ ᠤᠯᠠᠮ ᠨᠢᠭᠡ ᠠᠯᠬᠤᠮ ᠱᠢᠯᠢᠳᠡᠭ᠌ᠵᠢᠭᠦᠯᠬᠦ᠌᠂
ᠴᠠᠭ᠎ᠢ ᠪᠣᠭᠣᠨᠢᠰᠭᠠᠬᠤ᠂ ᠥᠪᠡᠷ᠎ᠦᠨ ᠥᠷᠲᠡᠭ᠎ᠢ ᠪᠠᠭᠤᠷᠠᠭᠤᠯᠬᠤ᠂ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌
ᠵᠡᠷᠭᠡ 4 ᠲᠠᠯ᠎ᠠ᠎ᠶ᠋ᠢᠨ ᠭᠤᠤᠯ ᠠᠵᠢᠯ᠎ᠤᠨ ᠲᠣᠭᠣᠷᠢᠨ᠎ᠳᠤ᠂ ᠬᠥᠬᠡᠬᠣᠲᠠ ᠪᠣᠭᠣᠮᠲᠠ᠎ᠠᠴᠠ
ᠪᠣᠭᠣᠮᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠨᠠᠷᠢᠯᠢᠭ᠍ᠵᠢᠭᠤᠯᠤᠨ ᠱᠢᠯᠢᠳᠡᠭ᠌ᠵᠢᠭᠦᠯᠵᠦ᠍
ᠬᠢᠯᠢ ᠠᠯᠤᠰᠯᠠᠭ᠍ᠰᠠᠨ ᠠᠷᠠᠯᠵᠢᠶᠠᠨ᠎ᠤ ᠳᠥᠭᠥᠮᠴᠢᠯᠡᠯᠲᠡ᠎ᠶ᠋ᠢ ᠠᠬᠢᠭᠤᠯᠬᠤ 39 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠰᠤᠳᠤᠯᠵᠤ᠂ ᠪᠣᠭᠣᠮᠲᠠ ᠥᠩᠭᠡᠷᠡᠬᠦ᠌ ᠭᠣᠭ᠍ᠴᠣᠭ᠎ᠠ᠎ᠳᠤ
ᠠᠵᠤ ᠠᠬᠤᠢᠯᠠᠯ᠎ᠤᠨ ᠬᠠᠩᠭᠠᠬᠤ ᠪᠤᠶᠤ ᠲᠤᠱᠢᠶᠠᠬᠤ ᠴᠢᠬᠤᠯᠠᠲᠠᠶ ᠳᠠᠭᠠᠯᠳᠤᠭᠤᠯᠤᠯ ᠪᠠᠷᠢᠮᠲᠠ᠎ᠶ᠋ᠢ ᠳᠥᠭᠥᠮᠴᠢᠯᠡᠵᠦ᠍
᠂ 《ᠬᠢᠯᠢ᠎ᠪᠡᠷ ᠣᠷᠣᠬᠤ ᠪᠠᠷᠠᠭ᠎ᠠ᠎ᠶ᠋ᠢ ᠱᠢᠯᠭᠠᠨ ᠪᠠᠢᠴᠠᠭᠠᠬᠤ ᠬᠢᠵᠢᠭ ᠪᠠᠢᠴᠠᠭᠠᠬᠤ ᠭᠡᠷᠡᠴᠢ》ᠵᠡᠷᠭᠡ᠎ᠶ᠋ᠢ
ᠣᠯᠠᠨ ᠤᠯᠤᠰ᠎ᠤᠨ ᠠᠷᠠᠯᠵᠢᠶᠠᠨ᠎ᠤ《ᠨᠢᠭᠡ ᠴᠣᠩᠬᠣᠪᠴᠢ》᠎ᠪᠠᠷ ᠳᠠᠮᠵᠢᠭᠤᠯᠤᠨ
ᠰᠦᠯᠵᠢᠶᠡᠨ ᠳᠡᠭᠡᠷ᠎ᠡ ᠭᠥᠯᠢᠶᠡᠨ ᠠᠪᠴᠤ᠌ ᠱᠢᠶ᠋ᠳᠪᠦᠷᠢᠯᠡᠬᠦ᠌᠂ ᠡᠯᠧᠺᠲ᠋ᠷᠣᠨ᠎ᠢᠶᠠᠷ ᠭᠠᠷᠤᠨ ᠥᠰᠥᠭ ᠵᠢᠷᠤᠵᠤ
ᠶᠠᠪᠤᠭᠤᠯᠬᠤ᠂ ᠪᠠᠢᠴᠠᠭᠠᠨ ᠯᠠᠪᠯᠠᠵᠤ ᠨᠡᠬᠡᠮᠵᠢᠯᠡᠬᠦ᠌ ᠪᠠ ᠠᠵᠤ ᠠᠬᠤᠢᠯᠠᠯ ᠥᠪᠡᠰᠦᠪᠡᠨ ᠳᠠᠷᠤᠮᠠᠯᠯᠠᠬᠤ᠎ᠶ᠋ᠢ
ᠳᠥᠯᠭᠢᠨ ᠠᠬᠢᠭᠤᠯᠵᠠᠢ ᠃
ᠡᠭᠦᠨ᠎ᠦ ᠬᠠᠮᠲᠤ᠂ 《ᠤᠶᠤᠨᠲᠤ ᠪᠣᠭᠣᠮᠲᠠ》᠎ᠳ᠋ᠤ ᠲᠦᠱᠢᠭ᠌ᠯᠡᠨ ᠪᠣᠭᠣᠮᠲᠠ᠎ᠪᠠᠷ ᠥᠩᠭᠡᠷᠡᠬᠦ᠌ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ
ᠳᠡᠭᠡᠭ᠌ᠰᠢᠯᠡᠭᠦᠯᠪᠡ᠃ ᠣᠳᠣᠬᠠᠨ᠎ᠳᠤ᠂ ᠣᠷᠣᠨ᠎ᠤ ᠳᠣᠲᠣᠷᠠᠬᠢ 5 ᠵᠠᠰᠠᠮᠠᠯ ᠵᠠᠮ᠎ᠤᠨ ᠬᠢᠯᠢ᠎ᠶ᠋ᠢᠨ ᠪᠣᠭᠣᠮᠲᠠ᠎ᠶ᠋ᠢ ᠪᠦᠬᠦᠨ᠎ᠢ ᠰᠦᠯᠵᠢᠶᠡᠨ᠎ᠳᠦ ᠭᠠᠷᠭᠠᠬᠤ ᠤᠶᠤᠨᠲᠤ
ᠪᠣᠭᠣᠮᠲᠠ᠎ᠶ᠋ᠢᠨ ᠱᠢᠰᠲ᠋ᠧᠮ᠎ᠨᠢ ᠠᠵᠤ ᠠᠬᠤᠢᠯᠠᠯ᠎ᠤᠨ ᠪᠣᠭᠣᠮᠲᠠ᠎ᠪᠠᠷ ᠥᠩᠭᠡᠷᠡᠬᠦ᠌ ᠴᠠᠭ᠎ᠤᠨ ᠥᠪᠡᠷ᠎ᠦᠨ ᠥᠷᠲᠡᠭ᠎ᠢ
ᠶᠡᠬᠡᠪᠡᠷ ᠪᠠᠭᠠᠰᠭᠠᠭ᠍ᠰᠠᠨ᠎ᠢᠶᠠᠷ ᠪᠠᠷᠠᠬᠤ ᠥᠬᠡᠶ᠂ ᠠᠵᠤ ᠠᠬᠤᠢᠯᠠᠯ᠎ᠤᠨ ᠪᠣᠭᠣᠮᠲᠠ᠎ᠪᠠᠷ ᠥᠩᠭᠡᠷᠡᠬᠦ᠌ ᠪᠠᠷᠠᠭᠠᠨ᠎ᠤ
ᠭᠦᠶ᠋ᠯᠭᠡᠭᠡ᠎ᠶ᠋ᠢᠨ ᠥᠪᠡᠷ᠎ᠦᠨ ᠥᠷᠲᠡᠭ᠎ᠢ ᠴᠦ᠍ ᠪᠦᠲᠦᠮᠵᠢᠲᠡᠶ ᠪᠠᠭᠤᠷᠠᠭᠤᠯᠵᠤ᠂ ᠠᠵᠤ ᠠᠬᠤᠢᠯᠠᠯ᠎ᠤᠨ ᠭᠠᠳᠠᠭᠠᠳᠤ᠎ᠠᠴᠠ
ᠣᠷᠣᠭᠤᠯᠬᠤ᠎ᠪᠠᠷ ᠮᠡᠳᠡᠭᠦᠯᠬᠦ᠌ ᠪᠠᠷᠠᠭᠠᠨ᠎ᠤ ᠴᠠᠭ᠎ᠢ ᠳᠤᠮᠳᠠᠴᠢ᠎ᠪᠠᠷ10 ᠮᠢᠨᠦ᠋ᠲ ᠪᠠᠢᠭ᠍ᠰᠠᠨ᠎ᠠᠴᠠ ᠳᠤᠮᠳᠠᠴᠢ᠎ᠪᠠᠷ1 ᠮᠢᠨᠦ᠋ᠲ ᠪᠣᠯᠭᠠᠨ ᠪᠣᠭᠣᠨᠢᠰᠭᠠᠵᠤ᠂ ᠠᠴᠢᠶᠠᠯᠠᠵᠤ
ᠪᠠᠭᠤᠯᠭᠠᠬᠤ᠂ ᠬᠥᠮᠥᠷᠭᠡᠯᠡᠨ ᠬᠠᠳᠠᠭᠠᠯᠠᠬᠤ ᠵᠡᠷᠭᠡ ᠥᠪᠡᠷ᠎ᠦᠨ ᠥᠷᠲᠡᠭ᠎ᠢ ᠬᠡᠯᠲᠦᠷᠢᠭᠦᠯᠪᠡ᠃ ᠡᠭᠦᠨ᠎ᠡᠴᠡ
ᠭᠠᠳᠠᠨ᠎ᠠ᠂ ᠤᠶᠤᠨᠲᠤ ᠪᠣᠭᠣᠮᠲᠠ ᠥᠩᠭᠡᠷᠡᠬᠦ᠌ ᠱᠢᠰᠲ᠋ᠧᠮ᠎ᠳᠦ ᠲᠦᠱᠢᠭ᠌ᠯᠡᠨ᠂ ᠨᠡᠭᠦᠷᠡᠰᠦ᠂ ᠲᠡᠮᠦᠷ᠎ᠦᠨ ᠬᠦᠳᠡᠷ᠎ᠤᠨ ᠪᠣᠭᠣᠮᠲᠠ ᠥᠩᠭᠡᠷᠡᠬᠦ᠌ ᠴᠠᠭ᠎ᠢ ᠶᠡᠬᠡᠪᠡᠷ ᠪᠣᠭᠣᠨᠢᠰᠭᠠᠵᠤ᠂ ᠨᠡᠭᠦᠷᠡᠰᠦᠨ᠎ᠦ ᠪᠣᠭᠣᠮᠲᠠ ᠥᠩᠭᠡᠷᠡᠬᠦ᠌
ᠴᠠᠭ᠎ᠢ 15 ᠮᠢᠨᠦ᠋ᠲ ᠪᠠᠢᠭ᠍ᠰᠠᠨ᠎ᠠᠴᠠ 20 ᠰᠧᠺᠦ᠋ᠨ᠋ᠳ᠋ ᠪᠣᠯᠭᠠᠨ ᠪᠣᠭᠣᠨᠢᠰᠭᠠᠵᠤ᠂ ᠲᠡᠮᠦᠷ᠎ᠦᠨ ᠬᠦᠳᠡᠷ᠎ᠦᠨ ᠪᠦᠬᠦᠢᠯᠡ ᠪᠣᠭᠣᠮᠲᠠ ᠥᠩᠭᠡᠷᠡᠬᠦ᠌
ᠴᠠᠭ᠎ᠢ 60% ᠭᠠᠷᠤᠶ᠎ᠪᠠᠷ ᠪᠣᠭᠣᠨᠢᠰᠭᠠᠪᠠ᠃
ᠡᠨᠡ ᠵᠢᠯ᠎ᠡᠴᠡ ᠨᠠᠭᠠᠰᠢ᠂ ᠬᠥᠬᠡᠬᠣᠲᠠ ᠪᠣᠭᠣᠮᠲᠠ ᠬᠢᠯᠢ᠎ᠶ᠋ᠢᠨ ᠪᠣᠭᠣᠮᠲᠠ᠎ᠶ᠋ᠢᠨ
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍ ᠬᠢᠯᠢ ᠠᠯᠤᠰᠯᠠᠭ᠍ᠰᠠᠨ ᠠᠷᠠᠯᠵᠢᠶᠠᠨ᠎ᠤ
ᠳᠥᠭᠥᠮᠴᠢᠯᠡᠯᠲᠡ᠎ᠶ᠋ᠢ ᠠᠬᠢᠭᠤᠯᠬᠤ ᠱᠢᠷᠢᠰ ᠠᠷᠭ᠎ᠠ ᠬᠡᠮᠵᠢᠶ᠎ᠡ ᠠᠪᠴᠤ᠌᠂ ᠬᠢᠯᠢ᠎ᠶ᠋ᠢᠨ ᠪᠣᠭᠣᠮᠲᠠ᠎ᠶ᠋ᠢᠨ ᠬᠤᠳᠠᠯᠳᠤᠭ᠎ᠠ
ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂
ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠬᠤ ᠠᠵᠤ ᠠᠬᠤᠢᠯᠠᠯ᠎ᠤᠨ ᠬᠠᠮᠤᠭ᠎ᠠᠴᠠ ᠠᠩᠬᠠᠷᠴᠤ᠌ ᠪᠠᠢᠭ᠎ᠠ《ᠡᠪᠡᠷᠱᠢᠶᠡᠯ᠂ ᠬᠦᠴᠢᠷᠳᠡᠯ᠂ ᠲᠦᠭ᠌ᠵᠢᠷᠡᠯ》 ᠤ᠋ᠨ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠨᠠᠷᠢᠨ ᠨᠢᠮᠪᠠᠶ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂
ᠨᠡᠭᠦᠷᠡᠰᠦ᠂ ᠲᠡᠮᠦᠷ᠎ᠦᠨ ᠬᠦᠳᠡᠷ ᠵᠡᠷᠭᠡ ᠦᠶ᠋ᠯᠡᠳᠬᠦᠨ᠎ᠦ ᠥᠨᠳᠥᠷ ᠪᠦᠲᠦᠮᠵᠢᠲᠡᠶ ᠳᠥᠭᠥᠮ ᠳᠥᠲᠡ᠎ᠪᠡᠷ ᠪᠣᠭᠣᠮᠲᠠ᠎ᠪᠠᠷ
ᠥᠩᠭᠡᠷᠡᠬᠦ᠌᠎ᠶ᠋ᠢ ᠦᠨᠡᠨ ᠬᠦ᠌ ᠪᠠᠲᠤᠯᠠᠪᠠ ᠃