ᠨᠠᠮ ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ ᠪᠣᠯ ᠮᠠᠨ᠎ᠤ ᠨᠠᠮ᠎ᠤᠨ ᠴᠢᠬᠤᠯᠠ ᠲᠡᠦᠬᠡᠨ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭᠤᠯᠤᠭ᠍ᠰᠠᠨ ᠨᠢᠭᠡ ᠤᠳᠠᠭᠠᠨ᠎ᠤ ᠴᠢᠬᠤᠯᠠ ᠶᠡᠬᠡ ᠲᠡᠦᠬᠡᠲᠦ ᠠᠴᠢ ᠬᠣᠯᠪᠣᠭ᠍ᠳᠠᠯ᠎ᠲᠠᠶ ᠬᠤᠷᠠᠯ ᠮᠥᠨ᠂ ᠪᠥᠬᠥᠳᠡ ᠬᠤᠷᠠᠯ᠎ᠤᠨ ᠬᠠᠮᠤᠭ᠎ᠤᠨ ᠴᠢᠬᠤᠯᠠ ᠦᠷ᠎ᠡ ᠪᠦᠲᠦᠭᠡᠯ ᠪᠣᠯ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》 ᠵᠢ ᠬᠢᠨᠠᠨ ᠵᠦᠪᠯᠡᠵᠥ ᠪᠠᠳᠤᠯᠠᠬᠰᠠᠨ ᠶᠠᠪᠤᠳᠠᠯ ᠪᠣᠯᠤᠨ᠎ᠠ᠂ ᠡᠨᠡ ᠪᠣᠯ ᠨᠠᠮ᠎ᠤᠨ ᠲᠡᠦᠬᠡᠨ ᠳᠡᠭᠡᠷᠡᠬᠢ ᠭᠤᠷᠪᠠᠳᠡᠬᠢ ᠲᠡᠦᠬᠡᠨ ᠰᠢᠢᠳᠪᠦᠷᠢ ᠪᠣᠯᠤᠨ᠎ᠠ᠃
ᠮᠠᠨ᠎ᠤ ᠨᠠᠮ ᠲᠡᠦᠬᠡᠨ ᠲᠤᠷᠱᠢᠯᠭ᠎ᠠ᠎ᠪᠠᠨ ᠳ᠋ᠦᠩᠨᠡᠬᠦ᠌᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭ᠍ᠰᠠᠭᠠᠷ ᠢᠷᠡᠪᠡ᠃ ᠴᠢᠬᠤᠯᠠ ᠲᠡᠦᠬᠡᠨ ᠴᠠᠭ ᠮᠥᠴᠡ ᠪᠠ ᠴᠢᠬᠤᠯᠠ ᠶᠡᠬᠡ ᠲᠡᠦᠬᠡᠨ ᠵᠠᠩᠭᠢᠯᠠᠭ᠎ᠠ᠎ᠶ᠋ᠢᠨ ᠦᠶ᠎ᠡ ᠪᠣᠯᠬᠤ ᠪᠦᠷᠢ ᠨᠠᠮ ᠴᠥᠮ ᠲᠡᠦᠬᠡ᠎ᠶ᠋ᠢ ᠡᠷᠬᠢᠴᠡᠬᠦᠯᠵᠥ᠂ ᠲᠤᠷᠱᠢᠯᠭ᠎ᠠ᠎ᠪᠠᠨ ᠳ᠋ᠦᠩᠨᠡᠨ᠂ ᠲᠡᠦᠬᠡ᠎ᠡᠴᠡ ᠤᠶᠤᠨ ᠤᠬᠠᠭᠠᠨ ᠪᠠ ᠬᠦᠴᠦᠨ ᠴᠢᠳᠠᠯ ᠱᠢᠩᠭᠡᠭᠡᠨ ᠠᠪᠳᠠᠭ᠃ ᠵᠠᠭᠤᠨ ᠵᠢᠯ᠎ᠦᠨ ᠲᠡᠦᠬᠡᠨ ᠶᠠᠪᠤᠴᠠ᠎ᠶ᠋ᠢ ᠡᠷᠬᠢᠴᠡᠬᠦᠯᠬᠦᠶ᠎ᠡ᠂ ᠮᠠᠨ᠎ᠤ ᠨᠠᠮ ᠨᠢᠭᠡᠨᠲᠡ ᠤᠷᠢᠳ ᠬᠣᠵᠢᠳ ᠭᠤᠷᠪᠠᠨ ᠲᠡᠦᠬᠡᠨ ᠱᠢᠢᠳᠪᠦᠷᠢ ᠲᠣᠭ᠍ᠲᠠᠭᠠᠯᠠ᠂ ᠡᠨᠡ ᠭᠤᠷᠪᠠᠨ ᠲᠡᠦᠬᠡᠨ ᠰᠢᠢᠳᠪᠦᠷᠢ ᠵᠢᠨ ᠭᠣᠣᠯ ᠠᠭᠤᠯᠭ᠎ᠠ ᠪᠠ ᠴᠢᠬᠤᠯᠠ ᠠᠴᠢ ᠬᠣᠯᠪᠣᠭ᠍ᠳᠠᠯ᠎ᠢ ᠲᠠ ᠮᠡᠳᠡᠨ᠎ᠡ ᠦᠦ?

1945 ᠣᠨ᠎ᠤ 4 ᠰᠠᠷ᠎ᠠ᠎ᠳᠦ ᠨᠠᠮ᠎ᠤᠨ ᠵᠢᠷᠭᠤᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠣᠯᠣᠳᠤᠭᠠᠷ ᠪᠥᠬᠥᠳᠡ ᠬᠤᠷᠠᠯ
《ᠬᠡᠳᠤᠨ ᠲᠡᠦᠬᠡᠨ ᠠᠰᠠᠭᠤᠳᠠᠯ᠎ᠤᠨ ᠲᠤᠬᠠᠶ ᠱᠢᠶ᠋ᠳᠪᠦᠷᠢ》
1945 ᠣᠨ᠎ᠳᠤ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠡᠴᠦᠰ᠎ᠦᠨ ᠢᠯᠠᠯᠲᠠ᠎ᠶ᠋ᠢ ᠲᠡᠮᠡᠴᠡᠨ ᠤᠯᠬᠤ ᠵᠠᠩᠭᠢᠯᠠᠭ᠎ᠠ᠎ᠶ᠋ᠢᠨ ᠦᠶ᠎ᠡ᠎ᠳᠦ᠂ ᠨᠠᠮ᠎ᠤᠨ ᠵᠢᠷᠭᠤᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠣᠯᠣᠳᠤᠭᠠᠷ ᠪᠥᠬᠥᠳᠡ ᠬᠤᠷᠠᠯ ᠡᠴᠡ《ᠬᠡᠳᠤᠨ ᠲᠡᠦᠬᠡᠨ ᠠᠰᠠᠭᠤᠳᠠᠯ᠎ᠤᠨ ᠲᠤᠬᠠᠶ ᠱᠢᠶ᠋ᠳᠪᠦᠷᠢ》᠎ᠶ᠋ᠢ ᠵᠠᠷᠴᠢᠮ ᠳᠡᠭᠡᠷ᠎ᠡ᠎ᠪᠡᠨ ᠪᠠᠲᠤᠯᠠᠪᠠ᠃
《ᠬᠡᠳᠤᠨ ᠲᠡᠦᠬᠡᠨ ᠠᠰᠠᠭᠤᠳᠠᠯ ᠤᠨ ᠲᠤᠬᠠᠶ ᠰᠢᠢᠳᠪᠦᠷᠢ》᠎ᠨᠢ ᠨᠠᠮ ᠪᠠᠢᠭᠤᠯᠤᠭ᠍ᠳᠠᠭ᠍ᠰᠠᠨ᠎ᠤ ᠲᠠᠷᠠᠭ᠎ᠠ ᠢᠯᠠᠩᠭᠤᠶ᠎ᠠ ᠨᠠᠮ᠎ᠤᠨ ᠵᠢᠷᠭᠤᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠡᠴᠡ ᠽᠦᠨ ᠢ ᠵᠢᠨ ᠬᠤᠷᠠᠯᠳᠤᠭᠠᠨ ᠬᠦᠷᠲᠡᠯᠡᠬᠢ ᠬᠤᠭᠤᠴᠠᠭᠠᠨ᠎ᠤ ᠨᠠᠮ᠎ᠤᠨ ᠲᠡᠦᠬᠡ ᠪᠣᠯᠤᠨ ᠲᠡᠭᠦᠨ᠎ᠦ ᠲᠤᠷᠱᠢᠯᠭ᠎ᠠ ᠰᠤᠷᠭᠠᠮᠵᠢ᠎ᠶ᠋ᠢ ᠳ᠋ᠦᠩᠨᠡᠨ᠂ ᠬᠡᠳᠤᠨ ᠲᠡᠦᠬᠡ᠎ᠶ᠋ᠢᠨ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠶ ᠳ᠋ᠦᠩᠨᠡᠯᠲᠡ ᠭᠠᠷᠭᠠᠵᠤ᠂ ᠪᠦᠬᠦ᠌ ᠨᠠᠮ ᠢᠯᠠᠩᠭᠤᠶ᠎ᠠ ᠨᠠᠮ᠎ᠤᠨ ᠳᠡᠭᠡᠳᠦ ᠵᠡᠷᠭᠡ᠎ᠶ᠋ᠢᠨ ᠺᠠᠳ᠋ᠷᠴᠤᠳ᠎ᠤᠨ ᠳᠤᠮᠳᠠᠳᠤ ᠤᠯᠤᠰ᠎ᠤᠨ ᠬᠤᠪᠢᠰᠭᠠᠯ᠎ᠤᠨ ᠦᠨᠳᠦᠰᠦᠨ ᠠᠰᠠᠭᠤᠳᠠᠯ᠎ᠤᠨ ᠲᠤᠬᠠᠶ ᠲᠠᠨᠢᠯᠲᠠ᠎ᠶ᠋ᠢ ᠨᠢᠭᠡᠳᠦᠯᠲᠡᠶ ᠪᠣᠯᠭᠠᠨ᠂ ᠪᠦᠬᠦ᠌ ᠨᠠᠮ᠎ᠤᠨ ᠪᠦᠯᠬᠦᠮᠳᠡᠯ᠎ᠢ ᠴᠢᠩᠭᠠᠳᠭᠠᠵᠤ᠂ ᠨᠠᠮ᠎ᠤᠨ ᠳᠣᠯᠣᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠳᠤ ᠭᠦᠢᠴᠡᠳ ᠨᠥᠬᠥᠴᠡᠯ ᠪᠦᠷᠢᠯᠳᠦᠭᠦᠯᠵᠦ᠍ ᠦᠭᠴᠤ᠂ ᠳᠤᠮᠳᠠᠳᠤ ᠤᠯᠤᠰ᠎ᠤᠨ ᠬᠤᠪᠢᠰᠭᠠᠯ᠎ᠤᠨ ᠦᠢᠯᠡᠰ᠎ᠦᠨ ᠬᠥᠭ᠌ᠵᠢᠯᠲᠡ᠎ᠶ᠋ᠢ ᠬᠦᠴᠦᠲᠡᠶ ᠠᠬᠢᠭᠤᠯᠵᠠᠶ᠃
ᠵᠠᠭᠤᠨ ᠵᠢᠯ᠎ᠦᠨ ᠨᠠᠮ᠎ᠤᠨ ᠲᠡᠦᠬᠡᠨ᠎ᠳᠡᠬᠢ ᠠᠩᠬᠠᠳᠠᠭ᠍ᠴᠢ ᠳᠡᠥᠬᠡᠨ ᠰᠢᠢᠳᠪᠦᠷᠢ ᠨᠢ ᠰᠤᠷᠲᠠᠯ ᠴᠡᠭ᠌ᠴᠡᠯᠡᠬᠦ᠌ ᠬᠥᠳᠡᠯᠭᠡᠭᠡᠨ ᠢᠯᠠᠯᠲᠠ᠎ᠲᠠᠶ ᠪᠠᠷ ᠳᠠᠭᠤᠰᠴᠤ᠌᠂ ᠨᠠᠮ᠎ᠤᠨ ᠲᠡᠦᠬᠡᠨ ᠠᠰᠠᠭᠤᠳᠠᠯ᠎ᠢ ᠠᠮᠵᠢᠯᠲᠠ᠎ᠲᠠᠶ ᠱᠢᠶ᠋ᠳᠪᠦᠷᠢᠯᠡᠵᠦ᠍᠂ ᠪᠥᠬᠥ᠌ ᠨᠠᠮ᠎ᠤᠨ ᠲᠠᠨᠢᠯᠲᠠ᠎ᠶ᠋ᠢ ᠨᠢᠭᠡᠳᠭᠡᠵᠦ᠍᠂ ᠪᠥᠬᠥ᠌ ᠨᠠᠮ᠎ᠤᠨ ᠪᠦᠯᠬᠦᠮᠳᠡᠯ᠎ᠢ ᠴᠢᠩᠭᠠᠳᠭᠠᠨ᠂ ᠠᠷᠠᠳ᠎ᠤᠨ ᠬᠤᠪᠢᠰᠭᠠᠯᠲᠤ ᠦᠶ᠋ᠯᠡᠰ᠎ᠦᠨ ᠲᠦᠷᠭᠡᠨ ᠤᠷᠤᠭ᠍ᠰᠢᠯᠠᠬᠤ ᠪᠠ ᠠᠭᠤᠤ ᠶᠡᠬᠡ ᠢᠯᠠᠯᠲᠠᠤᠯᠬᠤ ᠶ᠋ᠢ ᠠᠬᠢᠭᠤᠯᠪᠠ᠃
1981ᠣᠨ᠎ᠤ 6 ᠰᠠᠷ᠎ᠠ᠎ᠳᠤ ᠨᠠᠮ᠎ᠤᠨ ᠠᠷᠪᠠᠨ ᠨᠢᠭᠡᠳᠤᠭᠡᠷ ᠬᠤᠭᠤᠴᠠᠭᠠᠨ ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ
《ᠤᠯᠤᠰ ᠪᠠᠢᠭᠤᠯᠤᠭ᠍ᠳᠠᠭ᠍ᠰᠠᠨ᠎ᠡᠴᠡ ᠨᠠᠭᠠᠱᠢᠬᠢ ᠨᠠᠮ᠎ᠤᠨ ᠲᠡᠦᠬᠡᠨ ᠠᠰᠠᠭᠤᠳᠠᠯ ᠦᠳᠤᠨ ᠲᠤᠬᠠᠢ ᠱᠢᠢᠳᠪᠦᠷᠢ》
1981 ᠣᠨ᠎ᠳᠤ᠂ ᠮᠠᠨ᠎ᠤ ᠨᠠᠮ᠎ᠤᠨ ᠥᠭᠡᠷᠡᠴᠢᠯᠡᠯᠲᠡ ᠨᠡᠭᠡᠭᠡᠯᠳᠠ᠎ᠶ᠋ᠢᠨ ᠱᠢᠨ᠎ᠡ ᠴᠠᠭ ᠬᠤᠭᠤᠴᠠᠭᠠᠨ᠎ᠳᠡᠬᠢ ᠦᠵᠡᠯ ᠰᠠᠨᠠᠭ᠎ᠠ᠎ᠪᠠᠨ ᠴᠢᠯᠥᠭᠡᠯᠡᠨ᠂ ᠰᠠᠮᠠᠭᠤᠷᠠᠯ᠎ᠢ ᠵᠦᠭᠰᠢᠷᠠᠬᠦᠯᠬᠦ ᠲᠡᠦᠬᠡᠨ ᠡᠷᠭᠢᠯᠲᠡ᠎ᠶ᠋ᠢᠨ ᠳᠤᠮᠳᠠ᠂ ᠨᠠᠮ᠎ᠤᠨ ᠠᠷᠪᠠᠨ ᠨᠢᠭᠡᠳᠤᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠡᠴᠡ《ᠤᠯᠤᠰ ᠪᠠᠢᠭᠤᠯᠤᠭ᠍ᠳᠠᠭ᠍ᠰᠠᠨ᠎ᠡᠴᠡ ᠨᠠᠭᠠᠱᠢᠬᠢ ᠨᠠᠮ᠎ᠤᠨ ᠲᠡᠦᠬᠡᠨ ᠠᠰᠠᠭᠤᠳᠠᠯ᠎ᠤᠳ᠎ᠤᠨ ᠲᠤᠬᠠᠢ ᠱᠢᠢᠳᠪᠦᠷᠢ》 ᠶ᠋ᠢ ᠪᠠᠲᠤᠯᠠᠪᠠ᠃
《ᠤᠯᠤᠰ ᠪᠠᠢᠭᠤᠯᠤᠭ᠍ᠳᠠᠭ᠍ᠰᠠᠨ᠎ᠡᠴᠡ ᠨᠠᠭᠠᠱᠢᠬᠢ ᠨᠠᠮ᠎ᠤᠨ ᠲᠡᠦᠬᠡᠨ ᠠᠰᠠᠭᠤᠳᠠᠯ ᠤᠳᠤᠨ ᠲᠤᠬᠠᠢ ᠱᠢᠢᠳᠪᠦᠷᠢ》᠎ᠳ᠋ᠤ ᠱᠢᠨ᠎ᠡ ᠳᠤᠮᠳᠠᠳᠤ ᠤᠯᠤᠰ ᠪᠠᠢᠭᠤᠯᠤᠭ᠍ᠳᠠᠬᠤ᠎ᠡᠴᠡ ᠡᠮᠦᠨᠡᠬᠢ ᠨᠠᠮ᠎ᠤᠨ ᠲᠡᠦᠬᠡ᠎ᠶ᠋ᠢ ᠡᠷᠭᠢᠴᠡᠭᠦᠯᠵᠦ᠍᠂ ᠨᠡᠢᠭᠡᠮ ᠵᠢᠷᠤᠮᠲᠤ ᠬᠤᠪᠢᠰᠭᠠᠯ ᠪᠣᠯᠤᠨ ᠪᠦᠳᠦᠭᠡᠠ ᠪᠠᠢᠭᠤᠯᠤᠯᠲᠠ ᠶ᠋ᠢᠨ ᠲᠡᠦᠬᠡᠨ ᠲᠤᠷᠱᠢᠯᠭ᠎ᠠ ᠶ᠋ᠢ ᠳ᠋ᠦᠩᠨᠡᠵᠦ᠍᠂ ᠵᠠᠷᠢᠮ ᠴᠢᠬᠤᠯᠠ ᠶᠡᠬᠡ ᠬᠡᠷᠡᠭ ᠶᠠᠪᠤᠳᠠᠯ ᠪᠣᠯᠤᠨ ᠴᠢᠬᠤᠯᠠ ᠬᠥᠮᠦᠰ᠎ᠢ ᠦᠨᠡᠯᠡᠵᠦ᠍᠂ ᠢᠯᠠᠩᠭᠤᠶ᠎ᠠ ᠮᠠᠤ ᠽᠸ ᠳ᠋ᠦᠩ ᠨᠥᠬᠥᠷ ᠪᠣᠯᠤᠨ ᠮᠠᠤ ᠽᠸ ᠳ᠋ᠦᠩ᠎ᠦᠨ ᠦᠵᠡᠯ ᠰᠠᠨᠠᠭ᠎ᠠ ᠶ᠋ᠢ ᠵᠥᠪ ᠦᠨᠡᠯᠡᠵᠦ᠍᠂ ᠵᠥᠪ ᠪᠤᠷᠤᠭᠤ ᠶ᠋ᠢ ᠢᠯᠭᠠᠨ ᠲᠣᠳᠣᠷᠬᠠᠢᠯᠠᠵᠤ᠂ 《ᠵᠡᠭᠦᠨ》 ᠤ᠋ ᠪᠠ ᠪᠠᠷᠠᠭᠤᠨ᠎ᠤ ᠬᠣᠶᠠᠷ ᠲᠠᠯ᠎ᠠ᠎ᠶ᠋ᠢᠨ ᠪᠤᠷᠤᠭᠤ ᠦᠵᠡᠯᠲᠡ᠎ᠶ᠋ᠢ ᠵᠠᠯᠠᠷᠠᠭᠤᠯᠵᠤ᠂ ᠪᠦᠬᠦ᠌ ᠨᠠᠮ᠎ᠤᠨ ᠦᠵᠡᠯ ᠰᠠᠨᠠᠭ᠎ᠠ᠎ᠶ᠋ᠢ ᠨᠢᠭᠡᠳᠭᠡᠵᠦ᠍᠂ ᠨᠠᠮ᠎ᠤᠨ ᠪᠦᠯᠬᠦᠮᠳᠡᠨ ᠨᠢᠭᠡᠳᠴᠦ᠍ ᠬᠤᠯᠠ᠎ᠶ᠋ᠢ ᠬᠠᠷᠠᠬᠤ᠂ ᠥᠭᠡᠷᠡᠴᠢᠯᠡᠯᠲᠡ ᠨᠡᠭᠡᠭᠡᠯᠳᠠ ᠪᠣᠯᠤᠨ ᠨᠡᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠦᠳᠦᠭᠡᠠ ᠪᠠᠢᠭᠤᠯᠤᠯᠲᠠ᠎ᠶ᠋ᠢ ᠨᠡᠡᠭ ᠰᠠᠢᠲᠤᠷ ᠠᠬᠢᠭᠤᠯᠬᠤ ᠳᠤ ᠴᠢᠬᠤᠯᠠ ᠶᠡᠬᠡ ᠨᠥᠯᠥᠭᠡ ᠦᠵᠡᠭᠦᠯᠦᠭ᠌ᠰᠡᠨ ᠪᠠᠢᠨ᠎ᠠ᠃
ᠨᠠᠮ᠎ᠤᠨ ᠵᠠᠭᠤᠨ ᠵᠢᠯ᠎ᠦᠨ ᠲᠡᠤᠭᠡᠨ ᠳ᠋ᠡᠬᠢ ᠬᠣᠶᠠᠳᠤᠭᠠᠷ ᠲᠡᠦᠬᠡᠨ ᠰᠢᠢᠳᠪᠤᠷᠢ ᠨᠢ ᠵᠥᠪ ᠪᠤᠷᠤᠭᠤ᠎ᠶ᠋ᠢ ᠢᠯᠭᠠᠨ᠂ ᠦᠵᠡᠯ ᠰᠠᠨᠠᠭ᠎ᠠ᠎ᠪᠠᠨ ᠨᠢᠭᠡᠳᠭᠡᠵᠦ᠍᠂ ᠨᠠᠮ᠎ᠤᠨ ᠵᠢᠯᠣᠭᠣᠳᠭᠤ ᠦᠵᠡᠯ ᠰᠠᠨᠠᠭᠠᠨ᠎ᠤ ᠲᠠᠯ᠎ᠠ᠎ᠪᠠᠷ ᠬᠢ ᠰᠠᠮᠠᠭᠤᠷᠠᠯ᠎ᠢ ᠵᠠᠰᠠᠨ ᠵᠦᠭ᠌ᠰᠢᠷᠡᠭᠦᠯᠬᠦ᠌ ᠠᠵᠢᠯ᠎ᠢ ᠢᠯᠠᠯᠲᠠ ᠲᠠᠶ᠎ᠪᠠᠷ ᠪᠡᠶᠡᠯᠡᠭᠦᠯᠪᠡ᠃ ᠱᠢᠢᠳᠪᠦᠷᠢ᠎ᠶ᠋ᠢᠨ ᠵᠢᠭᠠᠭ᠍ᠰᠠᠨ ᠴᠢᠭ᠌ᠯᠡᠯ᠎ᠢᠶᠡᠷ ᠨᠠᠮ᠎ᠡᠴᠡ ᠮᠠᠷᠺᠰ᠎ᠤᠨ ᠦᠵᠡᠯ᠎ᠦᠨ ᠦᠨᠳᠦᠰᠦᠨ ᠵᠢᠮ᠎ᠠ ᠶᠤᠰᠤ᠎ᠵᠢ ᠳᠤᠮᠳᠠᠳᠤ ᠤᠯᠤᠰ᠎ᠤᠨ ᠪᠣᠳᠠᠲᠤ ᠪᠠᠢᠳᠠᠯ ᠪᠠ ᠴᠠᠭ ᠦᠶ᠎ᠡ᠎ᠶ᠋ᠢᠨ ᠣᠨᠴᠠᠯᠢᠭ᠎ᠲᠠᠶ ᠤᠶᠠᠯᠳᠤᠭᠤᠯᠤᠨ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠵᠠᠮ᠎ᠢ ᠠᠮᠵᠢᠯᠲᠠ᠎ᠲᠠᠶ᠎ᠪᠠᠷ ᠬᠠᠢᠨ ᠰᠦᠪᠡᠭ᠌ᠴᠢᠯᠡᠵᠦ᠍ ᠨᠡᠭᠡᠭᠡᠭᠡᠳ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢᠨ ᠯᠤᠲᠤ ᠶᠡᠬᠡ ᠠᠮᠵᠢᠯᠲᠠ ᠪᠦᠲᠦᠮᠵᠢ᠎ᠶ᠋ᠢ ᠣᠯᠤᠭ᠍ᠰᠠᠨ ᠪᠠᠢᠨ᠎ᠠ᠃
2021 ᠣᠨ᠎ᠤ 11 ᠰᠠᠷ᠎ᠠ᠎ᠳᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ
《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》
2021 ᠣᠨ᠎ᠳᠤ᠂ ᠨᠠᠮ ᠪᠠᠢᠭᠤᠯᠤᠭ᠍ᠳᠠᠭ᠍ᠰᠠᠨ 100 ᠵᠢᠯ᠎ᠦᠨ ᠣᠶ᠎ᠶ᠋ᠢᠨ ᠴᠢᠬᠤᠯᠠ ᠲᠡᠦᠬᠡᠨ ᠴᠠᠭ ᠮᠥᠴᠡ᠎ᠳᠦ᠂ 《ᠬᠤᠤᠰ ᠵᠠᠭᠤᠨ ᠵᠢᠯ》᠎ᠤ᠋ᠨ ᠲᠡᠮᠡᠴᠡᠬᠦ᠌ ᠬᠠᠷᠠᠯᠲᠠ᠎ᠶ᠋ᠢᠨ ᠲᠡᠦᠬᠡ ᠶ᠋ᠢᠨ ᠠᠭᠤᠯᠵᠠᠷ᠎ᠲᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠡᠴᠡ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》᠎ᠶ᠋ᠢ ᠬᠢᠨᠠᠨ ᠵᠥᠪᠯᠡᠵᠦ᠍ ᠪᠠᠲᠤᠯᠠᠪᠠ᠃
《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠢᠳᠪᠤᠷᠢ》᠎ᠨᠢ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ ᠪᠦᠬᠦ᠌ ᠲᠠᠯ᠎ᠠ᠎ᠪᠠᠷ ᠱᠢᠰᠲ᠋ᠧᠮ᠎ᠲᠡᠶ ᠳ᠋ᠦᠩᠨᠡᠵᠦ᠍᠂ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠨᠠᠮ ᠪᠠ ᠤᠯᠤᠰ᠎ᠤᠨ ᠠᠵᠢᠯ ᠦᠢᠯᠡᠰ᠎ᠦᠨ ᠣᠯᠤᠭ᠍ᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭ᠌ᠰᠡᠨ ᠲᠡᠦᠬᠡᠲᠦ ᠴᠢᠨᠠᠷᠲᠠᠢ ᠬᠤᠪᠢᠰᠤᠯᠲᠠ᠎ᠶ᠋ᠢ ᠭᠣᠣᠯᠳᠠᠯᠭ᠎ᠠ᠎ᠲᠠᠶ ᠲᠣᠳᠣᠷᠬᠠᠢᠯᠠᠨ ᠥᠭᠦᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠤᠬᠠᠮᠰᠠᠷ ᠪᠠ ᠲᠡᠦᠬᠡ᠎ᠶ᠋ᠢᠨ ᠢᠲᠡᠭᠡᠯ᠎ᠢ ᠭᠦᠢᠴᠡᠳ ᠢᠯᠡᠷᠡᠭᠦᠯᠪᠡ᠃
●ᠱᠢᠢᠳᠪᠦᠷᠢᠳᠦ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠥᠩᠭᠡᠷᠡᠯᠲᠡ᠎ᠶ᠋ᠢ ᠱᠢᠨ᠎ᠡ ᠠᠷᠠᠳᠴᠢᠯᠠᠭ᠍ᠰᠠᠨ ᠬᠤᠪᠢᠰᠭᠠᠯ᠂ ᠨᠡᠢᠭᠡᠮ ᠵᠢᠷᠤᠮᠳᠤ ᠬᠤᠪᠢᠰᠭᠠᠯ ᠪᠣᠯᠤᠨ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ ᠨᠡᠭᠡᠭᠡᠯᠳᠠ ᠪᠣᠯᠤᠨ ᠨᠡᠢᠭᠡᠮ ᠵᠢᠷᠤᠮ᠎ᠤᠨ ᠣᠳᠣᠬᠢᠴᠢᠯᠠᠯᠲᠠ ᠶ᠋ᠢᠨ ᠪᠦᠳᠦᠭᠡᠨ ᠪᠠᠢᠭᠤᠯᠤᠯᠲᠠ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠴᠠᠭ ᠦᠶ᠎ᠡ ᠵᠡᠷᠭᠡ ᠲᠦᠷᠪᠡᠨ ᠬᠡᠰᠡᠭ᠎ᠲᠦ ᠬᠤᠪᠢᠶᠠᠪᠠ᠃
●ᠰᠢᠢᠳᠪᠤᠷᠢ ᠨᠢ 13 ᠲᠠᠯ᠎ᠠ᠎ᠡᠴᠡ ᠬᠦᠷᠢᠶ᠎ᠡ ᠴᠠᠷᠠᠭ᠎ᠠ ᠬᠤᠪᠢᠶᠠᠨ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠣᠯᠤᠭ᠍ᠰᠠᠨ ᠲᠡᠦᠬᠡᠲᠦ ᠴᠢᠨᠠᠷᠲᠠᠢ ᠠᠮᠵᠢᠯᠲᠠ᠂ ᠡᠭᠦᠰᠦᠭ᠌ᠰᠡᠨ ᠲᠡᠦᠬᠡᠲᠦ ᠴᠢᠨᠠᠷᠲᠠᠢ ᠬᠤᠪᠢᠰᠤᠯᠲᠠ᠎ᠶ᠋ᠢ ᠳ᠋ᠦᠩᠨᠡᠪᠠ᠃
●ᠰᠢᠢᠳᠪᠤᠷᠢ ᠨᠢ 《ᠬᠣᠶᠠᠷ᠎ᠢ ᠲᠣᠭ᠍ᠲᠠᠭᠠᠬᠤ》 ᠴᠢᠬᠤᠯᠠ ᠶᠡᠬᠡ ᠤᠯᠤᠰ ᠲᠦᠷᠦ᠍ ᠶ᠋ᠢᠨ ᠨᠤᠲᠠᠯᠠᠯᠲᠠ ᠬᠢᠪᠡ
●ᠱᠢᠢᠳᠪᠦᠷᠢ ᠨᠢ 《ᠠᠷᠪᠠᠨ ᠲᠣᠳᠣᠷᠬᠠᠢ》 ᠪᠡᠷ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠭᠣᠣᠯ ᠠᠭᠤᠯᠤᠭ᠍ᠳᠠᠬᠤᠨ᠎ᠳᠤ ᠤᠯᠠᠮ ᠴᠢᠨᠠᠭ᠍ᠰᠢᠳᠠ ᠬᠤᠷᠢᠶᠠᠩᠭᠤᠢᠯᠠᠯ ᠬᠢᠵᠡᠢ᠃
●ᠰᠢᠢᠳᠪᠦᠷᠢ ᠨᠢ ᠲᠠᠪᠤᠨ ᠲᠠᠯ᠎ᠠ᠎ᠪᠠᠷ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠲᠦ ᠠᠴᠢ ᠬᠣᠯᠪᠣᠭ᠍ᠳᠠᠯ》 ᠢ᠋ ᠳ᠋ᠦᠩᠨᠡᠪᠡ᠃
●ᠰᠢᠢᠳᠪᠦᠷᠢ ᠨᠢ 《ᠠᠷᠪᠠ᠎ᠶ᠋ᠢ ᠪᠠᠷᠢᠮᠲᠠᠯᠠᠬᠤ》ᠲᠠᠯ᠎ᠠ ᠡᠴᠡ《ᠳᠤᠮᠳᠠᠳᠤ ᠤᠯᠤᠰ ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠰᠢᠯᠭ᠎ᠠ》 ᠵᠢ ᠭᠦᠨᠵᠡᠭᠡᠶ ᠳ᠋ᠦᠩᠨᠡᠪᠡ᠃
●ᠰᠢᠢᠳᠪᠤᠷᠢ ᠨᠢ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠲᠤ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠳᠤ ᠣᠷᠣᠯᠴᠠᠬᠤ ᠵᠠᠮ᠎ᠢ ᠨᠡᠭᠡᠭᠡᠬᠦ᠌ ᠤᠷᠢᠶᠠᠯᠠᠭ᠎ᠠ ᠭᠠᠷᠭᠠᠪᠠ᠃
ᠨᠠᠮ᠎ᠤᠨ ᠵᠠᠭᠤᠨ ᠵᠢᠯ᠎ᠤᠨ ᠲᠡᠦᠬᠡᠨ᠎ᠳᠡᠬᠢ ᠭᠤᠷᠪᠠᠳᠤᠭᠠᠷ ᠲᠡᠦᠬᠡᠨ ᠱᠢᠢᠳᠪᠦᠷᠢ ᠪᠣᠯ ᠮᠠᠷᠺᠰ᠎ᠤᠨ ᠦᠵᠡᠯ᠎ᠦᠨ ᠬᠥᠲᠥᠯᠪᠦᠷᠢ᠎ᠶ᠋ᠢᠨ ᠴᠢᠨᠠᠷᠲᠠᠢ ᠲᠤᠯᠭᠤᠷ ᠪᠢᠴᠢᠭ ᠮᠥᠨ; ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠤᠯᠤᠰ ᠲᠦᠷᠦ᠍᠎ᠶ᠋ᠢᠨ ᠲᠤᠩᠬᠠᠭ ᠮᠥᠨ; ᠲᠡᠦᠬᠡ᠎ᠪᠡᠷ ᠲᠤᠯᠢ ᠪᠣᠯᠭᠠᠵᠤ᠂ ᠢᠷᠡᠭᠡᠳᠦᠢ᠎ᠪᠡᠨ ᠨᠡᠭᠡᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠵᠢᠯᠯᠠᠭᠠᠨ᠎ᠤ ᠵᠦᠭ᠌ᠯᠡᠭᠦᠷ ᠮᠥᠨ᠃
ᠡᠬᠡ ᠪᠢᠴᠢᠭ᠄ ᠸᠠᠡᠭ ᠢᠦᠢ ᠯᠦᠡᠭ
ᠬᠢᠨᠠᠭᠴᠢ᠄ ᠲᠦᠮᠡᠨᠭᠡᠰᠢᠭ
(ᠢᠷᠡᠯᠲᠡ᠄ ᠠᠷᠠᠳ᠎ᠤᠨ ᠡᠳᠦᠷ᠎ᠦᠨ ᠰᠣᠨᠢᠨ᠂ ᠱᠢᠨᠬᠤᠸᠠ ᠰᠦᠯᠵᠢᠶ᠎ᠡ)