《〈 ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠵᠡᠭᠦᠳᠦ 〉 ᠪᠦᠬᠦ᠌ ᠱᠢᠶᠠᠩᠭᠠᠩ᠎ᠤᠨ ᠡᠭᠡ ᠪᠢᠴᠢᠭ ᠡᠯᠰᠡᠬᠦ᠌ ᠤᠷᠤᠯᠳᠤᠭᠠᠨ 2021》 ᠎ᠤ᠋ ᠱᠠᠩᠨᠠᠯ ᠣᠯᠭᠣᠬᠤ ᠶᠣᠰᠣᠯᠠᠯ ᠶᠠᠪᠤᠭ᠍ᠳᠠᠪᠠ
2021-12-08 09:57:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨᠬᠤᠸᠠ ᠬᠣᠷᠢᠶ᠎ᠠ ᠵᠢᠨ  ᠱᠢᠶᠠᠩᠭᠠᠩ᠎ᠤᠨ 12 ᠰᠠᠷ᠎ᠠ᠎ᠶ᠋ᠢᠨ 5 ᠎ᠤ᠋ ᠴᠠᠬᠢᠯᠭᠠᠨ ᠮᠡᠳᠡᠭᠡ (ᠰᠤᠷᠪᠤᠯᠵᠢᠯᠠᠭ᠍ᠴᠢ  ᠬᠤᠸᠠᠩ ᠴᠢᠶᠠᠨ ᠲᠢᠶᠠᠨ) ᠱᠢᠶᠠᠩᠭᠠᠩ᠎ᠤᠨ ᠬᠣᠲᠠ᠎ᠶ᠋ᠢᠨ ᠠᠷᠠᠳ᠎ᠲᠤ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ᠎ᠶ᠋ᠢ ᠳᠡᠯᠭᠡᠷᠡᠭᠦᠯᠵᠦ᠍᠂ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠥᠭ᠌ᠵᠢᠯᠲᠡ ᠵᠢᠴᠢ ᠰᠠᠨᠰᠠᠷ᠎ᠤᠨ ᠬᠠᠢᠨ ᠰᠥᠪᠡᠭ᠌ᠴᠢᠯᠡᠯᠲᠡ᠎ᠶ᠋ᠢᠨ ᠲᠤᠬᠠᠶ ᠲᠠᠨᠢᠯᠲᠠ ᠎ᠪᠠᠨ ᠭᠦᠨᠵᠡᠭᠡᠢᠷᠡᠭᠦᠯᠬᠦ᠌᠎ᠶ᠋ᠢᠨ ᠲᠥᠯᠥᠭᠡ᠂ ᠱᠢᠶᠠᠩᠭᠠᠩ᠎ᠤᠨ ᠵᠠᠯᠠᠭᠤᠴᠤᠳ᠎ᠢ ᠵᠣᠷᠢᠭ᠍ᠵᠢᠭᠤᠯᠬᠤ ᠬᠥᠮᠦᠵᠢᠯ᠎ᠦᠨ ᠰᠠᠭᠤᠷᠢ ᠮᠥᠩᠭᠥ᠌ ᠪᠣᠯᠤᠨ ᠪᠤᠯᠤᠩ᠎ᠤᠨ ᠤᠷᠤᠨ᠎ᠤ ᠭᠤᠸᠠᠨ ᠭᠠᠩ ᠵᠢᠩ ᠶᠢᠩ ᠬᠣᠶ ᠬᠠᠮᠲᠤᠷᠠᠨ 《〈ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠵᠡᠭᠦᠳᠦ〉 ᠵᠢᠨ ᠪᠥᠬᠥ᠌ ᠱᠢᠶᠠᠩᠭᠠᠩ᠎ᠤᠨ ᠡᠬᠡ ᠪᠢᠴᠢᠭ ᠡᠯᠰᠡᠬᠦ᠌ ᠤᠷᠤᠯᠳᠤᠭᠠᠨ 2021》 ᠢ᠋ ᠭᠤᠤᠯᠯᠠᠨ ᠡᠷᠭᠢᠯᠡᠪᠡ᠃ ᠱᠠᠩᠨᠠᠯ ᠣᠯᠭᠣᠬᠤ ᠶᠣᠰᠣᠯᠠᠯ 4 ᠤ᠋ ᠡᠳᠦᠷ ᠱᠢᠶᠠᠩᠭᠠᠩ᠎ᠤᠨ ᠵᠢᠶᠠᠨ ᠱᠠ ᠽᠦᠶ᠎ᠳᠦ ᠶᠠᠪᠤᠭ᠍ᠳᠠᠪᠠ᠃

ᠲᠠᠨᠢᠯᠴᠠᠭᠤᠯᠤᠭ᠍ᠰᠠᠨ᠎ᠵᠢᠡᠷ᠂᠎ᠲᠣᠰ᠎ᠤᠳᠠᠭ᠎ᠠ᠎ᠵᠢᠨ᠎ᠡᠬᠡ ᠪᠢᠴᠢᠭ ᠡᠯᠰᠡᠬᠦ᠌ ᠤᠷᠤᠯᠳᠤᠭᠠᠨ ᠪᠣᠯ 《ᠴᠠᠭ ᠦᠶ᠎ᠡ᠎ᠶ᠋ᠢᠨ ᠵᠣᠷᠢᠭ ᠰᠠᠨᠠᠭ᠎ᠠ ᠱᠢᠶᠠᠩᠵᠢᠶᠠᠩ ᠮᠥᠷᠡᠨ᠎ᠢ ᠭᠡᠢᠭᠦᠯᠦᠭ᠌ᠰᠡᠨ》 ᠵᠠᠭᠤᠨ ᠵᠢᠯ᠎ᠦᠨ ᠲᠤᠷᠱᠢᠬᠢ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨᠲᠠᠨ᠎ᠤ ᠭᠤᠤᠯ ᠰᠡᠳᠦᠪᠲᠦ ᠦᠵᠡᠭᠦᠯᠭᠡ ᠵᠢᠴᠢ ᠰᠠᠷᠠᠨ ᠪᠥᠮᠪᠥᠷᠴᠡᠭ᠎ᠦᠨ ᠬᠦᠷᠤᠰᠤᠨ᠎ᠤ ᠦᠵᠡᠰᠭᠦᠯᠡᠩ᠂ ᠰᠠᠨᠰᠠᠷᠴᠢᠳ ᠪᠤᠯᠤᠨ ᠱᠢᠶᠠᠩᠭᠠᠩ᠎ᠤᠨ ᠵᠠᠯᠠᠭᠤᠴᠤᠳ ᠪᠠᠭᠠᠴᠤᠳ᠎ᠤᠨ ᠲᠩᠷᠢ ᠭᠠᠵᠠᠷ᠎ᠤᠨ ᠬᠣᠭᠣᠷᠣᠨᠳᠣ ᠬᠣᠯᠪᠣᠭ᠎ᠠ ᠠᠪᠴᠤ᠌ ᠬᠠᠷᠢᠯᠴᠠᠨ ᠬᠤᠷᠰᠢᠯᠴᠠᠬᠰᠠᠨ᠎ᠦ ᠳᠠᠷᠠᠭ᠎ᠠ᠂ ᠱᠢᠶᠠᠩᠭᠠᠩ᠎ᠳᠤ ᠶᠠᠪᠤᠭ᠍ᠳᠠᠭ᠍ᠰᠠᠨ ᠪᠠᠰᠠ ᠨᠢᠭᠡᠨ ᠰᠠᠨᠰᠠᠷ᠎ᠤᠨ ᠠᠶᠠᠯᠠᠯ᠎ᠤᠨ ᠱᠢᠷᠢᠰ ᠳᠡᠯᠭᠡᠷᠡᠭᠦᠯᠬᠦ᠌ ᠠᠵᠢᠯᠯᠠᠭ᠎ᠠ ᠪᠣᠯᠤᠨ᠎ᠠ᠃ ᠲᠤᠰ ᠠᠵᠢᠯᠯᠠᠭ᠎ᠠ᠎ᠳᠤ ᠱᠢᠶᠠᠩᠭᠠᠩ᠎ᠤᠨ ᠵᠠᠭᠤ ᠱᠢᠬᠠᠮ ᠳᠤᠮᠳᠠᠳᠤ ᠪᠠᠭ᠎ᠠ ᠰᠤᠷᠭᠠᠭᠤᠯᠢ ᠣᠷᠣᠯᠴᠠᠵᠤ᠂ ᠭᠣᠣᠯᠯᠠᠨ ᠡᠷᠬᠢᠯᠡᠭ᠌ᠰᠡᠨ ᠲᠠᠯ᠎ᠠ᠎ᠶ᠋ᠢᠨ ᠬᠢᠨ ᠬᠤᠪᠢ ᠬᠥᠮᠦᠨ ᠵᠢᠴᠢ ᠰᠤᠷᠭᠠᠭᠤᠯᠢ᠎ᠡᠴᠡ ᠤᠷᠤᠯᠳᠤᠭᠠᠨ᠎ᠳᠤ ᠣᠷᠣᠯᠴᠠᠬᠤ᠎ᠪᠠᠷ ᠲᠠᠨᠢᠯᠴᠠᠭᠤᠯᠤᠭ᠍ᠰᠠᠨ 1200 ᠭᠠᠷᠤᠢ ᠡᠬᠡ ᠪᠢᠴᠢᠭ᠎ᠢ ᠣᠯᠤᠬᠰᠡᠨ ᠪᠠᠢᠨ᠎ᠠ᠃

ᠱᠢᠶᠠᠩᠭᠠᠩ᠎ᠤᠨ᠎ᠵᠠᠯᠠᠭᠤᠴᠤᠳ᠎ᠢ᠎ᠵᠤᠷᠢᠬᠵᠢᠭᠤᠯᠬᠤ ᠬᠥᠮᠦᠵᠢᠯ᠎ᠦᠨ ᠰᠠᠭᠤᠷᠢ ᠮᠥᠩᠭᠥ᠎ᠶ᠋ᠢ ᠡᠭᠦᠰᠭᠡᠨ ᠪᠠᠢᠭᠤᠯᠤᠭ᠍ᠴᠢ ᠪᠥᠭᠡᠳ ᠲᠡᠷᠢᠭᠦᠯᠡᠭ᠌ᠴᠢ ᠯᠢ ᠽᠢ ᠹᠸᠩ ᠱᠠᠩᠨᠠᠯ ᠣᠯᠭᠣᠬᠤ ᠶᠣᠰᠣᠯᠠᠯ᠎ᠳᠤ᠎ᠣᠷᠣᠯᠴᠠᠵᠤ᠎ᠪᠠᠶᠠᠷ᠎ᠤᠨ᠎ᠦᠭᠡ ᠭᠡᠯᠡᠬᠦ ᠳ᠋ᠡᠭᠡᠨ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢᠴᠢ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠳᠡᠯᠭᠡᠷᠡᠭᠦᠯᠬᠦ᠌᠎ᠡᠴᠡ ᠭᠠᠳᠠᠨ᠎ᠠ᠂ ᠪᠠᠰᠠ ᠡᠬᠡ ᠪᠢᠴᠢᠭ ᠡᠯᠰᠡᠬᠦ᠌ ᠤᠷᠤᠯᠳᠤᠭᠠᠨ᠎ᠤ᠎ᠡᠨᠡ᠎ᠬᠦ᠌᠎ᠲᠠᠪᠴᠠᠩ᠎ᠢᠶᠠᠷ᠎ᠳᠠᠮᠵᠢᠭᠤᠯᠤᠨ ᠢᠷᠡᠭᠡᠳᠦᠢ᠎ᠳᠦ ᠰᠠᠨᠰᠠᠷ᠎ᠤᠨ ᠠᠶᠠᠯᠠᠯ᠎ᠤᠨ ᠦᠢᠯᠡᠰ ᠎ᠲᠦ ᠣᠷᠣᠯᠴᠠᠬᠤ ᠬᠦᠰᠡᠯ᠎ᠲᠡᠶ ᠵᠠᠯᠠᠭᠤᠴᠤᠳ᠎ᠲᠤ ᠰᠠᠨᠰᠠᠷ᠎ᠤᠨ ᠠᠶᠠᠯᠠᠯ᠎ᠤᠨ ᠬᠦᠷᠢᠶᠡᠨ᠎ᠳᠦ ᠢᠯᠡᠭᠦᠦ ᠨᠢᠭᠡ ᠣᠢᠷᠠᠳᠭᠤ ᠲᠣᠬᠢᠶᠠᠯ ᠣᠯᠭᠣᠬᠤ᠎ᠶ᠋ᠢ ᠬᠦᠰᠡᠵᠦ᠍ ᠪᠠᠢᠨ᠎ᠠ ᠭᠡᠵᠤ ᠢᠯᠡᠳᠭᠡᠪᠡ᠃

ᠯᠢ ᠽᠢ ᠹᠧᠩ᠂ ᠵᠠᠷᠢᠮ ᠪᠠᠭ᠎ᠠ ᠰᠤᠷᠭᠠᠭᠤᠯᠢ ᠰᠤᠷᠭᠠᠭᠤᠯᠢ ᠡᠬᠢᠯᠡᠭ᠌ᠡᠳ ᠡᠨᠡ ᠬᠦ᠌ ᠤᠷᠤᠯᠳᠤᠭᠠᠨ᠎ᠢ ᠮᠡᠳᠡᠭ᠌ᠰᠡᠨ᠎ᠦ ᠳᠠᠷᠠᠭ᠎ᠠ ᠲᠤᠰᠭᠠᠢᠯᠠᠨ ᠬᠡᠳᠦᠨ ᠡᠳᠦᠷ᠎ᠦᠨ ᠴᠠᠭ ᠭᠠᠷᠭᠠᠵᠤ ᠰᠠᠨᠰᠠᠷ᠎ᠤᠨ ᠠᠶᠠᠯᠠᠯ᠎ᠤᠨ ᠮᠡᠳᠡᠯᠭᠡ᠎ᠶ᠋ᠢ ᠵᠢᠭᠠᠵᠤ ᠪᠠᠢᠨ᠎ᠠ; ᠪᠠᠰᠠ ᠳᠤᠮᠳᠠᠳᠤ ᠰᠤᠷᠭᠠᠭᠤᠯᠢ ᠤᠷᠤᠯᠳᠤᠭᠠᠨ᠎ᠢ ᠹᠢᠽᠢᠺ᠎ᠦᠨ ᠬᠢᠴᠢᠶᠡᠯ᠎ᠦᠨ ᠳᠠᠰᠭᠠᠯ ᠪᠣᠯᠭᠠᠵᠤ᠂ ᠪᠦᠬᠦ᠌ ᠰᠤᠷᠤᠭ᠍ᠴᠢᠳ ᠬᠠᠮᠲᠤ᠎ᠪᠠᠷ᠎ᠣᠷᠣᠯᠴᠠᠵᠤ᠎ᠪᠠᠢᠨ᠎ᠠ᠃《ᠪᠢ ᠥᠪᠡᠷ ᠎ᠢᠶᠡᠨ ᠎ᠪᠠᠰᠠ ᠎ᠤᠷᠤᠯᠳᠤᠭᠠᠨ ᠎ᠳᠤ ᠣᠷᠣᠯᠴᠠᠭ᠍ᠰᠠᠨ ᠡᠭᠡ ᠪᠢᠴᠢᠭ ᠨᠢᠭᠡ ᠪᠦᠷᠢ᠎ᠶ᠋ᠢ ᠨᠠᠷᠢᠨ ᠤᠩᠱᠢᠵᠤ᠂ ᠳᠤᠮᠳᠠ᠎ᠠᠴᠠ ᠨᠢ ᠮᠠᠰᠢ ᠤᠯᠠᠨ ᠰᠣᠨᠢᠷᠬᠠᠯᠲᠠᠢ ᠦᠯᠢᠭᠡᠷ᠎ᠢ ᠢᠯᠡᠷᠡᠭᠦᠯᠵᠠᠢ》 ᠭᠡᠵᠦ᠍ ᠯᠢ ᠽᠢ ᠹᠸᠩ ᠢᠯᠡᠳᠭᠡᠪᠡ᠃

ᠱᠠᠩᠨᠠᠯ ᠣᠯᠭᠣᠬᠤ ᠶᠣᠰᠣᠯᠠᠯ᠎ᠨᠢ ᠲᠣᠰ ᠡᠳᠦᠷ ᠨᠡᠢᠲᠡ 50 ᠱᠠᠩᠨᠠᠯ᠎ᠤᠨ ᠵᠦᠶ᠋ᠯ᠎ᠢ ᠪᠠᠭ᠎ᠠ᠎ᠰᠤᠷᠭᠠᠭᠤᠯᠢ᠂᠎ᠠᠩᠬ᠎ᠠ᠎ᠳᠤᠮᠳᠠᠳᠤ ᠂ ᠥᠨᠳᠥᠷ ᠳᠤᠮᠳᠠᠳᠤ ᠵᠢᠴᠢ ᠢᠯᠡ ᠳᠤᠭᠤᠢᠯᠠᠩ᠎ᠳᠤ ᠣᠯᠭᠣᠪᠠ᠃ ᠪᠤᠢ ᠪᠦᠬᠦᠢ ᠱᠠᠩᠨᠠᠯ ᠪᠦᠷ ᠰᠠᠨᠰᠠᠷ᠎ᠤᠨ ᠠᠶᠠᠯᠠᠯ᠎ᠤᠨ ᠬᠦᠷᠢᠶ᠎ᠡ ᠬᠡᠪᠴᠢᠶ᠎ᠡ᠎ᠲᠡᠶ ᠬᠣᠯᠪᠣᠭ᠎ᠠ᠎ᠲᠠᠶ᠂ ᠵᠢᠱ᠌ᠢᠶᠡᠯᠡᠪᠡᠯ 《ᠰᠠᠨᠰᠠᠷ᠎ᠤᠨ ᠦᠷ᠎ᠡ》᠂ ᠴᠠᠩ ᠵᠧᠩ ᠱᠢᠷᠢᠰ ᠲᠡᠢᠷᠦᠯᠲᠦ ᠰᠤᠮᠤ᠂ ᠴᠠᠩ ᠧ ᠲᠠᠪᠤᠳᠤᠭᠠᠷ ᠵᠢᠴᠢ ᠵᠦ᠍ ᠷᠦᠩ ᠨᠡᠷᠡᠮᠵᠢᠲᠦ᠍᠎ᠶ᠋ᠢᠨ ᠬᠠᠢᠯᠤᠰᠢ᠎ᠶ᠋ᠢᠨ ᠵᠠᠭ᠍ᠪᠤᠷ ᠵᠡᠷᠭᠡ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号