ᠱᠢᠨ᠎ᠡ ᠬᠤᠭᠤᠴᠠᠭ᠎ᠠ ᠱᠢᠨ᠎ᠡ ᠡᠬᠢᠯᠡᠯᠳᠡ ᠱᠢᠨ᠎ᠡ ᠬᠦᠰᠡᠯ
2021-12-08 16:37:22
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠡᠷᠢᠭᠦᠨ ᠰᠠᠯᠬᠢ ᠰᠡᠪᠢᠯᠵᠡᠨ ᠨᠠᠯᠠᠭᠠᠷ ᠨᠠᠮᠤᠷ ᠰᠠᠭᠠᠳᠠᠯ᠎ᠠ᠃ ᠨᠠᠷᠠ ᠭᠡᠢ᠌ᠭ᠌ᠰᠡᠨ ᠳᠠᠮᠢᠷ᠎ᠤᠨ ᠳᠠᠯᠠᠪᠠᠢ ᠬᠦᠬᠡᠷᠦᠬᠦᠨ ᠪᠠᠭᠠᠴᠤᠳ ᠵᠢᠡᠨ ᠪᠦᠪᠡᠢ᠌ᠯᠡᠨ᠂ ᠢᠷᠠᠭᠤᠬ᠍ᠨᠨ ᠤᠩᠱᠢᠯᠭ᠎ᠠ ᠠᠩᠭᠢ᠎ᠶ᠋ᠢᠨ ᠭᠡᠷ ᠡᠴᠡ ᠴᠤᠤᠷᠢᠶᠠᠳᠴᠤ᠌᠂ ᠰᠤᠷᠭᠠᠭᠤᠯᠢ ᠵᠢᠨ ᠬᠦᠷᠢᠶ᠎ᠡ ᠬᠦᠷ ᠬᠦᠭ᠌ᠵᠢᠶᠡᠨ ᠵᠢᠡᠷ ᠪᠢᠯᠬᠠᠨ ᠱᠢᠨ᠎ᠡ ᠰᠤᠷᠤᠯᠭ᠎ᠠ ᠵᠢᠨ ᠬᠤᠭᠤᠴᠠᠭ᠎ᠠ ᠡᠬᠢᠯᠡᠯ᠎ᠡ᠃


QQ图片20211208164028.png


《ᠠᠩᠬᠠᠨ᠎ᠤ ᠬᠢᠴᠢᠶᠡᠯ》 ᠰᠤᠷᠤᠭ᠍ᠴᠢᠳ᠎ᠤᠨ ᠰᠡᠳᠭᠢᠯ᠎ᠢ ᠤᠮᠳᠠᠯᠠᠨ ᠤᠶᠤᠨ᠎ᠢ ᠱᠢᠮᠡᠵᠢᠬᠦᠯᠦᠨ᠎ᠡ᠃ ᠰᠤᠷᠭᠠᠭᠤᠯᠢ ᠡᠬᠢᠯᠡᠬᠦ᠌ ᠪᠡᠷ᠂ ᠦᠪᠦᠷ ᠮᠤᠩᠭᠤᠯ᠎ᠤᠨ ᠡᠯ᠎ᠠ ᠭᠠᠵᠠᠷ᠎ᠤᠨ ᠳᠤᠮᠳᠠᠳᠤ ᠪᠠᠭ᠎ᠠ ᠰᠤᠷᠭᠠᠭᠤᠯᠢ ᠡᠯᠪᠡᠭ ᠪᠠᠶᠠᠯᠢᠭ ᠠᠭᠤᠯᠭ᠎ᠠ ᠳᠠᠢ 《 ᠠᠩᠬᠠᠨ᠎ᠤ ᠬᠢᠴᠢᠶᠡᠯ》 ᠤᠷᠤᠵᠤ᠂ ᠤᠯᠤᠰ᠎ᠤᠨ ᠳᠤᠭ ᠮᠠᠨᠳᠤᠭᠤᠯᠬᠤ᠂ ᠬᠤᠪᠢᠰᠭᠠᠯ᠎ᠤᠨ ᠬᠦᠮᠦᠵᠢᠯ ᠬᠦᠷᠳᠡᠭᠡᠬᠦ᠂ ᠡᠷᠳᠡᠨ᠎ᠤ ᠱᠢᠯᠦᠭ᠎ᠤᠨ ᠤᠷᠠᠨ ᠤᠩᠱᠢᠯᠭ᠎ᠠ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠤ ᠬᠦᠮᠦᠵᠢᠯ᠂ ᠬᠢᠵᠢᠭ᠎ᠢ ᠰᠡᠷᠬᠡᠢ᠌ᠯᠡᠬᠦ᠌ ᠮᠡᠳᠡᠯᠬᠡ ᠭᠡᠬᠦ᠌ ᠮᠡᠳᠦᠴᠢᠯᠡᠨ ᠭᠤᠢ᠌ᠳᠠ ᠰᠠᠢ᠌ᠬᠠᠨ ᠠᠭᠤᠯᠭ᠎ᠠ ᠨᠢ ᠰᠤᠷᠤᠭ᠍ᠴᠢᠳ᠎ᠤᠨ ᠪᠠᠬᠠᠷᠬᠠᠯ ᠳ᠋ᠤ ᠬᠦᠷᠴᠦ᠍᠂ ᠳᠡᠳᠡᠨ᠎ᠤ ᠱᠢᠨ᠎ᠡ ᠰᠤᠷᠤᠯᠭ᠎ᠠ ᠵᠢᠨ ᠬᠤᠭᠤᠴᠠᠭ᠎ᠠ ᠪᠠᠨ ᠢᠳᠡᠬᠡᠯ ᠳᠡᠬᠦᠯᠳᠡᠷ ᠡᠬᠢᠯᠡᠬᠦᠯᠬᠦ᠌ ᠳ᠋ᠤ ᠢᠳᠡᠪᠬᠢ ᠬᠦᠴᠦᠨ ᠲᠠᠮᠵᠢᠭᠤᠯᠤᠨ᠎ᠠ᠃


QQ图片20211208163928.png



ᠱᠢᠨ᠎ᠡ ᠬᠤᠭᠤᠴᠠᠭ᠎ᠠ᠂ ᠱᠢᠨ᠎ᠡ ᠲᠦᠷᠬᠦ᠂ ᠱᠢᠨ᠎ᠡ ᠬᠠᠷᠠᠯᠳᠠ᠂ ᠱᠢᠨ᠎ᠡ ᠬᠦᠰᠡᠯ᠃ ᠰᠤᠷᠤᠭ᠍ᠴᠢᠳ᠎ᠢ ᠪᠠᠶᠠᠷ ᠪᠠᠶᠠᠰᠤᠯ ᠳᠠᠢ ᠰᠤᠷᠤᠯᠴᠠᠭᠤᠯᠤᠨ᠂ ᠡᠷᠡᠬᠦᠯ ᠴᠢᠬᠢᠷᠠᠭ ᠦᠰᠦᠨ ᠪᠤᠢ᠌ᠵᠢᠭᠤᠯᠬᠤ ᠵᠢᠨ ᠲᠦᠯᠦᠬᠡ᠂ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ᠌ ᠡᠴᠡ ᠬᠢᠴᠢᠶᠡᠯ᠎ᠤᠨ ᠴᠠᠭ᠂ ᠪᠠᠭ᠍ᠰᠢ ᠵᠢᠨ ᠳᠤᠬᠢᠷᠠᠭᠤᠯᠤᠯᠳᠠ᠂ ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭ᠍ᠴᠠ ᠵᠢᠨ ᠤᠬᠠᠮᠰᠠᠷ᠎ᠢ ᠪᠠᠳᠤ ᠴᠤᠭ᠍ᠴᠠᠯᠠᠬᠤ ᠡᠴᠡ ᠤᠯᠤᠰ᠎ᠤᠨ ᠨᠢᠬᠡᠳᠦᠯᠳᠡᠢ ᠨᠠᠢ᠌ᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠬᠡᠷᠡᠬᠦᠯᠦᠨ ᠬᠡᠷᠡᠭ᠌ᠯᠡᠬᠦ᠂ ᠤᠯᠤᠰ᠎ᠤᠨ ᠨᠡᠢ᠌ᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠤᠨ ᠬᠡᠷᠡᠭ᠌ᠯᠡᠬᠡᠨ᠎ᠤ ᠴᠢᠳᠠᠪᠤᠷᠢ ᠵᠢ ᠳᠡᠬᠡᠭ᠌ᠰᠢᠯᠡᠬᠦᠯᠬᠦ᠌ ᠬᠦᠷᠳᠡᠯ᠎ᠡ ᠰᠤᠷᠭᠠᠭᠤᠯᠢ ᠡᠴᠡ ᠬᠦᠢᠴᠡᠳ ᠪᠡᠯᠡᠳᠭᠡᠯ ᠬᠢᠯ᠎ᠡ᠃


QQ图片20211208163952.png


QQ图片20211208163952.png



QQ图片20211208164010.png


《ᠪᠠᠷᠰ ᠴᠠᠭ᠎ᠲᠤ ᠪᠤᠰᠭᠤ ᠦᠬᠡᠢ ᠪᠤᠯ ᠡᠳᠦᠷ᠎ᠤᠨ ᠶᠠᠪᠤᠳᠠᠯ ᠬᠤᠴᠤᠷᠤᠨ᠎ᠠ᠂ ᠪᠠᠭ᠎ᠠ ᠨᠠᠰᠤᠨ ᠳ᠋ᠤ ᠪᠠᠨ ᠰᠤᠷᠬᠤ ᠦᠬᠡᠢ ᠪᠤᠯ ᠨᠠᠰᠤᠨ᠎ᠤ ᠶᠠᠪᠤᠳᠠᠯ ᠬᠤᠴᠤᠷᠤᠨ᠎ᠠ》 ᠬᠡᠳᠡᠭ ᠵᠢᠡᠷ᠂ ᠴᠠᠭ ᠮᠦᠴᠡ ᠵᠢ ᠨᠠᠨᠳᠢᠩᠨᠠᠨ ᠴᠢᠷᠮᠠᠢ᠌ᠨ ᠰᠤᠷᠤᠯᠴᠠᠵᠤ᠂ ᠢᠷᠡᠬᠡᠳᠦᠢ ᠳ᠋ᠤ ᠡᠬᠡ ᠤᠯᠤᠰ᠂ ᠠᠷᠠᠳ ᠲᠦᠮᠡᠨ᠂ ᠨᠡᠢ᠌ᠬᠡᠮ ᠨᠡᠢ᠌ᠳᠡ ᠳ᠋ᠤ ᠬᠡᠷᠡᠭ᠌ᠴᠡᠬᠡ ᠳᠠᠢ ᠬᠦᠮᠦᠨ ᠪᠤᠯᠬᠤ ᠪᠡᠷ ᠴᠢᠷᠮᠠᠢ᠌ᠨ᠎ᠠ᠃ ᠰᠤᠷᠤᠭ᠍ᠴᠢᠳ ᠱᠢᠨ᠎ᠡ ᠠᠶᠠᠨ᠎ᠳᠤ ᠪᠠᠨ ᠤᠮᠤᠭ ᠲᠡᠬᠦᠯᠳᠡᠷ ᠮᠤᠷᠳᠠᠯ᠎ᠠ !

( ᠦᠪᠦᠷ ᠮᠤᠩᠭᠤᠯ᠎ᠤᠨ ᠡᠳᠦᠷ᠎ᠤᠨ ᠰᠤᠨᠢᠨ ᠡᠴᠡ ᠨᠠᠢ᠌ᠷᠠᠭᠤᠯᠤᠨ ᠠᠪᠤᠪᠠ ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号