ᠣᠢᠷ᠎ᠠ᠎ᠳᠤ᠂ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ (ᠥᠷᠭᠡᠳᠭᠡᠭ᠌ᠰᠡᠨ)᠎ᠤ᠋ᠨ ᠬᠤᠷᠠᠯ ᠬᠤᠷᠠᠯᠳᠤᠭᠤᠯᠵᠤ ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠢᠩᠬᠢᠮ᠎ᠦᠨ ᠱᠢᠰᠲ᠋ᠧᠮ᠎ᠦᠨ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃
ᠬᠤᠷᠠᠯ᠎ᠠᠴᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠶ᠋ᠴᠡᠳ ᠲᠠᠨᠢᠵᠤ᠂ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠲᠡᠷᠢᠭᠦᠨ ᠴᠢᠬᠤᠯᠠ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠦᠢᠴᠡᠳᠭᠡᠭᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠬᠦ᠌ ᠬᠡᠷᠡᠭ᠌ᠲᠡᠶ᠃ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠂ ᠲᠡᠦᠬᠡᠲᠦ ᠠᠴᠢ ᠬᠣᠯᠪᠣᠭ᠍ᠳᠠᠯ᠂ ᠲᠡᠦᠬᠡᠨ ᠲᠤᠷᠱᠢᠯᠭ᠎ᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠂ ᠳᠤᠮᠳᠠᠳᠤ᠎ᠶ᠋ᠢᠨ ᠦᠨᠳᠦᠰᠦᠲᠡᠨ᠂ ᠮᠠᠷᠺᠰ᠎ᠤᠨ ᠦᠵᠡᠯ᠂ ᠬᠥᠮᠦᠨ ᠲᠥᠷᠥᠯᠬᠢᠲᠡᠨ᠎ᠦ ᠲᠠᠪᠱᠢᠯᠳᠠ᠎ᠶ᠋ᠢᠨ ᠦᠢᠯᠡᠰ᠂ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠤᠨ ᠪᠠᠢᠭᠤᠯᠤᠯᠲᠠ᠎ᠳᠤ ᠦᠵᠡᠭᠦᠯᠦᠭ᠌ᠰᠡᠨ ᠭᠠᠷᠮᠠᠭᠠᠢ ᠬᠤᠪᠢ ᠨᠡᠮᠡᠷᠢ᠎ᠶ᠋ᠢᠨ ᠲᠤᠬᠠᠢ ᠲᠠᠨᠢᠯᠲᠠ᠎ᠪᠠᠨ ᠲᠠᠰᠤᠷᠠᠯᠳᠡ ᠦᠭᠡᠢ ᠭᠦᠨᠵᠡᠭᠡᠢᠷᠡᠭᠦᠯᠵᠦ᠍᠂ ᠲᠡᠦᠬᠡ᠎ᠶ᠋ᠢ ᠰᠤᠷᠤᠯᠴᠠᠵᠦ᠍ ᠶᠣᠰᠣ ᠤᠴᠢᠷ ᠢ᠋ ᠮᠡᠳᠡᠬᠦ᠌᠂ ᠲᠡᠦᠬᠡ᠎ᠶ᠋ᠢ ᠰᠤᠷᠤᠯᠴᠠᠵᠦ᠍ ᠢᠲᠡᠭᠡᠯ ᠪᠢᠰᠢᠷᠡᠯᠵᠢᠡᠨ ᠨᠡᠮᠡᠭ᠌ᠳᠡᠭᠦᠯᠬᠦ᠌᠂ ᠲᠡᠦᠬᠡ᠎ᠶ᠋ᠢ ᠰᠤᠷᠤᠯᠴᠠᠵᠦ᠍ ᠶᠤᠰᠤ ᠰᠤᠷᠳᠠᠬᠤᠨ ᠢ᠋ ᠲᠡᠭᠡᠳᠦᠯᠡᠬᠦ᠂ ᠲᠡᠦᠬᠡ᠎ᠶ᠋ᠢ ᠰᠤᠷᠤᠯᠴᠠᠵᠦ᠍ ᠦᠢᠯᠡᠳᠦᠯᠭᠡᠵᠢᠬᠦᠯᠬᠦ ᠪᠡᠷ ᠬᠦᠴᠦᠯᠡᠨ ᠴᠢᠷᠮᠠᠢᠬᠤ ᠬᠡᠷᠡᠭ᠌ᠲᠡᠢ᠃ ᠲᠡᠦᠬᠡ᠎ᠶ᠋ᠢᠨ ᠢᠲᠡᠭᠡᠯ᠎ᠢᠶᠡᠨ ᠨᠠᠩ ᠪᠠᠲᠤᠳᠭᠠᠵᠤ᠂ ᠲᠡᠭᠦᠨ᠎ᠢ ᠦᠨᠡᠨ ᠬᠦ᠌ ᠴᠠᠭᠠᠷᠠᠭ᠍ᠰᠠᠨ ᠤᠯᠤᠰ ᠲᠥᠷᠥ᠎ᠶ᠋ᠢᠨ ᠴᠢᠳᠠᠪᠤᠷᠢ᠂ ᠬᠦᠴᠦᠷᠬᠡᠭ ᠶᠡᠬᠡ ᠣᠶᠤᠨ ᠰᠠᠨᠠᠭᠠᠨ᠎ᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠂ ᠪᠣᠳᠠᠲᠠᠶ᠎ᠶ᠋ᠢ ᠡᠷᠬᠢᠮᠯᠡᠬᠦ᠌ ᠠᠵᠢᠯ᠎ᠤᠨ ᠰᠤᠷᠲᠠᠯ᠂ ᠯᠠᠪᠳᠠᠭᠤᠨ ᠪᠠᠲᠤᠲᠠᠶ ᠠᠵᠢᠯ᠎ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ᠎ᠤᠨ ᠪᠥᠬᠥ᠌ ᠲᠠᠯ᠎ᠠ᠂ ᠡᠯ᠎ᠡ ᠲᠠᠯ᠎ᠠ᠎ᠳᠤ ᠭᠦᠶ᠋ᠴᠡᠳ ᠢᠯᠡᠷᠡᠭᠦᠯᠬᠦ᠌ ᠬᠡᠷᠡᠭ᠌ᠲᠡᠶ᠃ 《ᠴᠡᠷᠢᠭ᠎ᠡᠴᠡ ᠬᠠᠯᠠᠭ᠍ᠳᠠᠭ᠍ᠰᠠᠳ᠎ᠢ ᠪᠦᠬᠦ᠌ ᠨᠡᠢᠭᠡᠮ᠎ᠢᠶᠡᠷ᠎ᠢᠶᠡᠨ ᠬᠦᠨᠳᠦᠳᠭᠡᠳᠡᠭ ᠬᠥᠮᠦᠨ ᠪᠣᠯᠭᠠᠵᠤ᠂ ᠴᠡᠷᠢᠭ ᠬᠥᠮᠦᠨ᠎ᠤ ᠠᠵᠢᠯ᠎ᠢ ᠪᠦᠬᠦ᠌ ᠨᠡᠢᠭᠡᠮ᠎ᠢᠶᠡᠷ᠎ᠢᠶᠡᠨ ᠬᠦᠨᠳᠦᠳᠭᠡᠳᠡᠭ ᠠᠵᠢᠯ ᠲᠦᠷᠦᠯ ᠪᠣᠯᠭᠠᠬᠤ》 ᠡᠨᠡ ᠬᠦ᠌ ᠲᠡᠮᠡᠴᠡᠬᠦ᠌ ᠬᠠᠷᠠᠯᠲᠠ ᠳ᠋ᠤ ᠴᠢᠭᠯᠡᠬᠦᠯᠵᠦ᠂ ᠱᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠮᠡᠬᠡᠢᠯᠡᠨ ᠤᠷᠤᠭ᠍ᠰᠢᠯᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃
ᠬᠤᠷᠠᠯ ᠡᠴᠨ᠂ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠦᠪ ᠬᠤᠷᠢᠶᠠᠨ ᠤ᠋ ᠵᠢᠷᠭᠤᠳᠤᠭᠠᠷ ᠪᠦᠭᠦᠳᠡ ᠬᠤᠷᠠᠯ ᠤ᠋ᠨ ᠵᠤᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠤᠳᠤᠬᠠᠨ ᠤ᠋ ᠪᠠ ᠬᠤᠢᠰᠢᠳᠠ ᠵᠢᠨ ᠬᠡᠰᠡᠭ ᠬᠤᠭᠤᠴᠠᠭᠠᠨ ᠤ᠋ ᠲᠡᠷᠢᠬᠦᠨ ᠴᠢᠬᠤᠯᠠ ᠤᠯᠤᠰ ᠲᠦᠷᠦ ᠵᠢᠨ ᠡᠭᠦᠷᠭᠡ ᠪᠤᠯᠭᠠᠵᠤ᠂ ᠬᠤᠷᠠᠯ ᠤ᠋ᠨ ᠪᠠᠶᠠᠯᠢᠭ ᠠᠭᠤᠯᠤᠬᠳᠠᠬᠤᠨ ᠪᠠ ᠵᠤᠷᠢᠭ ᠰᠠᠨᠠᠭᠠᠨ ᠤ᠋ ᠮᠦᠨ ᠴᠢᠨᠠᠷ ᠢ᠋ ᠭᠦᠨᠵᠡᠭᠡᠢ ᠰᠤᠷᠤᠯᠴᠠᠵᠤ ᠨᠡᠪᠳᠡᠷᠡᠳᠡᠯ᠎ᠠ ᠤᠢᠯᠠᠭᠠᠬᠤ ᠬᠡᠷᠡᠭᠳᠡᠢ᠃ ᠰᠢᠰᠲᠸᠮ ᠤ᠋ᠨ ᠲᠤᠳᠤᠷᠠᠬᠢ ᠡᠯ᠎ᠠ ᠱᠠᠳᠤᠨ ᠤ᠋ ᠨᠠᠮ ᠤ᠋ᠨ ᠵᠤᠬᠢᠶᠠᠨ ᠪᠠᠢᠭᠤᠯᠤᠯᠳᠠ ᠲᠡᠭᠡᠳᠤ ᠬᠡᠮᠵᠢᠶ᠎ᠠ ᠪᠡᠷ ᠴᠢᠬᠤᠯᠠᠴᠢᠯᠠᠵᠤ᠂ ᠦᠳᠳᠡᠷ ᠲᠦᠷᠭᠡᠨ ᠬᠦᠳᠡᠯᠦᠯᠴᠡᠵᠦ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ ᠢ᠋ ᠭᠦᠨᠵᠡᠭᠡᠢ ᠦᠷᠨᠢᠬᠦᠯᠬᠦ ᠲᠠᠢ ᠤᠶᠠᠯᠳᠤᠭᠤᠯᠤᠨ᠂ ᠰᠤᠷᠤᠯᠴᠠᠯᠭ᠎ᠠ ᠵᠢ ᠴᠢᠡᠭᠭ᠎ᠠ ᠪᠤᠳᠠᠳᠠᠢ ᠠᠳᠬᠤᠨ ᠭᠦᠨᠵᠡᠭᠡᠢ ᠠᠬᠢᠭᠤᠯᠵᠤ᠂ ᠬᠠᠯᠠᠭᠤᠨ ᠦᠷᠨᠢᠯᠳᠠ ᠭᠠᠷᠭᠠᠵᠦ᠂ ᠠᠵᠢᠯ ᠬᠢᠵᠤ ᠦᠢᠯᠡᠰ ᠪᠤᠰᠬᠠᠬᠤ ᠪᠤᠳᠠᠳᠠᠢ ᠦᠷ᠎ᠠ ᠪᠦᠳᠦᠮᠵᠢ ᠪᠤᠯᠭᠠᠨ ᠬᠤᠪᠢᠷᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃