ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠠᠡᠭᠬᠠᠨ᠎ᠤ ᠲᠠᠯᠠᠪᠠᠢ ᠮᠡᠳᠡᠭᠦᠯᠦᠯᠲᠡ ᠶ᠋ᠢᠨ ᠬᠤᠷᠠᠯ ᠬᠥᠬᠡᠬᠣᠲᠠ ᠳ᠋ᠤ ᠶᠠᠪᠤᠭᠳᠠᠵᠠᠢ ​
2021-12-09 09:40:49
ᠵᠣᠬᠢᠶᠠᠭ᠍ᠴᠢ᠄
ᠬᠤᠸᠠᠩ ᠹᠦ ᠱᠢᠤ ᠯᠢᠩ
ᠣᠩᠱᠢᠭ᠍ᠰᠠᠨ ᠣᠳᠠᠭ᠎ᠠ᠄
★★★☆☆

12  ᠰᠠᠷ᠎ᠠ  ᠶ᠋ᠢᠨ  7  ᠤ᠋ ᠡᠳᠦᠷ ᠂ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠵᠢᠷᠭᠤᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠢ᠋ᠢ ᠰᠤᠷᠤᠯᠴᠠᠨ ᠲᠦ᠍ᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠠᠡᠭᠬᠠᠨ᠎ᠤ ᠲᠠᠯᠠᠪᠠᠢ ᠮᠡᠳᠡᠭᠦᠯᠦᠯᠲᠡ ᠶ᠋ᠢᠨ ᠬᠤᠷᠠᠯ ᠬᠥᠬᠡᠬᠣᠲᠠ ᠳ᠋ᠤ ᠶᠠᠪᠤᠭᠳᠠᠵᠠᠢ᠃

ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠥᠪᠥᠷ ᠮᠣᠩᠭᠣᠯ ᠤ᠋ᠨ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠳᠠᠷᠤᠭ᠎ᠠ ᠯᠢ ᠴᠦᠨ ᠯᠢᠨ 《ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠵᠢᠷᠭᠤᠳᠤᠭᠠᠷ ᠪᠦᠬᠦᠳᠠ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠨᠵᠡᠭᠡᠢ ᠲᠠᠨᠢᠬᠤ》᠂ 《ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠵᠢᠷᠭᠤᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭᠠᠨ ᠤ᠋ ᠪᠠᠶᠠᠯᠢᠭ ᠠᠭᠤᠯᠤᠭ᠍ᠳᠠᠬᠤᠨ ᠪᠠ ᠭᠣᠣᠯ ᠤᠳᠬ᠎ᠠ ᠰᠠᠨᠠᠭ᠎ᠠ ᠢ᠋ᠢ ᠭᠦᠨᠵᠡᠭᠡᠢ ᠣᠢᠯᠠᠭᠠᠬᠤ》᠂ 《ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠵᠢᠷᠭᠤᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠢ᠋ᠢ ᠥᠪᠥᠷ ᠮᠣᠩᠭᠣᠯ ᠳ᠋ᠤ ᠲᠦ᠍ᠭᠤᠱᠢᠯᠠᠭᠤᠯᠤᠨ ᠨᠠᠢᠳᠠᠪᠤᠷᠢᠵᠢᠭᠤᠯᠬᠤ ᠢ᠋ᠢ ᠯᠠᠪᠳᠠᠭᠤᠨ ᠪᠠᠲᠤᠲᠠᠢ ᠠᠬᠢᠭᠤᠯᠬᠤ》 ᠭᠤᠷᠪᠠᠨ ᠲᠠᠯ᠎ᠠ ᠡᠴᠡ ᠪᠣᠳᠠᠲᠤ ᠪᠠᠢᠳᠠᠯ ᠲᠠᠢ ᠪᠡᠨ ᠤᠶᠠᠯᠳᠤᠭᠤᠯᠤᠨ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠢ᠋ᠢ ᠭᠦᠨᠵᠡᠭᠡᠢ ᠲᠣᠳᠣᠷᠬᠠᠢᠯᠠᠨ ᠲᠠᠢᠯᠪᠤᠷᠢᠯᠠᠪᠠ᠃ ᠬᠢᠯᠪᠡᠷ ᠣᠢᠯᠠᠭᠠᠮᠵᠢᠲᠠᠶ ᠲᠠᠢᠯᠪᠤᠷᠢᠯᠠᠯᠲᠠ ᠨᠢ ᠬᠤᠷᠠᠯ ᠤᠷᠤᠯᠴᠠᠭᠰᠠᠳ ᠲᠦ᠍ ᠪᠦᠭᠦᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ᠂ ᠪᠠᠶᠠᠯᠢᠭ ᠠᠭᠤᠯᠤᠭ᠍ᠳᠠᠬᠤᠨ ᠪᠠ ᠭᠣᠣᠯ ᠤᠳᠬ᠎ᠠ ᠰᠠᠨᠠᠭ᠎ᠠ ᠢ᠋ᠢ ᠣᠢᠯᠠᠭᠠᠭᠤᠯᠤᠨ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠬᠠᠷᠠᠯᠲᠠ ᠡᠭᠦᠷᠭᠡ ᠪᠠ ᠠᠵᠢᠯ ᠤ᠋ᠨ ᠱᠠᠭᠠᠷᠳᠠᠯᠭ᠎ᠠ ᠢ᠋ᠢ ᠪᠦᠬᠦ᠌ ᠲᠠᠯ᠎ᠠ᠎ᠪᠠᠷ ᠣᠨᠣᠪᠴᠢᠲᠠᠶ ᠡᠵᠡᠮᠱᠢᠭᠦᠯᠵᠦ᠍᠂ ᠦᠨᠳᠦᠰᠦᠨ ᠱᠠᠲᠤᠨ ᠤ᠋ ᠺᠠᠳ᠋ᠷ ᠣᠯᠠᠨ ᠲᠦᠮᠡᠨ᠎ᠦ ᠪᠦᠭᠦᠳᠡ ᠬᠤᠷᠠᠯ ᠪᠠ ᠨᠠᠮ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠢ᠋ᠢ ᠤᠯᠠᠮ ᠨᠢᠭᠡ ᠠᠯᠬᠤᠮ ᠰᠠᠢᠲᠤᠷ ᠰᠤᠷᠤᠯᠴᠠᠨ᠂ ᠰᠠᠢᠲᠤᠷ ᠤᠬᠠᠭᠤᠯᠵᠤ᠂ ᠰᠠᠢᠲᠤᠷ ᠲᠦ᠍ᠭᠤᠰᠢᠯᠠᠭᠤᠯᠬᠤ ᠳ᠋ᠤ ᠮᠠᠰᠢ ᠴᠢᠬᠤᠯᠠ ᠵᠢᠯᠣᠭᠣᠳᠭᠤ ᠠᠴᠢ ᠬᠣᠯᠪᠣᠭ᠍ᠳᠠᠯ ᠲᠠᠢ ᠪᠤᠯᠤᠨ᠎ᠠ᠃

ᠬᠥᠬᠡᠬᠣᠲᠠ ᠶ᠋ᠢᠨ ᠨᠠᠮ ᠤ᠋ᠨ ᠬᠣᠷᠢᠶ᠎ᠠ᠎ᠵᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ ᠶ᠋ᠢᠨ ᠬᠣᠷᠢᠶ᠎ᠠ᠎ᠵᠢᠨ ᠱᠦᠵᠢ ᠼᠤᠤ ᠰᠧ ᠶᠠᠩ᠄ 《ᠪᠦᠭᠦᠳᠡ ᠬᠤᠷᠠᠯ ᠤ᠋ᠨ ᠵᠣᠷᠢᠭ ᠰᠠᠨᠠᠭ᠎ᠠ ᠢ᠋ᠢ ᠰᠠᠢᠲᠤᠷ ᠰᠤᠷᠤᠯᠴᠠᠨ ᠤᠬᠠᠭᠤᠯᠵᠤ ᠲᠦ᠍ᠭᠤᠰᠢᠯᠠᠭᠤᠯᠬᠤ ᠪᠣᠯ ᠤᠷᠤᠨ ᠤ᠋ ᠲᠦᠪ ᠤ᠋ᠨ ᠣᠳᠣᠬᠠᠨ ᠤ᠋ ᠪᠠ ᠬᠣᠢᠱᠢᠳᠠ ᠶ᠋ᠢᠨ ᠨᠢᠭᠡ ᠬᠤᠭᠤᠴᠠᠭᠠᠨ ᠤ᠋ ᠴᠢᠬᠤᠯᠠ ᠶᠡᠬᠡ ᠤᠯᠤᠰ ᠲᠦᠷᠦ᠍ ᠶ᠋ᠢᠨ ᠡᠭᠦᠷᠭᠡ ᠪᠣᠯᠤᠨ᠎ᠠ᠂ ᠪᠢᠳᠡ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷ ᠢ᠋ ᠬᠥᠲᠥᠯᠥᠨ ᠵᠢᠯᠤᠭᠤᠳᠴᠤ ᠪᠠᠢᠭᠠᠳ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠢ᠋ᠢ ᠰᠤᠷᠤᠯᠴᠠᠨ ᠤᠬᠠᠭᠤᠯᠵᠤ ᠲᠦ᠍ᠭᠤᠱᠢᠯᠠᠭᠤᠯᠬᠤ ᠢ᠋ᠢ ᠶᠡᠷᠦᠩᠬᠡᠶ ᠱᠦᠵᠢ ᠰᠢ ᠶ᠋ᠢᠨ ᠫᠢᠩ ᠤ᠋ᠨ ᠥᠪᠥᠷ ᠮᠣᠩᠭᠣᠯ ᠤ᠋ᠨ ᠲᠦ᠍ᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠴᠣᠬᠣᠯᠠᠪᠤᠷᠢ᠎ᠶ᠋ᠢᠨ᠎ᠵᠣᠷᠢᠭ᠎ᠰᠠᠨᠠᠭ᠎ᠠ᠎ᠲᠠᠢ᠎ᠤᠶᠠᠯᠳᠤᠭᠤᠯᠤᠨ᠂ ᠨᠠᠮ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠬᠥᠬᠡᠬᠣᠲᠠ ᠶ᠋ᠢᠨ ᠠᠷᠪᠠᠨ ᠭᠤᠷᠪᠠᠳᠤᠭᠠᠷ ᠤᠳᠠᠭ᠎ᠠ᠎ᠵᠢᠨ ᠨᠠᠮ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠠᠵᠤ ᠠᠬᠤᠶ ᠨᠡᠢᠭᠡᠮ ᠤ᠋ᠨ ᠬᠥᠭ᠌ᠵᠢᠯᠲᠡ ᠪᠠ ᠨᠠᠮ ᠤ᠋ᠨ ᠪᠠᠢᠭᠤᠯᠤᠯᠲᠠ ᠶ᠋ᠢᠨ ᠡᠯ᠎ᠡ ᠲᠠᠯ᠎ᠠ ᠡᠯ᠎ᠠ ᠬᠦᠷᠢᠶᠡᠨ ᠳ᠋ᠤ ᠪᠦᠬᠦ᠌ ᠬᠦᠴᠦᠨ ᠢ᠋ᠢᠡᠷ ᠢ᠋ᠢᠡᠨ ᠲᠦ᠍ᠭᠤᠱᠢᠯᠠᠭᠤᠯᠵᠤ᠂ ᠣᠳᠣᠬᠠᠨ ᠤ᠋ ᠪᠠ ᠬᠣᠢᠱᠢᠳᠠ ᠶ᠋ᠢᠨ ᠨᠢᠭᠡ ᠬᠤᠭᠤᠴᠠᠭᠠᠨ ᠤ᠋ ᠡᠯ᠎ᠡ ᠵᠦᠢᠯ ᠤ᠋ᠨ᠎ᠠᠵᠢᠯ᠎ᠢ᠋ ᠯᠠᠪᠳᠠᠭᠤᠨ ᠪᠠᠲᠤᠲᠠᠢ ᠰᠠᠢᠲᠤᠷ ᠬᠢᠵᠦ᠂ ᠪᠦᠬᠦ᠌ ᠬᠣᠲᠠ ᠶ᠋ᠢᠨ ᠦᠨᠳᠦᠰᠦᠲᠡᠨ᠎ᠨᠦᠭᠦᠳ ᠤ᠋ᠨ ᠠᠷᠠᠳ ᠲᠦᠮᠡᠨ ᠢ᠋ ᠳᠠᠢᠴᠢᠯᠠᠨ 〈ᠦᠵᠡᠰᠭᠦᠯᠡᠩᠲᠦ ᠰᠠᠢᠬᠠᠨ ᠥᠪᠥᠷ ᠮᠣᠩᠭᠣᠯ᠎ᠵᠢᠡᠨ ᠪᠦᠲᠦᠭᠡᠨ᠎ᠪᠠᠢᠭᠤᠯᠵᠤ᠂᠎ᠠᠭᠤᠤ᠎ᠶᠡᠬᠡ᠎ᠳᠤᠮᠳᠠᠳᠤ᠎ᠶ᠋ᠢᠨ᠎ᠵᠡᠭᠦᠳᠦ᠍᠎ᠪᠡᠨ ᠬᠠᠮᠲᠤ ᠪᠠᠷ ᠲᠡᠷᠭᠡᠯᠱᠢᠭᠦᠯᠬᠦ᠌〉 ᠳ᠋ᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠠ 》 ᠭᠡᠪᠠ ᠃

ᠬᠥᠬᠡᠬᠣᠲᠠ ᠶ᠋ᠢᠨ ᠨᠠᠮ ᠤ᠋ᠨ ᠬᠣᠷᠢᠶ᠎ᠠ᠎ᠵᠢᠨ ᠤᠬᠠᠭᠤᠯᠬᠤ ᠬᠡᠯᠲᠡᠰ ᠤ᠋ᠨ ᠳᠡᠳ᠋ ᠳᠠᠷᠤᠭ᠎ᠠ᠂ ᠬᠣᠲᠠ ᠶ᠋ᠢᠨ ᠰᠣᠶᠣᠯ ᠪᠠ ᠵᠢᠭᠤᠯᠴᠢᠯᠠᠯ ᠷᠠᠳᠢᠣ᠋ ᠲᠧᠯᠸᠢᠰ ᠤ᠋ᠨ ᠲᠣᠪᠴᠢᠶ᠎ᠠ᠎ᠵᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠣᠪᠴᠢᠶᠠᠨ ᠳᠠᠷᠤᠭ᠎ᠠ ᠯᠠᠨ ᠢ᠄ 《ᠪᠦᠬᠦᠳᠡ ᠬᠤᠷᠠᠯ ᠨᠢ ᠪᠦᠬᠦ᠌ ᠨᠠᠮ ᠤ᠋ᠨ ᠴᠢᠬᠤᠯᠠ ᠶᠡᠬᠡ ᠱᠢᠨ᠎ᠡ ᠲᠡᠦᠬᠡᠨ ᠵᠠᠩᠭᠢᠯᠠᠭ᠎ᠠ ᠢ᠋ᠢᠨ ᠴᠠᠭ ᠦᠶ᠎ᠡ ᠢ᠋ᠢᠨ ᠤᠷᠤᠭ᠍ᠰᠢᠯᠠᠬᠤ ᠴᠢᠭ᠌ᠯᠡᠯ ᠢ᠋ ᠲᠦ᠍ᠳᠤᠷᠬᠠᠢᠯᠠᠵᠤ᠂ ᠨᠠᠮ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠨᠢ ᠮᠠᠨ ᠤ᠋ ᠰᠣᠶᠣᠯ ᠪᠠ ᠵᠢᠭᠤᠯᠴᠢᠯᠠᠯ ᠤ᠋ᠨ ᠦᠢᠯᠡᠰ ᠤ᠋ᠨ ᠪᠣᠳᠠᠲᠠᠢ ᠲᠡᠮᠡᠴᠡᠬᠦ ᠬᠠᠷᠠᠯᠲᠠ᠎ᠶᠢ ᠳᠤᠷᠠᠳᠴᠤ ᠂ ᠪᠢᠳᠡᠨ ᠤ᠋ ᠰᠡᠳᠭᠢᠯ ᠢ᠋ ᠨᠢᠭᠡᠳᠭᠡᠨ ᠬᠦᠴᠦ ᠢ᠋ᠢ ᠬᠠᠮᠲᠤᠳᠬᠠᠨ ᠂ ᠡᠷᠴᠢ ᠵᠣᠷᠢᠭ ᠢ᠋ ᠳᠠᠬᠢᠨᠳᠠ ᠬᠦᠪᠴᠢᠯᠡᠵᠠᠢ᠂ ᠪᠢᠳᠡ ᠪᠥᠬᠥ᠌ ᠬᠣᠲᠠ ᠶ᠋ᠢᠨ ᠰᠣᠶᠣᠯ ᠪᠠ ᠵᠢᠭᠤᠯᠴᠢᠯᠠᠯ ᠤ᠋ᠨ ᠠᠵᠤ ᠦᠶ᠋ᠯᠡᠰ ᠤ᠋ᠨ ᠴᠢᠨᠠᠷ ᠰᠠᠢᠲᠠᠶ ᠠᠭᠤᠰᠤᠯᠴᠠᠨ ᠬᠥᠭ᠌ᠵᠢᠬᠦ᠌ ᠢ᠋ᠢ ᠠᠬᠢᠭᠤᠯᠵᠤ ᠂ ᠪᠦᠬᠦ᠌ ᠣᠷᠣᠨ ᠪᠦᠰᠡ ᠶ᠋ᠢᠨ ᠵᠢᠭᠤᠯᠴᠢᠯᠠᠯ᠂ ᠳᠥᠷᠪᠡᠨ ᠤᠯᠠᠷᠢᠯ ᠤ᠋ᠨ ᠵᠢᠭᠤᠯᠴᠢᠯᠠᠯ ᠵᠡᠷᠭᠡ ᠢ᠋ᠢ ᠪᠦᠬᠦ ᠬᠦᠴᠦᠨ ᠢ᠋ᠢᠡᠷ ᠬᠦᠭᠵᠢᠭᠦᠯᠦᠭᠰᠡᠨ ᠰᠠᠭᠤᠷᠢᠨ ᠳᠡᠭᠡᠷ᠎ᠡ᠂ ᠵᠢᠭᠤᠯᠴᠢᠯᠠᠯ ᠤ᠋ᠨ ᠡᠵᠡᠩᠨᠡᠯᠳᠡ ᠢ᠋ᠢᠨ ᠬᠡᠯᠪᠡᠷᠢ ᠢ᠋ᠢ ᠪᠠᠶᠠᠯᠢᠭ᠍ᠵᠢᠭᠤᠯᠬᠤ᠂ ᠵᠢᠭᠤᠯᠴᠢᠯᠠᠯ ᠤ᠋ᠨ ᠡᠯᠧᠮᠧᠨ᠋ᠲ ᠢ᠋ ᠲᠡᠭᠦᠯᠳᠡᠷᠵᠢᠭᠦᠯᠬᠦ᠂ ᠵᠢᠭᠤᠯᠴᠢᠯᠠᠯ ᠤ᠋ᠨ ᠤᠯᠠᠨ ᠡᠱᠢᠵᠢᠭ᠌ᠰᠡᠨ ᠦᠢᠯᠡᠴᠢᠯᠡᠭᠡ ᠢ᠋ᠢ ᠨᠡᠮᠡᠭ᠌ᠳᠡᠭᠦᠯᠬᠦ᠌ ᠵᠡᠷᠭᠡ ᠲᠠᠯ᠎ᠠ᠎ᠪᠠᠷ ᠨᠠᠡᠭ ᠬᠦᠴᠦᠯᠡᠵᠤ᠂ ᠭᠠᠵᠠᠷ ᠪᠣᠯᠭᠠᠨ ᠦᠵᠡᠮᠵᠢ ᠲᠠᠢ᠂ ᠴᠠᠭ ᠢᠮᠠᠭ᠍ᠲᠠ ᠦᠢᠯᠡᠴᠢᠯᠡᠭᠡ᠎ᠲᠡᠶ᠂ ᠬᠥᠮᠦᠨ ᠪᠣᠯᠭᠠᠨ ᠲᠠᠭᠠᠯᠠᠮᠵᠢᠲᠠᠶ ᠣᠳᠣᠬᠢᠴᠢᠯᠠᠭᠰᠠᠨ᠂ ᠡᠷᠴᠢᠮᠵᠢᠭᠰᠡᠨ᠂ ᠴᠢᠨᠠᠷᠵᠢᠭᠤᠨ 〈ᠵᠢᠭᠤᠯᠴᠢᠯᠠᠬᠤ ᠳ᠋ᠤ ᠲᠣᠬᠢᠷᠠᠮᠵᠢᠲᠠᠶ 〉 ᠬᠣᠲᠠ᠂ ᠣᠷᠣᠨ ᠪᠦᠰᠡ ᠶ᠋ᠢᠨ ᠵᠢᠭᠤᠯᠴᠢᠯᠠᠨ ᠰᠡᠯᠡᠭᠦᠴᠡᠬᠦ ᠠᠮᠠᠷᠠᠯᠲᠠ ᠶ᠋ᠢᠨ ᠲᠥᠪ ᠢ᠋ ᠪᠠᠢᠭᠤᠯᠤᠨ᠎ᠠ》 ᠭᠡᠵᠦ ᠢᠳᠡᠭᠡᠯ ᠲᠡᠭᠦᠯᠳᠡᠷ ᠬᠡᠯᠠᠯ᠎ᠠ᠃

ᠬᠥᠬᠡᠬᠣᠲᠠ ᠶ᠋ᠢᠨ ᠨᠠᠮ ᠤ᠋ᠨ ᠬᠣᠷᠢᠶ᠎ᠠ᠎ᠵᠢᠨ ᠨᠠᠮ ᠤ᠋ᠨ ᠰᠤᠷᠭᠠᠭᠤᠯᠢ ᠶ᠋ᠢᠨ ᠨᠠᠮ ᠤ᠋ᠨ ᠲᠡᠦᠬᠡ ᠨᠠᠮ ᠤ᠋ᠨ ᠪᠠᠢᠭᠤᠯᠤᠯᠲᠠ ᠶ᠋ᠢᠨ ᠵᠢᠭᠠᠨ ᠰᠤᠳᠤᠯᠬᠤ ᠲᠠᠰᠤᠭ ᠤ᠋ᠨ ᠡᠷᠬᠢᠯᠡᠭ᠌ᠴᠢ᠂ ᠳᠡᠳ᠋ ᠫᠷᠤᠹᠸᠰᠰᠤᠷ ᠯᠢ ᠧᠨ ᠸᠧᠢ ᠄ 《ᠥᠨᠥᠳᠦᠷ ᠤ᠋ᠨ ᠮᠡᠳᠡᠭᠦᠯᠦᠯᠲᠡ ᠶ᠋ᠢᠨ ᠬᠤᠷᠠᠯ ᠢ᠋ᠢᠡᠷ ᠲᠠᠮᠵᠢᠨ᠂ ᠪᠢᠳᠡ ᠪᠥᠬᠥᠳᠡ ᠬᠤᠷᠠᠯ ᠤ᠋ᠨ ᠵᠣᠷᠢᠭ ᠰᠠᠨᠠᠭᠠᠨ ᠤ᠋ ᠠᠭᠤᠯᠤᠭ᠍ᠳᠠᠬᠤᠨ ᠢ᠋ ᠨᠠᠩ ᠭᠦᠨᠵᠡᠭᠡᠶ ᠣᠬᠠᠪᠠ᠂ ᠢᠯᠠᠩᠭᠤᠶ᠎ᠠ ᠦᠵᠡᠯ ᠰᠠᠨᠠᠭ᠎ᠠ ᠪᠡᠨ ᠨᠢᠭᠡᠳᠭᠡᠬᠦ᠂ ᠢᠳᠡᠭᠡᠯ ᠵᠤᠷᠢᠭ ᠢ᠋ᠢᠡᠨ ᠨᠢᠭᠡᠳᠭᠡᠬᠦ᠂ ᠬᠦᠴᠦᠨ ᠴᠢᠳᠠᠯ ᠢ᠋ᠢᠡᠨ ᠨᠢᠭᠡᠳᠭᠡᠬᠦ 〈ᠭᠤᠷᠪᠠ ᠢ᠋ᠢ ᠨᠢᠭᠡᠳᠭᠡᠬᠦ᠌〉 ᠢ᠋ᠢᠨ ᠭᠦᠨᠵᠡᠭᠡᠶ ᠠᠭᠤᠯᠤᠭ᠍ᠳᠠᠬᠤᠨ ᠢ᠋ ᠤᠯᠠᠨ ᠢ᠋ᠢᠡᠷ ᠢ᠋ᠢᠡᠨ ᠬᠦᠨᠵᠡᠭᠡᠢ ᠤᠢᠯᠠᠭᠠᠵᠠᠢ᠂ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ ᠪᠣᠯᠤᠭ᠍ᠰᠠᠨ ᠤ᠋ ᠬᠤᠪᠢ ᠳ᠋ᠤ᠂ ᠳᠠᠷᠠᠭᠠᠴᠢ ᠪᠡᠷ᠂ ᠪᠢᠳᠠ ᠠᠮᠢᠳᠤᠯᠢᠭ ᠪᠤᠳᠠᠳᠠᠢ ᠵᠢᠱ᠌ᠢᠶ᠎ᠡ᠂ ᠬᠢᠯᠪᠡᠷ ᠤᠢᠯᠠᠭᠠᠮᠵᠢᠳᠠᠢ ᠬᠡᠯᠡ ᠬᠡᠯᠡᠯᠭᠡ ᠪᠡᠷ ᠬᠤᠷᠠᠯ᠎ᠤᠨ ᠪᠦᠬᠦ ᠠᠭᠤᠯᠭ᠎ᠠ᠎ᠵᠢ ᠦᠨᠳᠦᠰᠦᠨ ᠱᠠᠲᠤᠨ ᠤ᠋ ᠨᠠᠮ ᠤ᠋ᠨ ᠭᠡᠱᠢᠭᠦᠨ ᠺᠠᠳ᠋ᠷ ᠣᠯᠠᠨ ᠲᠦᠮᠡᠨ᠎ᠳᠦ ᠲᠠᠢᠯᠪᠤᠷᠢᠯᠡᠨ ᠥᠭ᠌ᠴᠤ᠂ ᠣᠯᠠᠨ ᠢ᠋ ᠨᠠᠮ ᠤ᠋ᠨ ᠵᠠᠭᠤᠨ ᠵᠢᠯ ᠤ᠋ᠨ ᠭᠡᠷᠡᠯ ᠰᠠᠴᠤᠷᠠᠩᠭᠤᠶ ᠥᠩᠭᠡᠷᠡᠯᠲᠡ᠎ᠡᠴᠡ ᠣᠶᠤᠨ ᠤᠬᠠᠭᠠᠨ ᠪᠠ ᠬᠦᠴᠦᠨ ᠴᠢᠳᠠᠯ ᠤᠯᠵᠤ᠂ ᠠᠵᠢᠯ ᠤ᠋ᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠂ ᠳᠤᠮᠳᠠᠳᠤ ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠶ᠋ᠢᠨ ᠳᠤᠮᠳᠠᠳᠤ ᠶ᠋ᠢᠨ ᠵᠡᠭᠦᠳᠦ᠍ ᠢ᠋ᠢ ᠲᠡᠷᠭᠡᠯᠱᠢᠭᠦᠯᠬᠦ᠌᠎ᠳᠦ ᠬᠤᠪᠢ ᠨᠡᠮᠡᠷᠢ ᠦᠵᠡᠭᠦᠯᠬᠦ᠌ ᠪᠤᠯᠭᠠᠨ᠎ᠠ》 ᠭᠡᠵᠦ ᠰᠡᠳᠬᠢᠯ ᠳᠤᠭᠳᠤᠯᠤᠨ ᠭᠡᠯᠡᠨ᠎ᠠ ᠃

《ᠡᠨᠡ ᠤᠳᠠᠭ᠎ᠠ᠎ᠵᠢᠨ ᠮᠡᠳᠡᠭᠦᠯᠦᠯᠲᠡ ᠨᠢ ᠪᠢᠳᠡᠨ᠎ᠦ ᠨᠡᠩ ᠶᠡᠬᠡ ᠡᠷᠴᠢ ᠵᠣᠷᠢᠭ ᠢ᠋ᠢᠡᠷ ᠰᠠᠨᠠᠭᠠᠴᠢᠯᠠᠭ᠎ᠠ ᠡᠴᠡ ᠪᠡᠨ ᠥᠭᠡᠷᠡᠴᠢᠯᠡᠯᠲᠡ ᠬᠢᠵᠦ᠍ ᠱᠢᠨ᠎ᠡ ᠢ᠋ᠢ ᠡᠭᠦᠳᠦᠨ᠂ ᠠᠮᠢ ᠠᠬᠤᠢ ᠣᠷᠴᠢᠨ ᠲᠣᠭᠣᠷᠢᠨ ᠢ᠋ ᠬᠠᠮᠠᠭᠠᠯᠠᠬᠤ ᠠᠵᠢᠯ ᠢ᠋ ᠠᠬᠢᠭᠤᠯᠤᠨ ᠪᠣᠬᠢᠷᠲᠤᠯ ᠦᠭᠡᠢ ᠴᠢᠨᠠᠷ ᠰᠠᠢᠲᠠᠢ ᠬᠥᠭ᠌ᠵᠢᠯᠲᠡ ᠶ᠋ᠢᠨ ᠵᠠᠮ ᠢ᠋ᠢᠡᠷ ᠵᠠᠮᠨᠠᠬᠤ ᠡᠷᠴᠢ ᠵᠤᠷᠢᠭ᠎ᠢ ᠬᠦᠪᠴᠢᠯᠡᠪᠠ᠃ ᠲᠠᠷᠠᠭᠠᠴᠢ ᠪᠡᠷ ᠂ ᠪᠢᠳᠡ ᠤᠯᠤᠰ ᠤ᠋ᠨ ᠠᠮᠢ ᠠᠬᠤᠶ ᠶ᠋ᠢᠨ ᠪᠣᠯᠪᠠᠰᠤᠨ ᠤ᠋ ᠪᠠᠢᠭᠤᠯᠤᠯᠲᠠ ᠶ᠋ᠢᠨ ᠵᠢᠱ᠌ᠢᠶ᠎ᠡ ᠦᠵᠡᠭᠦᠯᠬᠦ᠌ ᠬᠣᠲᠠ ᠢ᠋ᠢ ᠴᠢᠷᠮᠠᠢᠨ ᠪᠠᠢᠭᠤᠯᠬᠤ᠎ᠪᠠᠷ ᠬᠠᠷᠠᠯᠲᠠ ᠪᠣᠯᠭᠠᠨ᠂ ᠪᠣᠬᠢᠷᠲᠤᠯ ᠢ᠋ ᠰᠡᠷᠭᠡᠢᠯᠡᠨ ᠵᠠᠰᠠᠬᠤ ᠪᠤᠭᠤᠮᠳᠠ ᠰᠢᠪᠳᠤᠯᠬᠤ ᠳᠠᠢᠯᠠᠯᠳᠤᠭᠠᠨ ᠢ᠋ ᠭᠦᠨᠵᠡᠭᠡᠶ ᠰᠠᠢᠲᠤᠷ ᠬᠢᠵᠦ᠍᠂ ᠠᠭᠠᠷ ᠮᠠᠨᠳᠠᠯ᠂ ᠤᠰᠤ᠂ ᠬᠥᠷᠥᠰᠥ᠍᠎ᠱᠢᠷᠣᠶ᠎ᠶ᠋ᠢᠨ ᠣᠷᠴᠢᠨ ᠲᠣᠭᠣᠷᠢᠨ ᠤ᠋ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠵᠤ᠂ ᠪᠠᠢᠭᠠᠯᠢ ᠶ᠋ᠢᠨ ᠠᠮᠢ ᠠᠬᠤᠶ ᠢ᠋ᠢ ᠬᠠᠮᠠᠭᠠᠯᠠᠬᠤ ᠡᠷᠴᠢᠮ ᠢ᠋ ᠦᠨᠡᠨ ᠬᠦ᠌ ᠴᠢᠩᠭᠠᠷᠠᠭᠤᠯᠵᠤ᠂ ᠠᠮᠢ ᠠᠬᠤᠶ ᠣᠷᠴᠢᠨ ᠲᠣᠭᠣᠷᠢᠨ ᠤ᠋ ᠵᠠᠰᠠᠯᠲᠠ ᠶ᠋ᠢᠨ ᠦᠷ᠎ᠡ ᠪᠦᠲᠦᠮᠵᠢ ᠢ᠋ᠢ ᠲᠠᠰᠤᠷᠠᠯᠲᠠ ᠥᠬᠡᠶ ᠨᠡᠮᠡᠭᠳᠡᠬᠦᠯᠤᠨ᠂ ᠡᠷᠡᠰ ᠭᠤᠢᠪᠢᠰᠢ ᠦᠭᠡᠢ ᠪᠡᠷ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ᠎ᠦ ᠬᠠᠯᠬᠠᠪᠴᠢ ᠶ᠋ᠢᠨ ᠪᠥᠲᠥᠭᠡᠨ ᠪᠠᠢᠭᠤᠯᠤᠭ᠍ᠴᠢ ᠪᠠ ᠣᠷᠣᠨ ᠤ᠋ ᠲᠥᠪ ᠤ᠋ᠨ ᠠᠮᠢ ᠠᠬᠤᠶ ᠣᠷᠴᠢᠨ ᠲᠣᠭᠣᠷᠢᠨ ᠤ᠋ ᠶᠠᠰᠤ ᠴᠢᠨᠠᠷ ᠤ᠋ᠨ ᠰᠠᠬᠢᠨ ᠬᠠᠮᠠᠭᠠᠯᠠᠭ᠍ᠴᠢ ᠪᠣᠯᠤᠨ᠎ᠠ》 ᠭᠡᠵᠦ᠍ ᠬᠥᠬᠡᠬᠣᠲᠠ ᠶ᠋ᠢᠨ ᠠᠮᠢ ᠠᠬᠤᠶ ᠣᠷᠴᠢᠨ ᠲᠣᠭᠣᠷᠢᠨ ᠤ᠋ ᠲᠦ᠍ᠪᠴᠢᠶ᠎ᠠ᠎ᠵᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ ᠶᠢᠨ ᠱᠦ᠍ ᠭᠠᠩ ᠬᠡᠯᠡᠯ᠎ᠠ᠃

ᠲᠦ᠍ᠰ ᠡᠳᠦᠷ ᠤ᠋ᠨ ᠦᠳᠡ ᠶ᠋ᠢᠨ ᠬᠣᠢᠨ᠎ᠠ᠂ ᠯᠢ ᠴᠦᠨ ᠯᠢᠨ ᠬᠣᠲᠣᠩ ᠠᠷᠠᠳ ᠤ᠋ᠨ ᠲᠣᠭᠣᠷᠢᠭ ᠤ᠋ᠨ ᠵᠦᠩᠱᠠᠨ ᠪᠠᠷᠠᠭᠤᠨ ᠵᠠᠮ ᠤ᠋ᠨ ᠬᠤᠳᠠᠯᠳᠤᠭᠠᠨ ᠤ᠋ ᠲᠣᠭᠣᠷᠢᠭ ᠤ᠋ᠨ ᠨᠠᠮ ᠤ᠋ᠨ ᠪᠠᠢᠭᠤᠯᠤᠯᠲᠠ ᠶ᠋ᠢᠨ ᠬᠤᠯᠪᠤᠭᠠᠳᠤ ᠴᠣᠭ᠍ᠴᠠ ᠶ᠋ᠢᠨ ᠬᠦᠳᠡᠯᠭᠡᠭᠡᠨ᠎ᠤ ᠲᠥᠪ᠎ᠲᠦ ᠬᠦᠷᠴᠦ᠍᠂ ᠬᠠᠷᠢᠶ᠎ᠠ ᠤᠷᠤᠨ ᠤ᠋ ᠠᠵᠤ ᠠᠬᠤᠢᠯᠠᠯ ᠤ᠋ᠨ ᠨᠠᠮ ᠤ᠋ᠨ ᠭᠡᠱᠢᠭᠦᠨ ᠤ᠋ ᠲᠥᠯᠥᠭᠡᠯᠡᠭ᠌ᠴᠢ ᠪᠣᠯᠤᠨ ᠨᠡᠢᠭᠡᠮ ᠲᠣᠭᠣᠷᠢᠭ᠎ᠤ᠋ᠨ ᠺᠠᠳ᠋ᠷᠴᠤᠳ ᠲᠦ᠍ ᠲᠦ᠍ᠰᠭᠠᠢ ᠰᠡᠳᠦᠪᠲᠦ ᠤᠬᠠᠭᠤᠯᠤᠨ ᠲᠠᠢᠯᠪᠤᠷᠢᠯᠡᠬᠤ ᠠᠵᠢᠯᠯᠠᠭ᠎ᠠ ᠦᠷᠨᠢᠬᠦᠯᠦᠭᠰᠡᠨ ᠪᠥᠭᠡᠳ ᠤᠯᠠᠨ ᠲᠠᠢ ᠪᠤᠳᠤᠯ ᠰᠠᠨᠠᠯ ᠢ᠋ᠢᠡᠨ ᠰᠣᠯᠢᠯᠴᠠᠵᠤ᠂ ᠲᠠᠷᠠᠴᠢᠯᠠᠨ ᠤᠯᠠᠨ ᠤ᠋ ᠠᠩᠬᠠᠷᠴᠤ ᠪᠠᠢᠭ᠎ᠠ ᠠᠰᠠᠭᠤᠳᠠᠯ ᠎ᠳ᠋ᠤ ᠨᠠᠷᠢᠨ ᠨᠢᠮᠪᠠᠢ ᠲᠠᠢᠯᠪᠤᠷᠢᠯᠡᠯᠳᠠ ᠬᠢᠪᠠ᠃ ᠤᠯᠠᠨ ᠢ᠋ᠢᠡᠷ ᠢ᠋ᠢᠡᠨ᠂ ᠬᠦᠰᠡᠯᠡᠩ ᠢᠲᠡᠭᠡᠯ ᠪᠢᠱᠢᠷᠡᠯ ᠢ᠋ᠢᠡᠨ ᠪᠠᠲᠤᠳᠭᠠᠵᠤ᠂ ᠴᠠᠭ ᠦᠶ᠎ᠡ ᠶ᠋ᠢᠨ ᠠᠯᠬᠤᠭ᠎ᠠ ᠢ᠋ᠢ ᠲᠠᠭᠠᠵᠤ᠂ ᠯᠠᠪᠳᠠᠭᠤᠨ ᠪᠠᠲᠤᠲᠠᠢ ᠠᠵᠢᠯᠯᠠᠨ᠂ ᠵᠣᠷᠢᠭ᠍ᠲᠠᠢ᠎ᠪᠠᠷ ᠱᠢᠨ᠎ᠡ ᠢ᠋ᠢ ᠡᠭᠦᠳᠴᠦ᠍᠂ ᠰᠤᠷᠤᠯᠴᠠᠯᠭ᠎ᠠ ᠶ᠋ᠢᠨ ᠦᠷ᠎ᠡ ᠪᠦᠲᠦᠭᠡᠯ ᠢ᠋ᠢᠡᠨ ᠲᠦ᠍ᠬᠠᠢᠯᠠᠭ᠍ᠰᠠᠨ ᠠᠵᠢᠯ ᠢ᠋ᠢᠡᠨ ᠰᠠᠢᠲᠤᠷ ᠬᠢᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ ᠭᠡᠵᠡᠭᠡᠪᠠ᠃

ᠬᠣᠲᠣᠩ ᠠᠷᠠᠳ᠎ᠤ᠋ᠨ ᠲᠣᠭᠣᠷᠢᠭ ᠤ᠋ᠨ ᠵᠦᠩᠱᠠᠨ ᠪᠠᠷᠠᠭᠤᠨ ᠵᠠᠮ ᠤ᠋ᠨ ᠵᠡᠭᠡᠯᠢ ᠭᠤᠳᠤᠮᠵᠢ ᠶ᠋ᠢᠨ ᠬᠡᠷᠡᠭ ᠡᠷᠬᠢᠯᠡᠬᠦ᠌ ᠭᠠᠵᠠᠷ ᠤ᠋ᠨ ᠬᠠᠢ ᠯᠢᠶᠠᠩ ᠨᠡᠢᠭᠡᠮ ᠲᠣᠭᠣᠷᠢᠭ ᠤ᠋ᠨ ᠨᠠᠮ ᠤ᠋ᠨ ᠡᠭᠦᠷ ᠤ᠋ᠨ ᠱᠦᠵᠢ ᠯᠢ ᠱᠢᠶᠤᠤ ᠳ᠋ᠦᠩ ᠄ 《ᠯᠢ ᠫᠷᠤᠹᠸᠰᠰᠤᠷ ᠤ᠋ᠨ ᠲᠠᠢᠯᠤᠮᠵᠢ ᠢ᠋ᠢ ᠰᠣᠨᠣᠰᠤᠭᠠᠳ ᠶᠡᠬᠡ ᠳᠣᠭ᠍ᠳᠣᠯᠵᠠᠢ᠂ ᠮᠡᠳᠡᠭᠦᠯᠦᠯᠲᠡ ᠶ᠋ᠢᠨ ᠠᠭᠤᠯᠭ᠎ᠠ ᠨᠢ ᠪᠢᠳᠡᠨ ᠤ᠋ ᠪᠣᠳᠠᠲᠠᠢ ᠠᠵᠢᠯ ᠳ᠋ᠤ ᠮᠠᠰᠢ ᠴᠢᠩᠭ᠎ᠠ ᠵᠢᠯᠣᠭᠣᠳᠭᠤ ᠠᠴᠢ ᠬᠣᠯᠪᠣᠭ᠍ᠳᠠᠯ ᠲᠠᠢ᠂ ᠪᠢᠳᠡ ᠯᠠᠪᠳᠠᠢ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠢ᠋ᠢ ᠨᠠᠮ ᠤ᠋ᠨ ᠭᠡᠱᠢᠭᠦᠨ ᠠᠵᠢᠯᠳᠠᠨ ᠠᠵᠢᠯᠴᠢᠨ ᠨᠢᠭᠡᠪᠦᠷᠢ᠎ᠳᠡᠭᠡᠨ ᠤᠯᠠᠮᠵᠢᠯᠠᠵᠤ᠂ ᠰᠤᠷᠤᠯᠴᠠᠯᠭ᠎ᠠ᠎ᠶ᠋ᠢᠨ᠎ᠦᠷ᠎ᠡ᠎ᠪᠦᠲᠦᠮᠵᠢ᠎ᠢ᠋ᠢ᠎ᠠᠵᠢᠯ᠎ᠤ᠋ᠨ᠎ᠬᠥᠳᠡᠯᠭᠡᠬᠦ᠌᠎ᠬᠦᠴᠦᠨ᠎ᠪᠣᠯᠭᠠᠨ ᠬᠤᠪᠢᠷᠠᠭᠤᠯᠵᠤ᠂ ᠬᠠᠷᠢᠶ᠎ᠠ ᠣᠷᠣᠨ ᠤ᠋ ᠰᠠᠭᠤᠭᠠᠯᠢ ᠠᠷᠠᠳ ᠲᠦ᠍ ᠨᠡᠩ ᠰᠠᠢᠲᠤᠷ ᠦᠢᠯᠡᠴᠢᠯᠡᠵᠦ᠍᠂ ᠰᠠᠭᠤᠭᠠᠯᠢ ᠠᠷᠠᠳ᠎ᠤᠨ᠎ᠵᠢᠡᠨ᠎ᠬᠦᠷᠲᠡᠮᠵᠢ᠎ᠶ᠋ᠢᠨ ᠲᠦᠷᠦᠭ᠌ᠳᠡᠯ ᠪᠠ ᠵᠢᠷᠭᠠᠯᠲᠤ ᠲᠦᠷᠦᠭ᠌ᠳᠡᠯ᠎ᠢ ᠨᠠᠡᠭ ᠨᠠᠮᠡᠭᠳᠡᠬᠦᠯᠬᠦ ᠶᠤᠮ》 ᠭᠡᠵᠦ ᠢᠳᠡᠭᠡᠯ ᠲᠠᠬᠦᠯᠳᠡᠷ ᠭᠡᠯᠡᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号