​ᠮᠠᠨ᠎ᠤ ᠤᠷᠤᠨ᠎ᠤ 《ᠮᠣᠩᠭᠣᠯ ᠦᠨᠳᠦᠰᠦᠲᠡᠨ᠎ᠤ ᠤᠯᠠᠮᠵᠢᠯᠠᠯᠲᠤ ᠡᠪᠡᠷ ᠨᠤᠮᠤ ᠦᠢᠯᠡᠳᠬᠦ᠌ ᠤᠷ᠎ᠠ ᠮᠡᠷᠭᠡᠵᠢᠯ》 ᠤ᠋ᠨ ᠲᠥᠷᠥᠯ ᠵᠦᠢᠯ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯᠲᠤ ᠤᠷ᠎ᠠ ᠮᠡᠷᠭᠡᠵᠢᠯ᠎ᠤᠨ ᠦᠵᠡᠭᠦᠯᠭᠡ᠎ᠳᠤ ᠣᠷᠣᠯᠴᠠᠪᠠ
2021-12-09 14:51:51
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ 《ᠱᠢᠨ᠎ᠡ ᠠᠮᠢᠳᠤᠷᠠᠯ ᠱᠢᠨ᠎ᠡ ᠤᠯᠠᠮᠵᠢᠯᠠᠯ》᠎ᠵᠢᠡᠷ ᠭᠤᠤᠯ ᠰᠡᠳᠦᠪ ᠪᠣᠯᠭᠠᠭ᠍ᠰᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ᠎ᠤᠯᠠᠮᠵᠢᠯᠠᠯᠲᠤ᠎ᠤᠷ᠎ᠠ᠎ᠮᠡᠷᠭᠡᠵᠢᠯ᠎ᠦᠨ ᠦᠵᠡᠭᠦᠯᠭᠡ ᠠᠨᠾᠦ᠋ᠢ ᠮᠤᠵᠢ᠎ᠶ᠋ᠢᠨ ᠬᠤᠸᠠᠩᠱᠠᠨ᠎ᠳᠤ ᠶᠠᠪᠤᠭ᠍ᠳᠠᠵᠤ᠂ ᠪᠥᠬᠥ᠌ ᠤᠯᠤᠰ᠎ᠤᠨ ᠨᠡᠢᠲᠡ 200 ᠭᠠᠷᠤᠶ ᠤᠯᠤᠰ᠎ᠤᠨ ᠲᠠᠰ᠎ᠤᠨ ᠪᠠ ᠮᠤᠵᠢ᠎ᠶ᠋ᠢᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠦᠷᠦᠯ ᠵᠤᠢᠯ᠂ 400 ᠭᠠᠷᠤᠶ ᠤᠯᠠᠮᠵᠢᠯᠠᠨ ᠵᠠᠯᠭᠠᠮᠵᠢᠯᠠᠭ᠍ᠴᠢ᠎ᠶ᠋ᠢᠨ ᠤᠷᠠᠯᠠᠵᠤ ᠪᠦᠲᠦᠭᠡᠭ᠌ᠰᠡᠨ1500 ᠭᠠᠷᠤᠶ ᠰᠣᠳᠣᠨ ᠪᠦᠲᠦᠭᠡᠯ᠎ᠢ ᠲᠡᠯᠬᠡᠨ ᠦᠵᠡᠬᠦᠯᠵᠡᠢ᠃ ᠮᠠᠨ᠎ᠤ ᠤᠷᠤᠨ᠎ᠤ 《ᠮᠣᠩᠭᠣᠯ ᠦᠨᠳᠦᠰᠦᠲᠡᠨ᠎ᠦ ᠤᠯᠠᠮᠵᠢᠯᠠᠯᠲᠤ ᠡᠪᠡᠷ ᠨᠤᠮᠤ ᠦᠶ᠋ᠯᠡᠳᠬᠦ᠌ ᠤᠷ᠎ᠠ ᠮᠡᠷᠭᠡᠵᠢᠯ》 ᠤ᠋ᠨ ᠲᠥᠷᠥᠯ ᠵᠦᠶ᠋ᠯ ᠲᠣᠰ ᠤᠳᠠᠭᠠᠨ᠎ᠤ ᠦᠵᠡᠭᠦᠯᠭᠡ᠎ᠳᠦ ᠰᠣᠩᠭᠣᠭ᠍ᠳᠠᠭᠰᠠᠨ ᠪᠠᠢᠨ᠎ᠠ ᠃

《ᠮᠣᠩᠭᠣᠯ ᠦᠨᠳᠦᠰᠦᠲᠡᠨ ᠎ᠦ ᠤᠯᠠᠮᠵᠢᠯᠠᠯᠲᠤ ᠡᠪᠡᠷ ᠨᠤᠮᠤ ᠦᠶ᠋ᠯᠡᠳᠬᠦ᠌ ᠤᠷ᠎ᠠ ᠮᠡᠷᠭᠡᠵᠢᠯ》 ᠪᠣᠯ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ ᠪᠠᠢᠵᠤ᠂ ᠲᠤᠰ ᠮᠡᠷᠭᠡᠵᠢᠯ᠎ᠨᠢ ᠣᠲᠣ ᠪᠣᠯᠲᠠᠯ᠎ᠠ ᠨᠢᠭᠡᠨᠲᠡ 2000 ᠭᠠᠷᠤᠶ ᠵᠢᠯ᠎ᠦᠨ ᠲᠡᠦᠬᠡ᠎ᠲᠡᠶ ᠶᠤᠮ᠃ ᠡᠪᠡᠷ ᠨᠤᠮᠤ᠎ᠶ᠋ᠢᠨ ᠬᠠᠮᠤᠭ᠎ᠤᠨ ᠬᠣᠯᠠ ᠲᠤᠰᠤᠯᠲᠠ ᠨᠢ 653 ᠮᠧᠲ᠋ᠷ ᠪᠠᠢᠵᠤ᠂ ᠡᠷᠲᠡᠨ ᠎ᠦ ᠨᠡᠭᠦᠳᠡᠯᠴᠢᠨ ᠦᠨᠳᠦᠰᠦᠲᠡᠨ ᠡᠪᠡᠷ ᠨᠤᠮᠤ᠎ᠶᠢ ᠠᠩ ᠠᠩᠨᠠᠯ ᠪᠠ ᠲᠤᠯᠤᠯᠳᠤᠭᠠᠨ᠎ᠳᠤ ᠠᠱᠢᠭ᠍ᠯᠠᠵᠤ᠂ ᠬᠣᠵᠢᠮ ᠨᠢ ᠨᠠᠭᠠᠳᠤᠮ᠎ᠤᠨ ᠬᠤᠷᠠᠯ᠎ᠤᠨ ᠴᠢᠬᠤᠯᠠ ᠨᠢᠭᠡᠨ ᠲᠦᠷᠦᠯ ᠪᠣᠯᠤᠭ᠍ᠰᠠᠨ ᠪᠠᠢᠨ᠎ᠠ᠃ ᠡᠪᠡᠷ ᠨᠤᠮᠤ᠎ᠶ᠋ᠢ ᠬᠢᠬᠦ᠌᠎ᠳᠦ ᠭᠣᠣᠯᠳᠠᠭᠤ ᠮᠠᠲ᠋ᠧᠷᠢᠶᠠᠯ ᠰᠣᠩᠭᠣᠬᠤ᠂ ᠮᠠᠲ᠋ᠧᠷᠢᠶᠠᠯ ᠠᠪᠬᠤ᠂ ᠪᠣᠯᠪᠠᠰᠤᠷᠠᠭᠤᠯᠬᠤ᠂ ᠨᠡᠢᠯᠡᠭᠦᠯᠬᠦ᠌ ᠵᠡᠷᠭᠡ ᠲᠥᠷᠪᠡᠨ ᠠᠯᠬᠤᠮ ᠡᠴᠡ ᠪᠦᠷᠢᠯᠳᠦᠳᠡᠭ᠃

ᠨᠣᠮᠢᠨᠴᠢᠯᠠᠭᠤ ᠪᠣᠯ《ᠮᠣᠩᠭᠣᠯ ᠦᠨᠳᠦᠰᠦᠲᠡᠨ᠎ᠦ ᠤᠯᠠᠮᠵᠢᠯᠠᠯᠲᠤ ᠡᠪᠡᠷ ᠨᠤᠮᠤ ᠦᠶ᠋ᠯᠡᠳᠬᠦ᠌ ᠤᠷ᠎ᠠ ᠮᠡᠷᠭᠡᠵᠢᠯ》 ᠤ᠋ᠨ ᠦᠪᠯᠡᠨ ᠤᠯᠠᠮᠵᠢᠯᠠᠭᠴᠢ᠂ ᠡᠪᠡᠷᠲᠦ ᠨᠤᠮᠤ᠎ᠶ᠋ᠢ ᠨᠢᠭᠡᠨᠲᠡ 20 ᠭᠠᠷᠤᠶ ᠵᠢᠯ ᠦᠶ᠋ᠯᠡᠳᠴᠡᠶ᠃ ᠲᠡᠭᠦᠨ᠎ᠦ ᠦᠵᠡᠬᠦ᠌᠎ᠪᠡᠷ᠂ ᠠᠨᠾᠦ᠋ᠢ᠎ᠶ᠋ᠢᠨ ᠬᠤᠸᠠᠩᠱᠠᠨ᠎ᠳᠤ ᠶᠠᠪᠤᠭ᠍ᠳᠠᠭ᠍ᠰᠠᠨ᠎ᠲᠠᠪᠤᠳᠤᠭᠠᠷ᠎ᠬᠤᠭᠤᠴᠠᠭᠠᠨ᠎ᠤ᠎ᠳᠤᠮᠳᠠᠳᠤ᠎ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠯᠲᠤ ᠤᠷ᠎ᠠ ᠮᠡᠷᠭᠡᠵᠢᠯ᠎ᠦᠨ ᠦᠵᠡᠭᠦᠯᠭᠡ ᠨᠢ ᠡᠯ᠎ᠡ ᠵᠦᠢᠯ᠎ᠦᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ ᠪᠠ ᠤᠬᠠᠭᠤᠯᠭ᠎ᠠ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠡᠯ᠎ᠡ ᠭᠠᠵᠠᠷ᠎ᠤᠨ ᠤᠯᠠᠮᠵᠢᠯᠠᠯᠲᠤ ᠰᠣᠶᠣᠯ᠎ᠤᠨ ᠰᠣᠯᠢᠯᠴᠠᠭ᠎ᠠ ᠪᠠᠢᠵᠤ᠂ ᠡᠨᠡ ᠤᠳᠠᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠎ᠳᠦ ᠣᠷᠣᠯᠴᠠᠭ᠍ᠰᠠᠨ᠎ᠤ ᠵᠣᠷᠢᠯᠭ᠎ᠠ ᠪᠣᠯ ᠳᠠᠷᠤᠢ ᠎ᠥᠪᠥᠷ ᠮᠣᠩᠭᠣᠯ ᠣᠷᠣᠨ᠎ᠤ ᠤᠯᠠᠮᠵᠢᠯᠠᠯᠲᠤ ᠦᠢᠯᠡᠳᠬᠦ᠌ ᠤᠷ᠎ᠠ ᠮᠡᠷᠭᠡᠵᠢᠯ᠎ᠢ ᠳᠡᠯᠭᠡᠷᠡᠭᠦᠯᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠲᠤᠬᠠᠢ ᠬᠥᠮᠦᠰ᠎ᠦᠨ ᠲᠠᠨᠢᠯᠲᠠ ᠪᠠ ᠣᠢᠯᠠᠭᠠᠯᠲᠠ᠎ᠶ᠋ᠢ ᠭᠦᠨᠵᠡᠭᠡᠢᠷᠡᠭᠦᠯᠬᠦ᠎ᠶ᠋ᠢᠨ ᠲᠥᠯᠥᠭᠡ ᠶᠤᠮ ᠃

ᠲᠤᠰ ᠤᠳᠠᠭᠠᠨ᠎ᠤ ᠦᠵᠡᠭᠦᠯᠭᠡ ᠨᠢ 《ᠬᠥᠳᠡᠯᠦᠩᠭᠦᠶ》 ᠦᠵᠡᠭᠦᠯᠭᠡ ᠬᠢᠬᠦ᠌ ᠠᠷᠭ᠎ᠠ ᠮᠠᠶᠢᠭ᠎ᠢ ᠲᠤᠬᠠᠶ᠎ᠶ᠋ᠢᠨ ᠲᠠᠯᠠᠪᠠᠶ᠎ᠶ᠋ᠢᠨ ᠤᠯᠠᠮᠵᠢᠯᠠᠯᠲᠤ ᠤᠷ᠎ᠠ ᠮᠡᠷᠭᠡᠱᠢᠯ᠎ᠦᠨ 《ᠲᠣᠭ᠍ᠲᠠᠩᠭᠤᠶ》 ᠦᠵᠡᠭᠦᠯᠭᠡ ᠬᠢᠬᠦ᠌᠎ᠲᠡᠶ ᠤᠶᠠᠯᠳᠤᠭᠤᠯᠵᠤ᠂ ᠬᠥᠷ ᠬᠥᠭ᠌ᠵᠢᠶᠡᠨᠲᠡᠶ᠂ ᠪᠠᠶᠠᠷ ᠪᠠᠶᠠᠰᠦᠯ᠎ᠲᠡᠶ ᠠᠭᠤᠷ ᠠᠮᠢᠰᠭᠤᠯ᠎ᠢ ᠪᠣᠶ ᠪᠤᠯᠭᠠᠭᠰᠠᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号