ᠮᠠᠯ ᠠᠵᠤ ᠠᠬᠤᠢ᠎ᠶ᠋ᠢᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ᠎ᠳᠤ ᠵᠠᠪᠠᠯ ᠮᠠᠯᠵᠢᠬᠤ ᠤᠷᠤᠨ᠎ᠤ ᠪᠤᠳᠠᠳᠤ ᠪᠠᠢᠳᠠᠯ᠎ᠳᠤ ᠰᠠᠭᠤᠷᠢᠯᠠᠨ ᠮᠠᠯᠵᠢᠬᠤ ᠦᠢᠯᠡᠳᠪᠦᠷᠢᠯᠡᠯ᠎ᠤᠨ ᠲᠤᠮᠳᠡᠬᠢ ᠪᠤᠳᠠᠳᠤ ᠭᠦᠴᠢᠷᠳᠠᠯᠢ ᠦᠨᠳᠦᠰᠦᠨ᠎ᠠᠴᠠ᠎ᠨᠢ ᠱᠢᠢᠳᠪᠦᠷᠢᠯᠡᠭ᠌ᠰᠡᠨ ᠪᠠᠢᠬᠤ ᠬᠡᠷᠡᠭ᠌ᠲᠠᠢ ᠶᠤᠮ᠃ ᠠᠪᠠᠭ᠎ᠠ ᠬᠤᠱᠢᠭᠤᠨ᠎ᠤ ᠮᠠᠯ ᠡᠮᠨᠡᠯᠭᠡ᠎ᠶ᠋ᠢᠨ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠲᠦᠪ᠎ᠨᠢ ᠲᠠᠪᠤᠨ ᠬᠤᠱᠢᠭᠤ ᠮᠠᠯ᠎ᠤᠨ ᠡᠪᠡᠳᠴᠢᠨ ᠭᠡᠮ᠎ᠢ ᠱᠢᠨᠵᠢᠯᠡᠭᠦ᠌ ᠤᠬᠠᠭᠠᠨᠴᠢ᠎ᠪᠠᠷ ᠤᠨᠤᠱᠢᠯᠠᠨ ᠡᠮᠴᠢᠯᠡᠭᠦ᠌ ᠪᠠ ᠨᠡᠢᠳᠡᠨ ᠡᠮᠴᠢᠯᠡᠭᠦᠯᠭᠦ᠌ ᠦᠯᠢᠭᠡᠷ ᠵᠢᠱ᠌ᠢᠶ᠎ᠡ ᠪᠤᠯᠵᠤ᠂ ᠮᠠᠯᠴᠢᠳ᠎ᠤᠨ ᠮᠠᠬ᠍ᠳᠠᠭᠠᠯ ᠰᠠᠢᠱᠢᠶᠠᠯ᠎ᠢ ᠤᠯᠵᠤ ᠪᠠᠢᠨ᠎ᠠ᠃
ᠠᠪᠠᠭ᠎ᠠ ᠬᠤᠱᠢᠭᠤᠨ᠎ᠤ ᠮᠠᠯ ᠡᠮᠨᠡᠯᠭᠡ᠎ᠶ᠋ᠢᠨ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠲᠦᠪ᠎ᠠᠴᠠ ᠮᠠᠯ᠎ᠤᠨ ᠡᠪᠡᠳᠴᠢᠨ ᠬᠡᠮ᠎ᠢ ᠮᠠᠱᠢᠨ ᠪᠠᠭᠠᠵᠢ᠎ᠳᠤ ᠲᠦᠱᠢᠭ᠌ᠯᠡᠨ ᠮᠠᠰᠢ ᠤᠨᠤᠴᠠᠳᠠᠢ᠎ᠪᠠᠷ ᠪᠠᠢᠴᠠᠭᠠᠨ ᠤᠨᠤᠱᠢᠯᠠᠬᠤ ᠵᠢᠴᠢ ᠮᠠᠯ ᠤᠨᠤᠭ᠎ᠠ᠎ᠶ᠋ᠢ 《ᠡᠮᠨᠡᠯᠭᠡ᠎ᠳᠤ ᠰᠠᠭᠤᠯᠭᠠᠬᠤ》 ᠪᠤᠯ ᠨᠢᠬᠡᠨ ᠱᠢᠨ᠎ᠡ ᠡᠬᠦᠳᠦᠯᠳᠡ ᠪᠤᠯᠬᠤ ᠶᠤᠮ᠃ ᠲᠡᠬᠦᠨ᠎ᠤ 《ᠲᠠᠪᠤᠨ ᠱᠢᠨ᠎ᠡ》 ᠶ᠋ᠢᠨ ᠨᠡᠢᠭᠡᠮᠴᠢᠯᠡᠭ᠌ᠰᠡᠨ ᠦᠢᠯᠡᠴᠢᠯᠡᠭᠡᠨᠢ ᠮᠠᠯ ᠠᠵᠤ ᠠᠬᠤᠢ᠎ᠶ᠋ᠢᠨ ᠬᠠᠮᠤᠭ᠎ᠤᠨ ᠡᠮᠵᠡᠭ ᠪᠠᠭᠤᠷᠠᠢ ᠲᠠᠯ᠎ᠡ ᠪᠤᠯᠬᠤ ᠭᠡᠮ ᠬᠢᠵᠢᠭ᠎ᠠᠴᠠ ᠪᠤᠯᠵᠤ ᠦᠭᠦᠵᠤ ᠬᠤᠷᠤᠬ᠍ᠳᠠᠬᠤ ᠶᠠᠪᠤᠳᠠᠯ᠎ᠢ ᠪᠦᠳᠦᠮᠵᠢᠳᠠᠢ ᠱᠢᠢᠳᠪᠦᠷᠢᠯᠡᠵᠤ᠂ ᠪᠦᠬᠦ᠌ ᠤᠷᠤᠨ᠎ᠤ ᠡᠯ᠎ᠠ ᠭᠠᠵᠠᠷ᠎ᠤᠨ᠎ᠬᠢᠨ᠎ᠳᠤ ᠮᠠᠯ ᠠᠵᠤ ᠠᠬᠤᠢ᠎ᠶ᠋ᠢᠨ ᠤᠳᠤᠬᠢᠴᠢᠯᠠᠯᠳᠡ᠎ᠶ᠋ᠢ ᠲᠦᠷᠭᠡᠳᠭᠡᠬᠦ᠂ ᠮᠠᠯᠴᠢᠳ᠎ᠤᠨ ᠤᠷᠤᠯᠭ᠎ᠠ᠎ᠶ᠋ᠢ ᠲᠤᠭ᠍ᠳᠠᠭᠤᠨ᠎ᠢᠶᠠᠷ ᠨᠡᠮᠡᠭ᠌ᠳᠡᠭᠦᠯᠬᠦ᠌᠎ᠳᠤ ᠲᠤᠷᠱᠢᠯᠭ᠎ᠠ ᠬᠠᠩᠭᠠᠬᠤ᠎ᠨᠢ ᠯᠠᠪᠳᠠᠢ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号