ᠮᠠᠨ᠎ᠤ ᠤᠯᠤᠰ᠎ᠤᠨ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ ᠨᠡᠢᠳᠡ 3.8 ᠲᠦᠮᠡ ᠪᠤᠢ
2021-02-15 16:38:37
ᠵᠣᠬᠢᠶᠠᠭ᠍ᠴᠢ᠄
ᠰᠦᠨ ᠱᠤᠤ ᠯᠦᠩ
ᠣᠩᠱᠢᠭ᠍ᠰᠠᠨ ᠣᠳᠠᠭ᠎ᠠ᠄
★★★☆☆

 

2020 ᠤᠨ᠎ᠤ 12 ᠰᠠᠷ᠎ᠠ᠎ᠶ᠋ᠢᠨ ᠰᠡᠭᠦᠯᠴᠢ ᠪᠤᠯᠳᠠᠯ᠎ᠠ᠂ ᠪᠦᠬᠦ᠌ ᠤᠯᠤᠰ᠎ᠤᠨ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ ᠨᠡᠢᠳᠡ 3.8 ᠲᠦᠮᠡ ᠪᠤᠯᠵᠤ᠂ ᠳᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ 10.4% ᠨᠡᠮᠡᠭ᠌ᠳᠡᠵᠠᠢ; ᠡᠯ᠎ᠠ ᠲᠦᠷᠦᠯ᠎ᠤᠨ ᠨᠠᠰᠤᠵᠢᠯ᠎ᠤᠨ ᠠᠰᠠᠷᠠᠮᠵᠢ᠎ᠶ᠋ᠢᠨ ᠤᠷᠤ 823.8 ᠲᠦᠮᠡ᠎ᠳᠤ ᠬᠦᠷᠴᠤ᠌᠂ ᠳᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ 7.3% ᠨᠡᠮᠡᠭ᠌ᠳᠡᠵᠠᠢ᠃

ᠡᠨᠡ ᠪᠤᠯ ᠰᠤᠷᠪᠤᠯᠵᠢᠯᠠᠭ᠍ᠴᠢ ᠲᠦᠷᠦᠭᠦᠬᠡᠨ ᠬᠤᠷᠠᠯᠳᠤᠭ᠍ᠰᠠᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢᠨ ᠶᠠᠮᠤᠨ᠎ᠨᠤᠭᠤᠳ᠎ᠤᠨ ᠬᠠᠮᠳᠤᠷᠠᠭ᠍ᠰᠠᠨ ᠬᠤᠷᠠᠯ᠎ᠤᠨ 2021 ᠤᠨ᠎ᠤ ᠪᠦᠭᠦᠳᠡ ᠬᠤᠷᠠᠯ᠎ᠠᠴᠠ ᠤᠢ᠍ᠢᠯᠠᠭᠠᠭ᠍ᠰᠠᠨ ᠪᠠᠢᠳᠠᠯ ᠪᠤᠯᠤᠨ᠎ᠠ᠃ ᠬᠤᠷᠠᠯ᠎ᠠᠴᠠ᠂ 2020 ᠤᠨ᠎ᠳᠤ ᠮᠠᠨ᠎ᠤ ᠤᠯᠤᠰ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢᠨ ᠬᠠᠩᠭᠠᠯᠭ᠎ᠠ ᠲᠠᠰᠤᠷᠠᠯᠳᠠ ᠦᠭᠡᠢ ᠱᠢᠯᠢᠳᠡᠭ᠌ᠵᠢᠨ ᠨᠡᠮᠡᠭ᠌ᠳᠡᠵᠤ᠂ ᠨᠡᠢᠭᠡᠮ ᠲᠤᠭᠤᠷᠢᠭ᠎ᠤᠨ ᠭᠡᠷ᠎ᠲᠡᠭᠡᠨ ᠰᠠᠭᠤᠭ᠍ᠰᠠᠳ᠎ᠲᠤ ᠬᠠᠨᠳᠤᠭᠤᠯᠤᠭ᠍ᠰᠠᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ ᠲᠦᠷᠭᠡᠨ ᠬᠦᠭ᠌ᠵᠢᠵᠤ᠂ ᠪᠠᠢᠭᠤᠯᠤᠮᠵᠢ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠤᠷᠤ ᠦᠷᠭᠦᠯᠵᠢᠯᠡᠨ ᠨᠡᠮᠡᠭ᠌ᠳᠡᠵᠤ᠂ ᠡᠮᠴᠢᠯᠡᠭᠡ ᠪᠠ ᠠᠰᠠᠷᠠᠮᠵᠢ ᠨᠡᠩ ᠨᠢᠭ᠍ᠳᠠ ᠤᠶᠠᠯᠳᠤᠬᠤ ᠪᠤᠯᠵᠠᠢ ᠭᠡᠵᠤ ᠵᠢᠭᠠᠵᠤ ᠭᠠᠷᠭᠠᠪᠠ᠃

2021 ᠤᠨ᠎ᠤ ᠠᠵᠢᠯ ᠡᠭᠦᠷᠭᠡ᠎ᠳᠤ ᠬᠠᠨᠳᠤᠭᠤᠯᠤᠨ᠂ ᠬᠤᠷᠠᠯ᠎ᠠᠴᠠ ᠡᠯ᠎ᠠ ᠪᠦᠷᠢᠯᠳᠦᠭᠦᠨ ᠨᠢᠭᠡᠴᠢ᠎ᠶ᠋ᠢᠨ᠎ᠬᠢᠨ 5 ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠢ ᠠᠬᠢᠭᠤᠯᠬᠤ᠎ᠶ᠋ᠢ ᠱᠠᠭᠠᠷᠳᠠᠵᠠᠢ᠃ ᠲᠤᠬᠠᠢᠯᠠᠪᠠᠯ᠄ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢᠨ 《ᠠᠷᠪᠠᠨ ᠳᠦᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠲᠤᠭ᠍ᠳᠠᠭᠠᠵᠤ᠂ ᠬᠦᠮᠦᠨ ᠠᠮᠠ᠎ᠶ᠋ᠢᠨ ᠨᠠᠰᠤᠵᠢᠯ᠎ᠢ ᠢᠳᠡᠪᠬᠢᠳᠠᠢ ᠠᠷᠭᠠᠴᠠᠭᠠᠬᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠳᠤ ᠬᠦᠴᠦᠳᠠᠢ ᠲᠤᠯᠭᠠᠭᠤᠷᠢᠯᠠᠯ ᠬᠠᠩᠭᠠᠬᠤ ᠬᠡᠷᠡᠭ᠌ᠳᠠᠢ; ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢᠨ ᠱᠢᠰᠲ᠋ᠧᠮ᠎ᠤᠨ ᠪᠠᠢᠭᠤᠯᠤᠯᠳᠠ᠎ᠶ᠋ᠢ ᠰᠤᠳᠤᠯᠤᠨ ᠠᠬᠢᠭᠤᠯᠵᠤ᠂ ᠪᠦᠬᠦ᠌ ᠨᠠᠰᠤᠳᠠᠢᠴᠤᠳ᠎ᠲᠤ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ ᠡᠳ᠋ᠯᠡᠭᠦᠯᠬᠦ᠌᠎ᠳᠤ ᠳᠦᠷᠢᠮ᠎ᠤᠨ ᠪᠠᠳᠤᠯᠠᠭ᠎ᠠ ᠬᠠᠩᠭᠠᠬᠤ ᠬᠡᠷᠡᠭ᠌ᠳᠠᠢ; ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢᠨ ᠬᠠᠩᠭᠠᠯᠭ᠎ᠠ ᠪᠠ ᠬᠡᠷᠡᠭ᠌ᠯᠡᠭᠡ᠎ᠶ᠋ᠢ ᠤᠯᠠᠮ ᠴᠢᠨᠠᠭ᠍ᠰᠢᠳᠠ ᠦᠷᠭᠡᠳᠭᠡᠵᠤ᠂ ᠴᠢᠨᠠᠷ ᠰᠠᠢᠳᠠᠢ ᠬᠠᠩᠭᠠᠯᠭ᠎ᠠ᠎ᠪᠠᠷ ᠠᠳᠠᠯᠢ ᠪᠤᠰᠤ ᠤᠷᠤᠯᠭ᠎ᠠ᠎ᠲᠠᠢ ᠨᠠᠰᠤᠳᠠᠢᠴᠤᠳ᠎ᠤᠨ ᠪᠤᠳᠠᠳᠠᠢ ᠬᠡᠷᠡᠭ᠌ᠴᠡᠭᠡ᠎ᠳᠤ ᠵᠤᠬᠢᠴᠠᠭᠤᠯᠵᠤ᠂ ᠠᠷᠠᠳ ᠤᠯᠠᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢ ᠡᠳ᠋ᠯᠡᠬᠦ᠌ ᠬᠦᠰᠡᠯ ᠪᠠ ᠴᠢᠳᠠᠪᠤᠷᠢ᠎ᠶ᠋ᠢ ᠬᠦᠭ᠌ᠵᠢᠭᠡᠨ ᠳᠡᠭᠡᠭ᠌ᠰᠢᠯᠡᠭᠦᠯᠬᠦ᠌ ᠬᠡᠷᠡᠭ᠌ᠳᠠᠢ; ᠬᠦᠳᠡᠭᠡ ᠲᠤᠰᠭᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢᠨ ᠬᠦᠭ᠌ᠵᠢᠯᠳᠡ᠎ᠶ᠋ᠢ ᠭᠦᠨᠵᠡᠭᠡᠢ ᠠᠬᠢᠭᠤᠯᠵᠤ᠂ ᠬᠦᠳᠡᠭᠡ ᠲᠤᠰᠭᠤᠨ᠎ᠤ ᠤᠯᠠᠨ ᠳᠡᠰ ᠳᠠᠪᠬᠤᠷᠭ᠎ᠠ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢᠨ ᠱᠢᠰᠲᠧᠮ᠎ᠢ ᠲᠦᠷᠭᠡᠳᠭᠡᠨ ᠪᠠᠢᠭᠤᠯᠬᠤ ᠬᠡᠷᠡᠭ᠌ᠳᠠᠢ; ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢᠨ ᠶᠡᠷᠦᠩᠬᠡᠢᠯᠡᠭ᠌ᠰᠡᠨ ᠬᠢᠨᠠᠯᠳᠠ ᠬᠠᠮᠢᠶᠠᠷᠤᠯᠳᠠ᠎ᠶ᠋ᠢ ᠦᠷᠭᠦᠯᠵᠢᠯᠡᠨ ᠨᠠᠷᠢᠯᠢᠭ ᠪᠤᠳᠠᠳᠠᠢ ᠬᠢᠵᠤ᠂ ᠬᠦᠭ᠌ᠵᠢᠯᠳᠡ ᠪᠠ ᠠᠮᠤᠷ ᠲᠦᠪᠱᠢᠨ᠎ᠢ ᠨᠢᠭᠡᠳᠦᠯᠳᠠᠢ ᠲᠦᠯᠦᠪᠵᠢᠭᠦᠯᠵᠤ᠂ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢᠨ ᠡᠷᠡᠭᠦᠯ ᠪᠦᠭᠡᠳ ᠡᠮᠬᠢ ᠲᠢᠭ᠌ᠯᠢᠮ᠎ᠲᠠᠢ ᠬᠦᠭ᠌ᠵᠢᠬᠦ᠌᠎ᠶ᠋ᠢ ᠠᠬᠢᠭᠤᠯᠬᠤ ᠬᠡᠷᠡᠭ᠌ᠳᠠᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号