ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠪᠠᠷᠠᠭ᠎ᠠ ᠲᠠᠸᠠᠷ ᠬᠠᠨᠭ᠌ᠭᠠᠮᠵᠢᠲᠠᠢ
2021-02-15 16:38:05
ᠵᠣᠬᠢᠶᠠᠭ᠍ᠴᠢ᠄
ᠠᠭᠤᠯᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠠᠴᠠ ᠣᠢᠯᠠᠭᠠᠭ᠍ᠰᠠᠨ᠎ᠢᠶᠠᠷ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠮᠠᠨ᠎ᠤ ᠣᠷᠣᠨ᠎ᠤ ᠬᠡᠷᠡᠭ᠌ᠯᠡᠭᠡᠨ᠎ᠤ ᠵᠦᠶᠯ᠎ᠤᠨ ᠵᠠᠬ᠎ᠠ ᠳᠡᠯᠭᠡᠭᠦᠷ᠎ᠤᠨ ᠠᠷᠠᠳ ᠣᠯᠠᠨ᠎ᠤ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ ᠵᠦᠶᠯ᠎ᠤᠨ ᠬᠠᠩᠭᠠᠯᠭ᠎ᠠ ᠭᠦᠶᠴᠡᠳ᠂ ᠦᠨ᠎ᠡ ᠬᠠᠩᠰᠢ ᠲᠣᠭ᠍ᠲᠠᠭᠤᠨ ᠪᠠᠢᠬᠤ᠎ᠶ᠋ᠢ ᠪᠠᠲᠤᠯᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠠᠬᠢ ᠬᠥᠮᠦᠰ᠎ᠤᠨ ᠱᠢᠯᠵᠢᠯᠲᠡ ᠪᠠ ᠴᠤᠭ᠍ᠯᠠᠷᠠᠯ᠎ᠢ ᠠᠯᠢ ᠴᠢᠳᠠᠬᠤ᠎ᠪᠠᠷ ᠪᠠᠭᠠᠰᠭᠠᠬᠤ᠎ᠶ᠋ᠢᠨ ᠲᠥᠯᠥᠭᠡ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠠ ᠬᠠᠩᠭᠠᠯᠭ᠎ᠠ᠎ᠶ᠋ᠢ ᠪᠠᠲᠤᠯᠠᠬᠤ᠎ᠶ᠋ᠢ ᠴᠢᠩᠭᠠᠳᠭᠠᠨ᠂ ᠬᠡᠷᠡᠭ᠌ᠯᠡᠭᠡᠨ᠎ᠤ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠠᠷᠠᠳ ᠣᠯᠠᠨ᠎ᠤ ᠴᠢᠨᠠᠷ ᠰᠠᠢᠲᠠᠶ ᠥᠨᠳᠥᠷ ᠪᠦᠲᠦᠮᠵᠢᠲᠡᠶ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠲᠠᠰᠤᠷᠠᠯᠲᠠ ᠥᠬᠡᠶ ᠬᠠᠩᠭᠠᠵᠤ ᠪᠤᠢ᠃


66.png


ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠮᠠᠨ᠎ᠤ ᠣᠷᠣᠨ᠎ᠤ ᠭᠠᠭ᠍ᠠᠶ᠎ᠶ᠋ᠢᠨ ᠮᠢᠬᠠᠨ᠎ᠤ ᠵᠠᠬ᠎ᠠ ᠳᠡᠯᠭᠡᠭᠦᠷ᠎ᠤᠨ ᠬᠠᠩᠭᠠᠯᠭ᠎ᠠ᠎ᠶ᠋ᠢ ᠪᠦᠲᠦᠮᠵᠢᠲᠡᠶ ᠪᠠᠲᠤᠯᠠᠵᠤ᠂ ᠠᠷᠠᠳ ᠣᠯᠠᠨ᠎ᠤ ᠮᠢᠬᠠᠨ᠎ᠤ ᠲᠥᠷᠥᠯ᠎ᠤᠨ ᠬᠡᠷᠡᠭ᠌ᠯᠡᠭᠡᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠭᠦᠢᠴᠡᠳ ᠬᠠᠩᠭᠠᠬᠤ᠎ᠶ᠋ᠢᠨ ᠲᠤᠰᠠᠳᠠ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠥᠭᠡᠴᠡᠯᠡᠨ ᠬᠦᠯᠳᠡᠭᠡᠭ᠌ᠰᠡᠨ 800 ᠲᠣᠨ ᠭᠠᠭ᠍ᠠᠶ᠎ᠶ᠋ᠢᠨ ᠮᠢᠬ᠎ᠠ᠎ᠶ᠋ᠢ ᠮᠠᠨ᠎ᠤ ᠣᠷᠣᠨ᠎ᠤ ᠵᠠᠬ᠎ᠠ ᠲᠡᠯᠭᠡᠭᠦᠷ᠎ᠲᠤ ᠭᠠᠷᠭᠠᠵᠠᠢ᠃ ᠬᠥᠮᠥᠷᠭᠡ᠎ᠠᠴᠠ ᠭᠠᠷᠭᠠᠬᠤ ᠠᠵᠤ ᠠᠬᠤᠢᠯᠠᠯ᠎ᠤᠨ ᠪᠠᠢᠭ᠎ᠠ ᠭᠠᠵᠠᠷ᠎ᠤᠨ ᠠᠢᠮᠠᠭ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠠᠴᠠ ᠲᠤᠰ ᠤᠳᠠᠭᠠᠨ᠎ᠤ ᠨᠥᠭᠡᠴᠡᠯᠡᠨ ᠬᠥᠯᠳᠡᠭᠡᠭ᠌ᠰᠡᠨ ᠭᠠᠭ᠍ᠠᠶ᠎ᠶ᠋ᠢᠨ ᠮᠢᠬ᠎ᠠ᠎ᠶ᠋ᠢᠨ ᠦᠨ᠎ᠡ ᠬᠠᠩᠰᠢ᠎ᠶ᠋ᠢ ᠲᠤᠬᠠᠶ᠎ᠶ᠋ᠢᠨ ᠭᠠᠵᠠᠷ᠎ᠤᠨ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠠᠴᠠ 10 % ᠣᠷᠴᠢᠮ ᠳᠣᠣᠷ᠎ᠠ ᠪᠠᠢᠯᠭᠠᠬᠤ ᠵᠠᠷᠴᠢᠮ᠎ᠤᠨ ᠶᠣᠰᠣᠭᠠᠷ ᠲᠣᠭ᠍ᠲᠠᠭᠠᠵᠤ᠂ ᠠᠵᠤ ᠠᠬᠤᠢᠯᠠᠯ᠎ᠤᠨ ᠬᠤᠳᠠᠯᠳᠤᠨ ᠠᠪᠬᠤ ᠪᠠ ᠪᠣᠷᠣᠯᠠᠭᠤᠯᠬᠤ ᠦᠨ᠎ᠡ᠎ᠶ᠋ᠢᠨ ᠵᠦᠷᠢᠶ᠎ᠡ ᠵᠢᠴᠢ ᠲᠡᠭᠡᠭᠡᠪᠦᠷᠢ ᠵᠡᠷᠭᠡ ᠬᠠᠮᠢᠶ᠎ᠠ ᠪᠦᠬᠦᠢ ᠵᠠᠷᠤᠳᠠᠯ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠺᠢᠯᠣᠭ᠌ᠷᠠᠮ ᠪᠦᠷᠢ᠎ᠳᠤ 4 ᠲᠥᠭᠦᠷᠢᠭ᠎ᠤᠨ ᠦᠨ᠎ᠡ ᠬᠠᠩᠰᠢ᠎ᠪᠠᠷ ᠨᠥᠬᠦᠪᠥᠷᠢ ᠥᠭ᠌ᠭᠦᠨ᠎ᠡ᠃

 ᠤᠳᠤᠬᠠᠨ᠎ᠳᠤ᠂ ᠮᠠᠨ᠎ᠤ ᠤᠷᠤᠨ᠎ᠤ ᠭᠤᠣᠯᠳᠠᠯᠭ᠎ᠠ᠎ᠲᠠᠢ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ ᠵᠦᠶᠯ᠎ᠤᠨ ᠬᠠᠩᠭᠠᠯᠭ᠎ᠠ᠎ᠶ᠋ᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠲᠠᠢ ᠬᠠᠷᠢᠴᠠᠭᠤᠯᠪᠠᠯ ᠦᠨ᠎ᠡ ᠬᠠᠩᠰᠢ᠎ᠨᠢ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠲᠡᠭᠡᠭᠡᠪᠦᠷᠢ᠎ᠶ᠋ᠢᠨ ᠵᠠᠮ ᠰᠠᠭᠠᠳ ᠥᠬᠡᠶ ᠨᠡᠪᠲᠡᠷᠡᠵᠦ᠍᠂ ᠵᠠᠬ᠎ᠠ ᠳᠡᠯᠭᠡᠭᠦᠷ᠎ᠤᠨ ᠬᠠᠩᠭᠠᠯᠭ᠎ᠠ ᠪᠠᠲᠤᠯᠠᠭ᠎ᠠ᠎ᠲᠠᠢ ᠪᠠᠢᠨ᠎ᠠ᠃ ᠥᠷᠭᠡᠨ ᠣᠯᠠᠨ ᠬᠡᠷᠡᠭ᠌ᠯᠡᠭ᠌ᠴᠢᠳ᠎ᠲᠤ᠌᠂ ᠭᠠᠳᠠᠭ᠍ᠰᠢ ᠭᠠᠷᠬᠤ᠎ᠪᠠᠨ ᠵᠦᠶ ᠵᠣᠬᠢᠰᠲᠠᠶ ᠲᠣᠬᠢᠷᠠᠭᠤᠯᠵᠤ᠂ ᠰᠦᠯᠵᠢᠶᠡᠨ ᠳᠡᠭᠡᠷᠡᠬᠢ ᠬᠡᠷᠡᠭ᠌ᠯᠡᠭᠡ᠂ ᠣᠢᠷ᠎ᠠ ᠬᠠᠪᠢ᠎ᠳᠤ ᠬᠡᠷᠡᠭ᠌ᠯᠡᠭᠡ ᠬᠢᠬᠦ᠌᠎ᠶ᠋ᠢ ᠵᠣᠷᠢᠭ᠍ᠵᠢᠭᠤᠯᠤᠨ᠂ ᠬᠤᠷᠠᠨ ᠴᠤᠭ᠍ᠯᠠᠷᠠᠬᠤ᠎ᠶ᠋ᠢ ᠪᠠᠭᠠᠰᠭᠠᠵᠤ᠂ ᠬᠡᠷᠡᠭ᠌ᠴᠡᠭᠡ ᠱᠠᠭᠠᠷᠳᠠᠯᠭ᠎ᠠ᠎ᠶ᠋ᠢᠨ ᠬᠡᠮᠵᠢᠶ᠎ᠡ᠎ᠪᠠᠷ ᠣᠨ᠎ᠤ ᠪᠠᠷᠠᠭ᠎ᠠ ᠬᠤᠳᠠᠯᠳᠤᠨ ᠠᠪᠴᠤ᠌᠂ ᠠᠷᠪᠢᠯᠠᠨ ᠭᠠᠮᠨᠠᠬᠤ᠎ᠶ᠋ᠢ ᠰᠠᠨᠠᠭᠠᠴᠢᠯᠠᠵᠤ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号