ᠰᠤᠷᠪᠤᠯᠵᠢᠯᠠᠭ᠍ᠴᠢ ᠲᠦᠪᠡᠳ᠎ᠤᠨ ᠦᠪᠡᠷᠳᠡᠭᠡᠨ ᠵᠠᠰᠠᠬᠤ ᠤᠷᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠳᠤᠯᠠᠭ᠎ᠠ᠎ᠶ᠋ᠢᠨ ᠲᠢᠩᠭᠢᠮ᠎ᠠᠴᠠ ᠤᠢ᠍ᠢᠯᠠᠭᠠᠭ᠍ᠰᠠᠨ᠎ᠢᠶᠠᠷ᠂ ᠲᠦᠪᠡᠳ᠎ᠤᠨ᠎ᠬᠢᠨ ᠡᠨᠡ ᠵᠢᠯ ᠠᠵᠤ ᠦᠢᠯᠡᠰ᠎ᠢᠶᠠᠷ ᠠᠵᠢᠯ ᠤᠯᠭᠤᠯᠳᠠ᠎ᠶ᠋ᠢ ᠠᠬᠢᠭᠤᠯᠬᠤ᠂ ᠲᠦᠷᠦᠯ ᠵᠦᠢᠯ᠎ᠢ ᠨᠠᠢᠳᠠᠪᠤᠷᠢᠵᠢᠭᠤᠯᠬᠤ᠎ᠪᠠᠷ ᠠᠵᠢᠯ ᠤᠯᠭᠤᠯᠳᠠ᠎ᠶ᠋ᠢ ᠠᠬᠢᠭᠤᠯᠬᠤ᠂ 《ᠠᠵᠢᠯ᠎ᠢᠶᠠᠷ ᠪᠤᠯᠪᠠᠰᠤᠷᠠᠯ᠎ᠢ ᠤᠷᠤᠯᠠᠭᠤᠯᠤᠨ》 ᠠᠵᠢᠯ ᠤᠯᠭᠤᠯᠳᠠ᠎ᠶ᠋ᠢ ᠠᠬᠢᠭᠤᠯᠬᠤ᠂ ᠤᠷᠤᠨ᠎ᠤ ᠭᠠᠳᠠᠨ᠎ᠠ ᠱᠢᠯᠵᠢᠭᠦᠯᠦᠨ ᠠᠵᠢᠯ ᠤᠯᠭᠤᠬᠤ᠂ ᠰᠠᠭᠤᠷᠢᠨ᠎ᠳᠤ ᠲᠦᠱᠢᠭ᠌ᠯᠡᠨ ᠠᠵᠢᠯ ᠤᠯᠭᠤᠯᠳᠠ᠎ᠶ᠋ᠢ ᠲᠤᠭ᠍ᠳᠠᠪᠤᠷᠢᠵᠢᠭᠤᠯᠬᠤ ᠵᠡᠷᠭᠡ ᠲᠡᠪᠤᠨ ᠶᠡᠭᠡ ᠠᠷᠭ᠎ᠠ ᠬᠡᠮᠵᠢᠶ᠎ᠠ ᠬᠡᠷᠡᠭ᠌ᠵᠢᠭᠦᠯᠵᠤ᠂ 70 ᠲᠦᠮᠡᠨ ᠮᠠᠯᠴᠢᠨ ᠲᠠᠷᠢᠶᠠᠴᠢᠨ᠎ᠢ ᠱᠢᠯᠵᠢᠭᠦᠯᠦᠨ ᠠᠵᠢᠯ ᠤᠯᠭᠤᠵᠤ᠂ ᠬᠦᠳᠡᠯᠮᠦᠷᠢ᠎ᠶ᠋ᠢᠨ ᠤᠷᠤᠯᠭ᠎ᠠ᠎ᠶ᠋ᠢ 50 ᠳ᠋ᠦᠩᠱᠢᠭᠤᠷ ᠲᠦᠭᠦᠷᠢᠭ᠎ᠲᠤ ᠬᠦᠷᠭᠡᠬᠦ᠌᠎ᠪᠠᠷ ᠴᠢᠷᠮᠠᠢᠬᠤ ᠪᠤᠯᠤᠨ᠎ᠠ᠃
ᠤᠯᠠᠨ ᠵᠢᠯ᠎ᠤᠨ ᠲᠤᠷᠰᠢ᠂ ᠮᠠᠯᠴᠢᠨ ᠲᠠᠷᠢᠶᠠᠴᠢᠨ᠎ᠢ ᠱᠢᠯᠵᠢᠭᠦᠯᠦᠨ ᠠᠵᠢᠯ ᠤᠯᠭᠤᠬᠤ᠎ᠨᠢ ᠲᠦᠪᠡᠳ᠎ᠤᠨ ᠠᠵᠤ ᠠᠬᠤᠢ᠎ᠶ᠋ᠢᠨ ᠠᠵᠢᠯ᠎ᠤᠨ ᠭᠤᠤᠯᠳᠠᠯᠭ᠎ᠠ ᠪᠤᠯᠤᠨ᠎ᠠ᠃ ᠡᠨᠡ ᠵᠢᠯ᠂ ᠲᠦᠪᠡᠳ᠎ᠤᠨ᠎ᠬᠢᠨ ᠲᠦᠷᠦᠯ ᠵᠦᠢᠯ᠎ᠤᠨ ᠪᠡᠯᠡ ᠤᠷᠤᠭᠤᠯᠤᠯᠳᠠ ᠪᠤᠯᠤᠨ ᠤᠨᠴᠠᠯᠢᠭ᠍ᠳᠤ ᠠᠵᠤ ᠦᠢᠯᠡᠰ᠎ᠢᠶᠠᠷ ᠠᠵᠢᠯ ᠤᠯᠭᠤᠯᠳᠠ᠎ᠶ᠋ᠢ ᠳᠠᠢᠴᠢᠯᠠᠬᠤ ᠳᠠᠪᠠᠭᠤᠯᠢᠭ᠎ᠢᠶᠠᠨ ᠦᠷᠭᠦᠯᠵᠢᠯᠡᠨ ᠪᠠᠳᠠᠷᠠᠭᠤᠯᠬᠤ ᠪᠤᠯᠤᠨ᠎ᠠ᠂ ᠡᠭᠦᠨ᠎ᠳᠤ 400 ᠲᠦᠮᠡᠨ ᠲᠦᠭᠦᠷᠢᠭ᠎ᠠᠴᠠ ᠳᠤᠷᠤᠭ᠍ᠰᠢᠬᠢ ᠵᠠᠰᠠᠭ᠎ᠤᠨ ᠤᠷᠳᠤᠨ᠎ᠤ ᠪᠡᠯᠡ ᠤᠷᠤᠭᠤᠯᠬᠤ ᠲᠦᠷᠦᠯ ᠵᠦᠢᠯ ᠪᠤᠯᠤᠨ 《ᠠᠵᠢᠯ ᠤᠯᠭᠤᠬᠤ᠎ᠪᠠᠷ ᠬᠠᠪᠰᠤᠷᠤᠨ ᠲᠤᠰᠠᠯᠠᠬᠤ》 ᠲᠦᠷᠦᠯ ᠵᠦᠢᠯ᠎ᠢ ᠬᠢᠷᠢ ᠭᠡᠮ᠎ᠲᠠᠢ ᠮᠠᠯᠴᠢᠨ ᠲᠠᠷᠢᠶᠠᠴᠢᠨ᠎ᠤ ᠠᠵᠤ ᠠᠬᠤᠢ᠍ᠢᠯᠠᠯ᠎ᠳᠤ ᠳᠠᠭᠠᠭᠠᠴᠢᠯᠠᠭᠤᠯᠵᠤ᠂ 30 ᠲᠦᠮᠡᠨ᠎ᠠᠴᠠ ᠳᠡᠭᠡᠭ᠌ᠰᠢᠬᠢ ᠮᠠᠯᠴᠢᠨ ᠲᠠᠷᠢᠶᠠᠴᠢᠨ᠎ᠢ ᠱᠢᠯᠵᠢᠭᠦᠯᠦᠨ ᠠᠵᠢᠯ ᠤᠯᠭᠤᠬᠤ᠎ᠶ᠋ᠢ ᠪᠠᠳᠤᠯᠠᠨ᠎ᠠ; ᠡᠯ᠎ᠠ ᠲᠦᠷᠦᠯ᠎ᠤᠨ ᠤᠨᠴᠠᠯᠢᠭ᠍ᠳᠤ ᠠᠵᠤ ᠦᠢᠯᠡᠰ᠎ᠤᠨ ᠲᠤᠰᠭᠠᠢ ᠬᠤᠷᠱᠢᠶ᠎ᠠ ᠠᠮᠢᠳᠤᠯᠢᠭ᠎ᠢᠶᠠᠷ ᠠᠵᠢᠯᠴᠢᠨ ᠡᠯᠰᠡᠬᠦ᠂ ᠵᠦᠪᠯᠡᠯᠴᠡᠭᠡᠷ᠎ᠢᠶᠠᠷ ᠠᠵᠢᠯᠴᠢᠨ ᠡᠯᠰᠡᠬᠦ᠌ ᠵᠡᠷᠭᠡ ᠠᠷᠭ᠎ᠠ ᠬᠡᠯᠪᠡᠷᠢ᠎ᠪᠠᠷ 25 ᠲᠦᠮᠡ᠎ᠠᠴᠠ ᠳᠡᠭᠡᠭ᠌ᠰᠢᠬᠢ ᠮᠠᠯᠴᠢᠨ ᠲᠠᠷᠢᠶᠠᠴᠢᠨ᠎ᠢ ᠱᠢᠯᠵᠢᠭᠦᠯᠦᠨ ᠠᠵᠢᠯ ᠤᠯᠭᠤᠬᠤ᠎ᠶ᠋ᠢ ᠪᠠᠳᠤᠯᠠᠨ᠎ᠠ; 150 ᠰᠠᠭᠤᠷᠢᠨ᠎ᠢ ᠱᠢᠨ᠎ᠠ᠎ᠪᠠᠷ ᠪᠦᠲᠦᠭᠡᠨ ᠪᠠᠢᠭᠤᠯᠬᠤ᠎ᠪᠠᠷ ᠳᠠᠮᠵᠢᠨ᠂ ᠮᠠᠯᠴᠢᠨ ᠲᠠᠷᠢᠶᠠᠴᠢᠨ᠎ᠢ ᠱᠢᠯᠵᠢᠭᠦᠯᠦᠨ ᠠᠵᠢᠯ ᠤᠯᠭᠤᠬᠤ 802 ᠰᠠᠭᠤᠷᠢᠨ᠎ᠳᠤ ᠪᠦᠬᠦ᠌ ᠵᠢᠯ 8 ᠲᠦᠮᠡ᠎ᠠᠴᠠ ᠳᠡᠭᠡᠭ᠌ᠰᠢᠬᠢ ᠬᠦᠮᠦᠨ᠎ᠳᠤ ᠠᠵᠢᠯ ᠤᠯᠭᠤᠬᠤ᠎ᠪᠠᠷ ᠴᠢᠷᠮᠠᠢᠨ᠎ᠠ᠃
ᠮᠠᠯᠴᠢᠨ ᠲᠠᠷᠢᠶᠠᠴᠢᠨ᠎ᠤ ᠨᠡᠩ ᠴᠢᠨᠠᠷ ᠰᠠᠢᠳᠠᠢ ᠠᠵᠢᠯ ᠤᠯᠭᠤᠯᠳᠠ᠎ᠲᠠᠢ ᠪᠤᠯᠬᠤ᠎ᠶ᠋ᠢ ᠪᠠᠳᠤᠯᠠᠬᠤ᠎ᠶ᠋ᠢᠨ ᠲᠦᠯᠦᠭᠡ᠂ ᠲᠦᠪᠡᠳ᠎ᠤᠨ᠎ᠬᠢᠨ ᠨᠡᠩ ᠬᠠᠨᠳᠤᠯᠭᠠᠳᠤ ᠴᠢᠨᠠᠷᠳᠠᠢ ᠠᠵᠢᠯ ᠮᠡᠷᠭᠡᠵᠢᠯ᠎ᠤᠨ ᠪᠤᠯᠪᠠᠰᠤᠷᠠᠯ ᠦᠷᠨᠢᠭᠦᠯᠵᠤ᠂ ᠪᠤᠯᠪᠠᠰᠤᠷᠠᠯ ᠪᠠ ᠠᠵᠢᠯ ᠤᠯᠭᠤᠯᠳᠠ᠎ᠶ᠋ᠢ ᠵᠤᠯᠭᠠᠭᠤᠯᠬᠤ᠎ᠶ᠋ᠢ ᠴᠢᠩᠭᠠᠳᠭᠠᠵᠤ᠂ 《ᠠᠵᠢᠯ᠎ᠢᠶᠠᠷ ᠪᠤᠯᠪᠠᠰᠤᠷᠠᠯ᠎ᠢ ᠤᠷᠤᠯᠠᠭᠤᠯᠬᠤ》 ᠪᠤᠯᠤᠨ 《ᠵᠠᠬᠢᠶᠠᠯᠠᠭ᠎ᠠ᠎ᠪᠠᠷ ᠴᠢᠭ᠌ᠯᠡᠯ᠎ᠢ ᠲᠤᠭ᠍ᠳᠠᠭᠠᠬᠤ》 ᠬᠦᠮᠦᠵᠢᠯ᠎ᠤᠨ ᠬᠠᠷᠢᠴᠠᠯ᠎ᠢ 35% ᠠᠴᠠ ᠳᠡᠭᠡᠭ᠌ᠰᠢ᠎ᠳᠤ ᠬᠦᠷᠭᠡᠵᠤ᠂ ᠪᠤᠯᠪᠠᠰᠤᠷᠠᠯ᠎ᠤᠨ ᠳᠠᠷᠠᠭ᠎ᠠ 6 ᠲᠦᠮᠡᠨ᠎ᠠᠴᠠ ᠳᠡᠭᠡᠭ᠌ᠰᠢ ᠬᠦᠮᠦᠨ᠎ᠳᠤ ᠠᠵᠢᠯ ᠤᠯᠭᠤᠬᠤ᠎ᠶ᠋ᠢ ᠪᠡᠶᠡᠯᠡᠭᠦᠯᠦᠨ᠎ᠠ᠃