ᠮᠠᠨ᠎ᠤ ᠤᠷᠤᠨ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠡᠷᠴᠢᠮᠵᠢᠵᠦ᠍ ᠲᠦᠪᠯᠡᠷᠡᠨ ᠴᠤᠬ᠍ᠯᠠᠷᠠᠬᠤ ᠦᠢᠯᠡᠳᠦᠯ᠎ᠢ ᠴᠢᠨᠠᠭ᠍ᠰᠢᠳᠠ ᠪᠠᠳᠠᠷᠠᠭᠤᠯᠤᠭ᠍ᠰᠠᠨ᠎ᠠᠴᠠ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠮᠦ᠍ ᠲᠤᠮᠳᠠᠴᠢ᠎ᠶ᠋ᠢᠨ ᠦᠢᠯᠡᠳᠬᠦᠨ᠎ᠤ ᠦᠷᠳᠡᠭ 1.4 ᠲᠦᠮᠡᠨ ᠲᠦᠬᠦᠷᠢᠭ ᠨᠡᠮᠡᠭ᠌ᠳᠡᠯ᠎ᠠ
2021-02-15 16:39:36
ᠵᠣᠬᠢᠶᠠᠭ᠍ᠴᠢ᠄
ᠬᠠᠢ ᠴᠢᠤᠧᠠᠨ
ᠣᠩᠱᠢᠭ᠍ᠰᠠᠨ ᠣᠳᠠᠭ᠎ᠠ᠄
★★★☆☆

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠮᠠᠨ᠎ᠤ ᠤᠷᠤᠨ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠲᠠᠰᠤᠷᠠᠯᠳᠠ ᠦᠬᠡᠢ ᠠᠬᠢᠭᠤᠯᠵᠦ᠍᠂ 17 ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠢ ᠬᠠᠰᠤᠭ᠍ᠰᠠᠨ᠎ᠤ ᠬᠠᠮᠳᠤ ᠤᠢ᠍ᠢᠷ᠎ᠠ᠎ᠶ᠋ᠢᠨ ᠭᠤᠷᠪᠠᠨ ᠵᠢᠯ᠎ᠳᠤ ᠨᠡᠢᠳᠡ 22.2 ᠳ᠋ᠦᠩᠱᠢᠭᠤᠷ ᠲᠦᠬᠦᠷᠢᠭ ᠭᠠᠷᠭᠠᠨ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠬᠦᠭ᠌ᠵᠢᠯᠳᠡ᠎ᠶ᠋ᠢ ᠭᠤᠤᠯᠳᠠᠯᠭ᠎ᠠ᠎ᠲᠠᠢ ᠲᠡᠮᠵᠢᠭ᠌ᠰᠡᠨ᠎ᠠᠴᠠ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠡᠷᠴᠢᠮᠵᠢᠵᠦ᠍ ᠲᠦᠪᠯᠡᠷᠡᠨ ᠴᠤᠬ᠍ᠯᠠᠷᠠᠬᠤ ᠦᠢᠯᠡᠳᠦᠯ ᠢᠯᠡᠷᠬᠡᠢ ᠪᠤᠯᠵᠤ᠂ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠮᠦ᠍ ᠲᠤᠮᠳᠠᠴᠢ᠎ᠶ᠋ᠢᠨ ᠦᠢᠯᠡᠳᠬᠦᠨ᠎ᠤ ᠦᠷᠳᠡᠭ 1.4 ᠲᠦᠮᠡᠨ ᠲᠦᠬᠦᠷᠢᠭ ᠨᠡᠮᠡᠭ᠌ᠳᠡᠭ᠌ᠰᠡᠨ ᠪᠠᠢᠨ᠎ᠠ᠃

ᠦᠪᠡᠷᠳᠡᠭᠡᠨ ᠵᠠᠰᠠᠬᠤ ᠤᠷᠤᠨ᠎ᠠᠴᠠ ᠤᠷᠢᠳ ᠬᠤᠵᠢᠳ 《ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ ᠲᠤᠬᠠᠢ ᠰᠠᠨᠠᠯ᠎ᠤᠳ》᠂ 《ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠢ ᠱᠢᠯᠢᠳᠡᠭ᠌ᠵᠢᠬᠦᠯᠦᠨ ᠲᠤᠬᠢᠷᠠᠭᠤᠯᠬᠤ ᠲᠤᠬᠠᠢ ᠬᠡᠷᠡᠭ᠌ᠵᠢᠬᠦᠯᠬᠦ᠌ ᠲᠦᠰᠦᠯ》 ᠎ᠢ ᠲᠤᠭ᠍ᠳᠠᠭᠠᠨ ᠬᠡᠷᠡᠭ᠌ᠵᠢᠬᠦᠯᠵᠤ᠂ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠪᠠᠢᠷᠢᠱᠢᠯ᠎ᠢ ᠲᠤᠬᠢᠷᠠᠭᠤᠯᠵᠤ ᠱᠢᠯᠢᠳᠡᠭ᠌ᠵᠢᠬᠦᠯᠤᠨ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠡᠷᠴᠢᠮᠵᠢᠵᠦ᠍ ᠲᠦᠪᠯᠡᠷᠡᠨ ᠴᠤᠬ᠍ᠯᠠᠷᠠᠬᠤ ᠦᠢᠯᠡᠳᠦᠯ᠎ᠢ ᠴᠢᠨᠠᠬ᠍ᠰᠢᠳᠠ ᠪᠠᠳᠠᠷᠠᠭᠤᠯᠵᠦ᠍᠂ ᠤᠷᠢᠳ ᠬᠤᠵᠢᠳ ᠲᠦᠯᠦᠪᠵᠢᠬᠦᠯᠦᠭ᠌ᠰᠡᠨ ᠲᠠᠯᠠᠪᠠᠢ᠎ᠨᠢ 2080 ᠲᠡᠭ᠌ᠰᠢ ᠲᠦᠷᠪᠡᠯᠵᠢᠨ ᠺᠢᠯᠤᠮᠧᠲᠷ ᠬᠦᠷᠬᠦ᠌ 17 ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠢ ᠬᠠᠰᠤᠵᠦ᠍᠂ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠮᠦ᠍ ᠲᠤᠮᠳᠠᠴᠢ᠎ᠶ᠋ᠢᠨ ᠦᠢᠯᠡᠳᠬᠦᠨ᠎ᠤ ᠦᠷᠳᠡᠭ᠎ᠨᠢ ᠬᠠᠰᠤᠵᠦ᠍ ᠨᠡᠢᠳᠭᠡᠬᠦ᠌᠎ᠶ᠋ᠢᠨ ᠡᠮᠦᠨᠡᠬᠢ᠎ᠠᠴᠠ 1.4 ᠲᠦᠮᠡᠨ ᠲᠦᠬᠦᠷᠢᠭ ᠨᠡᠮᠡᠭ᠌ᠳᠡᠵᠡᠢ᠃ 2020 ᠤᠨ᠎ᠳᠤ ᠬᠦᠬᠡᠬᠤᠳᠠ 10 ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠢᠶᠠᠨ ᠨᠡᠢᠳᠭᠡᠬᠡᠳ 7 ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ ᠪᠤᠯᠭᠠᠨ ᠲᠤᠬᠢᠷᠠᠭᠤᠯᠤᠬ᠍ᠰᠠᠨ ᠪᠠᠢᠨ᠎ᠠ᠃ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠢᠶᠠᠨ ᠨᠡᠢᠳᠭᠡᠭ᠌ᠰᠡᠨ᠎ᠤ ᠲᠠᠷᠠᠭ᠎ᠠ᠂ ᠬᠦᠬᠡᠬᠤᠳᠠ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ ᠪᠦᠷᠢ᠎ᠳᠤ 1 — 2 ᠭᠤᠤᠯᠯᠠᠬᠤ ᠠᠵᠦ᠍ ᠦᠢᠯᠡᠰ᠎ᠢ ᠲᠤᠭ᠍ᠳᠠᠭᠠᠨ᠂ ᠭᠤᠤᠯᠯᠠᠬᠤ ᠠᠵᠦ᠍ ᠦᠢᠯᠡᠰ᠎ᠤᠨ ᠵᠢᠯ᠎ᠤᠨ ᠦᠢᠯᠡᠳᠬᠦᠨ᠎ᠤ ᠦᠷᠳᠡᠭ᠎ᠤᠨ ᠡᠵᠡᠯᠡᠬᠦ᠌ ᠬᠠᠷᠢᠴᠠᠯ᠎ᠢ ᠠᠯᠬᠤᠮ ᠠᠯᠬᠤᠮ᠎ᠢᠶᠠᠷ 60% ᠎ᠶ᠋ᠢ ᠲᠠᠪᠠᠭᠤᠯᠬᠤ᠎ᠶ᠋ᠢᠨ ᠬᠠᠮᠳᠤ ᠴᠦᠬᠡᠨ ᠲᠤᠭᠠᠨ᠎ᠤ ᠤᠨᠴᠠᠯᠢᠬ᠍ᠳᠤ ᠠᠵᠦ᠍ ᠦᠢᠯᠡᠰ᠎ᠢ ᠨᠡᠢᠳᠭᠡᠨ ᠢᠵᠢ ᠪᠦᠷᠢᠳᠦᠬᠦᠯᠬᠦ᠌᠎ᠪᠠᠷ ᠴᠢᠷᠮᠠᠢᠵᠦ᠍᠂ ᠪᠠᠰᠠ ᠵᠢᠯ ᠪᠦᠷᠢ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠢ ᠴᠢᠨᠠᠷ ᠰᠠᠢᠳᠠᠢ ᠬᠦᠭ᠌ᠵᠢᠬᠦᠯᠬᠦ᠌ ᠲᠤᠰᠭᠠᠢ ᠲᠦᠷᠦᠯ᠎ᠤᠨ ᠪᠡᠯᠡ ᠮᠦᠩᠬᠦ᠌ ᠲᠤᠬᠢᠷᠠᠭᠤᠯᠵᠦ᠍᠂ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠰᠠᠭᠤᠷᠢ ᠲᠦᠬᠦᠬᠡᠷᠦᠮᠵᠢ᠎ᠶ᠋ᠢ ᠪᠦᠷᠢᠨᠱᠢᠬᠦᠯᠬᠦ᠂ ᠶᠡᠷᠦᠩᠬᠡᠢᠯᠡᠭ᠌ᠰᠡᠨ ᠲᠠᠭᠠᠭᠠᠯᠳᠠ᠎ᠶ᠋ᠢᠨ ᠴᠢᠳᠠᠪᠤᠷᠢ᠎ᠶ᠋ᠢ ᠲᠡᠭᠡᠭ᠌ᠰᠢᠯᠡᠬᠦᠯᠬᠦ᠂ ᠪᠤᠬᠢᠷᠳᠤᠯ ᠦᠬᠡᠢ ᠦᠢᠯᠡᠳᠭᠡᠯ᠎ᠤᠨ ᠱᠢᠰᠲ᠋ᠧᠮ᠎ᠢ ᠡᠬᠦᠳᠦᠨ ᠪᠠᠢᠭᠤᠯᠬᠤ᠂ ᠠᠵᠦ᠍ ᠦᠢᠯᠡᠰ᠎ᠤᠨ ᠲᠡᠰ ᠲᠠᠪᠱᠢᠯᠳᠠ᠎ᠶ᠋ᠢ ᠲᠦᠷᠬᠡᠳᠭᠡᠬᠦ᠌᠎ᠶ᠋ᠢᠨ ᠤᠯᠠᠮ᠎ᠢᠶᠠᠷ ᠠᠵᠦ᠍ ᠦᠢᠯᠡᠳᠪᠦᠷᠢ᠎ᠶ᠋ᠢᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠪᠠ᠃ 2020 ᠤᠨ᠎ᠤ ᠰᠡᠬᠦᠯᠴᠢ ᠪᠤᠯᠬᠤ᠎ᠳᠤ ᠪᠦᠬᠦ᠌ ᠤᠷᠤᠨ᠎ᠤ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠦᠢᠯᠡᠳᠬᠦᠨ᠎ᠤ ᠶᠡᠷᠦᠩᠬᠡᠢ ᠦᠷᠳᠡᠭ 1.2 ᠲᠦᠮᠡᠨ ᠳ᠋ᠦᠩᠱᠢᠭᠤᠷ ᠲᠦᠬᠦᠷᠢᠭ᠎ᠲᠤ ᠤᠢ᠍ᠢᠷᠠᠳᠴᠦ᠍᠂ ᠦᠢᠯᠡᠳᠬᠦᠨ᠎ᠤ ᠦᠷᠳᠡᠭ᠎ᠨᠢ ᠵᠠᠭᠤᠨ ᠳ᠋ᠦᠩᠱᠢᠭᠤᠷ ᠲᠦᠬᠦᠷᠢᠭ᠎ᠢ ᠲᠠᠪᠠᠭ᠍ᠰᠠᠨ 32 ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠲᠠᠢ ᠪᠤᠯᠵᠦ᠍᠂ ᠵᠠᠭᠤᠨ ᠳ᠋ᠦᠩᠱᠢᠭᠤᠷ ᠲᠦᠬᠦᠷᠢᠭ᠎ᠤᠨ ᠦᠢᠯᠡᠳᠬᠦᠨ᠎ᠤ ᠦᠷᠲᠡᠭ ᠪᠦᠬᠦᠢ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠡᠵᠡᠯᠡᠬᠦ᠌ ᠬᠠᠷᠢᠴᠠᠯ 78.9% ᠎ᠳᠤ ᠬᠦᠷᠦᠭ᠌ᠰᠡᠨ ᠪᠠᠢᠨ᠎ᠠ᠃

2018 ᠤᠨ᠎ᠠᠴᠠ ᠨᠠᠭᠠᠰᠢ᠂ ᠦᠪᠡᠷᠳᠡᠭᠡᠨ ᠵᠠᠰᠠᠬᠤ ᠤᠷᠤᠨ᠎ᠤ ᠲᠤᠰ ᠱᠠᠳᠤᠨ᠎ᠠᠴᠠ ᠨᠡᠢᠳᠡ 22.2 ᠳ᠋ᠦᠩᠱᠢᠭᠤᠷ ᠲᠦᠬᠦᠷᠢᠭ᠎ᠤᠨ ᠲᠤᠰᠭᠠᠢ ᠲᠦᠷᠦᠯ᠎ᠤᠨ ᠪᠡᠯᠡ ᠮᠦᠩᠬᠦ᠌ ᠤᠷᠤᠭᠤᠯᠵᠦ᠍᠂ ᠪᠦᠬᠦ᠌ ᠤᠷᠤᠨ᠎ᠤ ᠪᠡᠯᠡ ᠤᠷᠤᠭᠤᠯᠤᠯᠳᠠ᠎ᠶ᠋ᠢ ᠪᠠᠷᠤᠬ 220 ᠳ᠋ᠦᠩᠱᠢᠭᠤᠷ ᠲᠦᠬᠦᠷᠢᠭ ᠲᠠᠢᠴᠢᠯᠠᠨ᠂ 206 ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠰᠠᠭᠤᠷᠢ ᠲᠦᠬᠦᠬᠡᠷᠦᠮᠵᠢ᠎ᠶ᠋ᠢᠨ ᠪᠦᠲᠦᠬᠡᠨ ᠪᠠᠢᠭᠤᠯᠤᠯᠳᠠ᠎ᠶ᠋ᠢᠨ ᠲᠦᠷᠦᠯ ᠵᠦᠢᠯ᠎ᠢ ᠭᠤᠤᠯᠳᠠᠯᠭ᠎ᠠ᠎ᠲᠠᠢ ᠲᠡᠮᠵᠢᠵᠦ᠍᠂ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠠᠷᠠᠯᠵᠢᠶᠠᠴᠢᠨ ᠤᠷᠢᠵᠦ᠍ ᠪᠡᠯᠡ ᠮᠦᠩᠬᠦ᠌ ᠤᠷᠤᠭᠤᠯᠤᠨ ᠠᠪᠴᠢᠷᠠᠬᠤ ᠤᠷᠴᠢᠨ ᠨᠦᠬᠦᠴᠡᠯ᠎ᠢ ᠢᠯᠡᠳᠳᠡ ᠰᠠᠢᠵᠢᠷᠠᠭᠤᠯᠪᠠ᠃ ᠨᠢᠳᠤᠨᠤᠨ᠎ᠤ 10 ᠰᠠᠷ᠎ᠠ᠎ᠶ᠋ᠢᠨ ᠰᠡᠬᠦᠯᠴᠢ ᠪᠤᠯᠳᠠᠯ᠎ᠠ᠂ ᠪᠦᠬᠦ᠌ ᠤᠷᠤᠨ᠎ᠤ ᠠᠵᠦ᠍ ᠦᠢᠯᠡᠳᠪᠦᠷᠢ᠎ᠶ᠋ᠢᠨ ᠠᠵᠦ᠍ ᠠᠬᠤᠢ᠍ᠢᠯᠠᠯ᠎ᠤᠨ ᠲᠤᠭ᠎ᠠ 4.22 ᠲᠦᠮᠡ᠎ᠶ᠋ᠢ ᠲᠠᠪᠠᠨ᠂ 2019 ᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 1356 ᠨᠡᠮᠡᠭ᠌ᠳᠡᠵᠠᠢ᠂ ᠡᠬᠦᠨ᠎ᠳᠤ ᠬᠡᠪᠴᠢᠶᠡᠵᠢᠯ᠎ᠠᠴᠠ ᠲᠡᠭᠡᠭ᠌ᠰᠢᠬᠢ ᠠᠵᠦ᠍ ᠦᠢᠯᠡᠳᠪᠦᠷᠢ᠎ᠶ᠋ᠢᠨ ᠠᠵᠦ᠍ ᠠᠬᠤᠢ᠍ᠢᠯᠠᠯ᠎ᠤᠨ ᠲᠤᠭ᠎ᠠ 40 ᠨᠡᠮᠡᠭ᠌ᠳᠡᠵᠦ᠍᠂ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠠᠵᠦ᠍ ᠠᠬᠤᠢ᠍ᠢᠯᠠᠯ᠎ᠤᠨ ᠲᠤᠭ᠎ᠠ 1105 ᠨᠡᠮᠡᠭ᠌ᠳᠡᠪᠠ᠃ ᠪᠦᠬᠦ᠌ ᠤᠷᠤᠨ᠎ᠤ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠠᠵᠢᠯ ᠤᠯᠭᠤᠬ᠍ᠰᠠᠨ ᠬᠦᠮᠦᠨ᠎ᠤ ᠲᠤᠭ᠎ᠠ 88.1 ᠲᠦᠮᠡ᠎ᠳᠤ ᠬᠦᠷᠴᠤ᠌᠂ 2019 ᠤᠨ᠎ᠤ ᠵᠢᠯ᠎ᠤᠨ ᠰᠡᠬᠦᠯᠴᠢ᠎ᠶ᠋ᠢᠨ᠎ᠬᠢ᠎ᠠᠴᠠ 2 ᠲᠦᠮᠡ ᠨᠡᠮᠡᠭ᠌ᠳᠡᠵᠦ᠍᠂ ᠠᠵᠢᠯ ᠤᠯᠭᠤᠯᠳᠠ᠎ᠶ᠋ᠢ ᠲᠤᠬ᠍ᠳᠠᠪᠤᠷᠢᠵᠢᠭᠤᠯᠬᠤ᠎ᠳᠤ ᠴᠢᠬᠤᠯᠠ ᠦᠢᠯᠡᠳᠦᠯ᠎ᠢᠶᠠᠨ ᠦᠵᠡᠬᠦᠯᠦᠭ᠌ᠰᠡᠨ ᠪᠠᠢᠨ᠎ᠠ᠃

ᠮᠠᠨ᠎ᠤ ᠤᠷᠤᠨ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠪᠠᠢᠷᠢᠱᠢᠯ᠎ᠢ ᠱᠢᠯᠢᠳᠡᠭ᠌ᠵᠢᠬᠦᠯᠤᠨ ᠨᠦᠬᠦᠴᠡᠯ᠎ᠲᠠᠢ᠂ ᠲᠠᠪᠠᠭᠤᠯᠢᠬ᠎ᠲᠠᠢ ᠭᠠᠵᠠᠷ ᠤᠷᠤᠨ᠎ᠤ ᠲᠦᠷᠦᠬᠦᠯᠡᠨ ᠬᠦᠭ᠌ᠵᠢᠬᠦ᠌᠎ᠶ᠋ᠢ ᠲᠡᠮᠵᠢᠵᠦ᠍᠂ ᠲᠠᠪᠠᠭᠤᠯᠢᠬ ᠠᠵᠦ᠍ ᠦᠢᠯᠡᠰ᠎ᠤᠨ ᠭᠤᠤᠯᠯᠠᠬᠤ ᠤᠷᠤᠨ᠎ᠢ ᠴᠤᠬ᠍ᠴᠠᠯᠠᠭᠠᠳ ᠪᠠᠶᠠᠷᠯᠠᠭᠤᠱᠢᠳᠠᠢ ᠦᠷ᠎ᠠ ᠪᠦᠲᠦᠮᠵᠢ ᠤᠯᠵᠠᠢ᠃ ᠤᠳᠤ ᠬᠦᠬᠡᠬᠤᠳᠠ ᠨᠢᠬᠡᠨᠳᠡ ᠪᠦᠬᠦ᠌ ᠲᠡᠯᠡᠬᠡᠢ᠎ᠶ᠋ᠢᠨ ᠴᠠᠬᠢᠭᠤᠷ᠎ᠤᠨ ᠮᠠᠲ᠋ᠧᠷᠢᠶᠠᠯ᠎ᠤᠨ ᠠᠵᠦ᠍ ᠦᠢᠯᠡᠰ᠎ᠤᠨ ᠴᠢᠬᠤᠯᠠ ᠰᠠᠭᠤᠷᠢᠨ᠂ ᠪᠤᠭᠤᠳᠤ ᠬᠤᠳᠠ ᠨᠢᠬᠡᠨᠳᠡ ᠮᠠᠨ᠎ᠤ ᠤᠯᠤᠰ᠎ᠤᠨ ᠤᠮᠠᠷᠠᠳᠤ᠎ᠶ᠋ᠢᠨ ᠮᠠᠱᠢᠨ ᠲᠤᠨᠤᠬ᠍ᠯᠠᠯ ᠦᠢᠯᠡᠳᠬᠦ᠌ ᠴᠢᠬᠤᠯᠠ ᠰᠠᠭᠤᠷᠢᠨ ᠪᠠ ᠪᠦᠬᠦ᠌ ᠤᠯᠤᠰ᠎ᠤᠨ ᠬᠠᠮᠤᠬ᠎ᠤᠨ ᠶᠡᠭᠡ ᠬᠤᠪᠤᠷ ᠱᠢᠷᠤᠢ᠎ᠶ᠋ᠢᠨ ᠱᠢᠨ᠎ᠠ ᠮᠠᠲ᠋ᠧᠷᠢᠶᠠᠯ᠎ᠤᠨ ᠠᠵᠦ᠍ ᠦᠢᠯᠡᠰ᠎ᠤᠨ ᠰᠠᠭᠤᠷᠢᠨ᠂ ᠤᠷᠳᠤᠰ ᠬᠤᠳᠠ ᠪᠤᠯᠤᠨ ᠱᠢᠯᠢ᠎ᠶ᠋ᠢᠨ ᠭᠤᠤᠯ ᠠᠢᠮᠠᠬ ᠨᠢᠬᠡᠨᠳᠡ ᠪᠦᠬᠦ᠌ ᠤᠯᠤᠰ᠎ᠤᠨ ᠬᠠᠮᠤᠬ᠎ᠤᠨ ᠶᠡᠭᠡ ᠨᠡᠬᠦᠷᠡᠰᠤ᠎ᠪᠠᠷ ᠴᠠᠬᠢᠯᠭᠠᠨ ᠭᠠᠷᠭᠠᠬᠤ ᠤᠳᠤᠬᠢᠴᠢᠯᠠᠬ᠍ᠰᠠᠨ ᠰᠠᠭᠤᠷᠢᠨ᠂ ᠤᠷᠳᠤᠰ ᠬᠤᠳᠠ ᠪᠤᠯᠤᠨ ᠪᠤᠭᠤᠳᠤ ᠬᠤᠳᠠ ᠨᠢᠬᠡᠨᠳᠡ ᠮᠠᠨ᠎ᠤ ᠤᠯᠤᠰ᠎ᠤᠨ ᠤᠳᠤ ᠦᠶ᠎ᠠ᠎ᠶ᠋ᠢᠨ ᠨᠡᠬᠦᠷᠡᠰᠤ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠴᠢᠬᠤᠯᠠ ᠰᠠᠭᠤᠷᠢᠨ᠂ ᠲᠦᠩᠯᠢᠶᠤᠤ ᠬᠤᠳᠠ ᠨᠢᠬᠡᠨᠳᠡ ᠮᠠᠨ᠎ᠤ ᠤᠯᠤᠰ᠎ᠤᠨ 《ᠨᠡᠬᠦᠷᠡᠰᠤ — ᠴᠠᠬᠢᠯᠭᠠᠨ — ᠬᠦᠩᠬᠡᠨ ᠴᠠᠭᠠᠨ — ᠬᠦᠩᠬᠡᠨ ᠴᠠᠭᠠᠨ᠎ᠢ ᠡᠳ᠋ᠱᠢᠬᠦᠯᠦᠨ ᠪᠤᠯᠪᠠᠰᠤᠷᠠᠭᠤᠯᠬᠤ》 ᠡᠷᠬᠢᠯᠳᠡᠳᠤ ᠠᠵᠦ᠍ ᠠᠬᠤᠢ᠎ᠶ᠋ᠢᠨ ᠵᠢᠱ᠌ᠢᠶ᠎ᠠ ᠦᠵᠡᠬᠦᠯᠬᠦ᠌ ᠰᠠᠭᠤᠷᠢᠨ ᠪᠤᠯᠪᠠ᠃ ᠡᠭᠦᠨ᠎ᠤ ᠬᠠᠮᠳᠤ᠂ ᠤᠯᠠᠭᠠᠨᠬᠠᠳᠠ ᠬᠤᠳᠠ᠎ᠶ᠋ᠢᠨ᠎ᠬᠢᠨ ᠮᠠᠨ᠎ᠤ ᠤᠯᠤᠰ᠎ᠤᠨ ᠤᠮᠠᠷᠠᠳᠤ᠎ᠶ᠋ᠢᠨ ᠬᠠᠮᠤᠬ᠎ᠤᠨ ᠶᠡᠭᠡ ᠵᠡᠰ ᠬᠠᠢᠯᠤᠭᠤᠯᠤᠨ ᠪᠤᠯᠪᠠᠰᠤᠷᠠᠭᠤᠯᠬᠤ ᠰᠠᠭᠤᠷᠢᠨ᠂ ᠤᠯᠠᠭᠠᠨᠴᠠᠪ ᠬᠤᠳᠠ᠎ᠶ᠋ᠢᠨ᠎ᠬᠢᠨ ᠮᠠᠨ᠎ᠤ ᠤᠯᠤᠰ᠎ᠤᠨ ᠬᠠᠮᠤᠬ᠎ᠤᠨ ᠶᠡᠭᠡ ᠯᠢᠲ᠋ᠢ ᠢᠶᠤᠨᠳᠤ ᠳ᠋ᠢᠶᠠᠨ ᡂᠢ᠎ᠶ᠋ᠢᠨ ᠮᠠᠲ᠋ᠧᠷᠢᠶᠠᠯ ᠦᠢᠯᠡᠳᠪᠦᠷᠢᠯᠡᠬᠦ᠌ ᠰᠠᠭᠤᠷᠢᠨ᠂ ᠪᠠᠶᠠᠨᠨᠠᠭᠤᠷ ᠬᠤᠳᠠ᠎ᠶ᠋ᠢᠨ᠎ᠬᠢᠨ ᠪᠦᠬᠦ᠌ ᠲᠡᠯᠡᠬᠡᠢ᠎ᠶ᠋ᠢᠨ ᠬᠠᠮᠤᠬ᠎ᠤᠨ ᠶᠡᠭᠡ ᠨᠢᠶᠠᠨ ᠲᠠᠷᠤᠬ᠍ᠴᠢ᠎ᠶ᠋ᠢᠨ ᠲᠦᠬᠦᠬᠡᠢ ᠮᠠᠲ᠋ᠧᠷᠢᠶᠠᠯ᠎ᠤᠨ ᠡᠮ ᠦᠢᠯᠡᠳᠪᠦᠷᠢᠯᠡᠬᠦ᠌ ᠰᠠᠭᠤᠷᠢᠨ᠎ᠢ ᠶᠠᠬ ᠪᠦᠲᠦᠬᠡᠨ ᠪᠠᠢᠭᠤᠯᠵᠦ᠍ ᠪᠤᠢ᠃

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号