ᠣᠢᠷ᠎ᠠ᠎ᠶ᠋ᠢᠨ ᠵᠢᠯ᠎ᠠᠴᠠ ᠨᠠᠭᠠᠰᠢ᠂ ᠲᠦᠩᠯᠢᠶᠤᠤ ᠬᠤᠳᠠ ᠰᠠᠢᠨ ᠡᠬᠦᠯᠳᠡᠷ᠎ᠤᠨ ᠮᠢᠬᠠᠨ᠎ᠤ ᠦᠬᠡᠷ᠎ᠢ ᠪᠤᠢᠵᠢᠭᠤᠯᠬᠤ᠂ ᠮᠢᠬᠠᠨ᠎ᠤ ᠦᠬᠡᠷ᠎ᠢ ᠬᠡᠪᠴᠢᠶᠡᠵᠢᠭᠦᠯᠦᠨ ᠲᠡᠵᠢᠭᠡᠵᠤ ᠦᠷᠡᠵᠢᠭᠦᠯᠬᠦ᠂ ᠦᠬᠡᠷ᠎ᠤᠨ ᠠᠱᠢᠭ ᠱᠢᠮ᠎ᠠ᠎ᠶ᠋ᠢ ᠨᠠᠷᠢᠯᠢᠭ ᠡᠳ᠋ᠱᠢᠭᠦᠯᠬᠦ᠂ ᠰᠦᠯᠵᠢᠶ᠎ᠠ ᠪᠠ ᠪᠤᠳᠠᠳᠤ ᠲᠠᠯᠬᠡᠬᠦᠷ᠎ᠢᠶᠠᠷ ᠠᠷᠠᠯᠵᠢᠶᠠᠯᠠᠬᠤ ᠵᠡᠷᠬᠡ ᠮᠢᠬᠠᠨ᠎ᠤ ᠦᠬᠡᠷ᠎ᠤᠨ ᠠᠵᠤ ᠦᠢᠯᠡᠰ᠎ᠤᠨ ᠬᠡᠯᠬᠢᠶ᠎ᠡ᠎ᠶ᠋ᠢᠨ ᠪᠦᠯᠦᠭ᠌ᠵᠢᠨ ᠬᠥᠭ᠌ᠵᠢᠬᠦ᠌᠎ᠶ᠋ᠢ ᠪᠥᠬᠦ᠌ ᠬᠦᠴᠦᠨ᠎ᠢᠶᠠᠷ ᠠᠬᠢᠭᠤᠯᠵᠤ᠂ ᠤᠳᠤ ᠮᠢᠬᠠᠨ᠎ᠤ ᠦᠬᠡᠷ᠎ᠤᠨ ᠠᠵᠤ ᠦᠢᠯᠡᠰ᠎ᠤᠨ ᠬᠥᠭ᠌ᠵᠢᠯᠲᠡ᠎ᠪᠠᠷ ᠪᠥᠬᠦ᠌ ᠤᠯᠤᠰ᠎ᠤᠨ ᠲᠡᠷᠢᠭᠦᠨ᠎ᠳᠤ ᠤᠷᠤᠵᠤ ᠪᠤᠢ᠃ ᠤᠨᠴᠠᠯᠠᠨ ᠲᠤᠷᠠᠳᠤᠭᠤᠱᠢᠳᠠᠢ᠎ᠨᠢ 《ᠬᠤᠷᠴᠢᠨ ᠦᠬᠡᠷ》 ᠨᠢᠬᠡᠨᠳᠡ ᠳᠤᠮᠳᠠᠳᠤ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠠᠵᠠᠷ ᠵᠦᠶ᠎ᠶ᠋ᠢᠨ ᠢᠯᠡᠷᠬᠡᠢᠯᠡᠯᠳᠤ ᠲᠠᠸᠠᠷ᠎ᠤᠨ ᠲᠡᠮᠳᠡᠭ᠂ ᠪᠦᠬᠦ᠌ ᠤᠯᠤᠰ᠎ᠤᠨ ᠵᠠᠭᠤᠨ ᠬᠦᠴᠦᠷᠬᠡᠭ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ ᠪᠤᠯᠵᠤ᠂ ᠲᠦᠷᠦᠯ ᠲᠡᠮᠳᠡᠭ᠎ᠤᠨ ᠥᠷᠲᠡᠭ᠎ᠨᠢ 258.1 ᠳ᠋ᠦᠩᠱᠢᠭᠤᠷ ᠲᠥᠭᠦᠷᠢᠭ᠎ᠲᠤ ᠬᠦᠷᠴᠠᠢ᠃
ᠲᠦᠩᠯᠢᠶᠤᠤ ᠬᠤᠳᠠ᠎ᠳᠤ ᠤᠳᠤ 295 ᠲᠦᠮᠡᠨ ᠦᠬᠡᠷ᠎ᠲᠠᠢ ᠪᠤᠯᠵᠤ᠂ ᠵᠢᠯ᠎ᠳᠤ 100 ᠲᠦᠮᠡᠨ ᠮᠢᠬᠠᠨ᠎ᠤ ᠦᠬᠡᠷ ᠪᠤᠷᠤᠯᠠᠭᠤᠯᠤᠨ 80 ᠲᠦᠮᠡᠨ ᠮᠢᠬᠠᠨ᠎ᠤ ᠦᠬᠡᠷ᠎ᠢ ᠨᠢᠲᠤᠯᠵᠤ ᠡᠳ᠋ᠱᠢᠭᠦᠯᠬᠦ᠌ ᠴᠢᠳᠠᠪᠤᠷᠢ᠎ᠶ᠋ᠢ ᠪᠥᠷᠢᠯᠳᠥᠭᠦᠯᠵᠤ᠂ ᠮᠢᠬᠠᠨ᠎ᠤ ᠦᠬᠡᠷ᠎ᠤᠨ ᠠᠵᠤ ᠦᠢᠯᠡᠰ᠎ᠤᠨ ᠭᠤᠤᠯ ᠭᠦᠶᠴᠡᠳᠭᠡᠯ ᠲᠤᠭ᠎ᠠ᠎ᠨᠢ ᠪᠥᠬᠦ᠌ ᠤᠯᠤᠰ᠎ᠤᠨ ᠲᠤᠰᠭᠠᠶ ᠣᠷᠣᠨ᠎ᠤ ᠲᠠᠰ᠎ᠤᠨ ᠬᠤᠲᠠ᠎ᠳᠤ ᠲᠦᠷᠦᠬᠦᠯᠡᠵᠤ ᠪᠤᠢ᠃ ᠲᠥᠩᠯᠢᠶᠤᠤ ᠬᠤᠲᠠ᠎ᠶ᠋ᠢᠨ ᠤᠯᠠᠭᠠᠨ ᠥᠭᠡᠷ᠎ᠤᠨ ᠡᠭᠦᠯᠳᠡᠷ ᠰᠠᠢᠵᠢᠷᠠᠭᠤᠯᠬᠤ ᠠᠵᠢᠯ 60 ᠭᠠᠷᠤᠶ ᠵᠢᠯ ᠦᠷᠬᠦᠯᠵᠢᠯᠡᠵᠤ᠂ ᠤᠷᠢᠳ ᠬᠤᠵᠢᠳ 《ᠬᠤᠷᠴᠢᠨ ᠦᠬᠡᠷ》᠂ 《ᠳᠤᠮᠳᠠᠳᠤ ᠤᠯᠤᠰ᠎ᠤᠨ ᠱᠢᠮᠧᠨ᠋ᠲᠠᠷ ᠦᠬᠡᠷ》 ᠢ ᠠᠮᠵᠢᠯᠳᠠ᠎ᠲᠠᠢ ᠪᠤᠢᠵᠢᠭᠤᠯᠵᠤ᠂ ᠰᠠᠢᠨ ᠡᠬᠦᠯᠳᠡᠷ᠎ᠤᠨ ᠳᠤᠮᠳᠠᠳᠤ ᠤᠯᠤᠰ᠎ᠤᠨ ᠱᠢᠮᠧᠨ᠋ᠳᠠᠷ ᠦᠬᠡᠷ᠎ᠨᠢ ᠪᠥᠬᠦ᠌ ᠬᠤᠲᠠ᠎ᠶ᠋ᠢᠨ ᠦᠬᠡᠷ᠎ᠤᠨ 96% ᠶ᠋ᠢ ᠲᠠᠪᠠᠪᠠ᠃ ᠤᠳᠤ ᠤᠯᠤᠰ᠎ᠤᠨ ᠲᠠᠰ᠎ᠤᠨ ᠭᠤᠤᠯᠳᠠᠯᠭ᠎ᠠ᠎ᠲᠠᠢ 3 ᠦᠷ᠎ᠡ᠎ᠶ᠋ᠢᠨ ᠮᠠᠯ᠎ᠤᠨ ᠲᠠᠯᠠᠪᠠᠶ (ᠺᠣᠮᠫᠠᠨᠢ)᠂ ᠤᠯᠤᠰ᠎ᠤᠨ ᠲᠠᠰ᠎ᠤᠨ 1 ᠪᠤᠬ᠎ᠠ᠎ᠶ᠋ᠢᠨ ᠥᠷᠲᠡᠭᠡ᠎ᠲᠠᠢ ᠪᠤᠯᠵᠤ᠂ ᠡᠭᠦᠯᠳᠡᠷ ᠪᠤᠢᠵᠢᠭᠤᠯᠬᠤ᠂ ᠢᠴᠡᠬᠡᠯ ᠦᠷ᠎ᠠ ᠥᠢᠯᠡᠳᠪᠥᠷᠢᠯᠡᠬᠦ᠂ ᠢᠴᠡᠬᠡᠯ ᠥᠷ᠎ᠡ ᠬᠠᠩᠭᠠᠬᠤ᠂ ᠢᠴᠡᠬᠡᠯ ᠦᠷ᠎ᠠ᠎ᠶ᠋ᠢ ᠲᠦᠬᠡᠮᠡᠯᠵᠢᠬᠦᠯᠵᠤ ᠬᠡᠷᠡᠭ᠌ᠯᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠰᠠᠢᠨ ᠡᠭᠦᠯᠳᠡᠷ᠎ᠤᠨ ᠮᠢᠬᠠᠨ᠎ᠤ ᠦᠬᠡᠷ ᠪᠤᠢᠵᠢᠭᠤᠯᠬᠤ ᠱᠢᠰᠲ᠋ᠧᠮ᠎ᠢ ᠪᠦᠳᠦᠮᠵᠢᠳᠠᠢ ᠴᠤᠭ᠍ᠴᠠᠯᠠᠨ᠂ ᠵᠢᠯ᠎ᠳᠤ 100 ᠪᠤᠬ᠎ᠠ ᠪᠤᠢᠵᠢᠭᠤᠯᠤᠨ 250 ᠲᠦᠮᠡ ᠭᠠᠷᠤᠢ ᠱᠢᠷᠬᠡᠭ ᠢᠴᠡᠭᠡᠯ ᠦᠷ᠎ᠡ ᠦᠢᠯᠡᠳᠪᠦᠷᠢᠯᠡᠵᠦ᠍᠂ ᠪᠥᠬᠦ᠌ ᠤᠯᠤᠰ᠎ᠤᠨ ᠬᠠᠮᠤᠭ᠎ᠤᠨ ᠰᠠᠢᠨ 100 ᠪᠤᠬ᠎ᠠ᠎ᠶ᠋ᠢᠨ ᠳᠣᠲᠣᠷ᠎ᠠ ᠲᠤᠰ ᠬᠤᠲᠠ᠎ᠶ᠋ᠢᠨ ᠪᠤᠢᠵᠢᠭᠤᠯᠤᠭ᠍ᠰᠠᠨ ᠪᠤᠬ᠎ᠠ 1/3 ᠠᠴᠠ ᠳᠡᠭᠡᠭ᠌ᠰᠢᠬᠢ᠎ᠶ᠋ᠢ ᠡᠵᠡᠯᠡᠵᠤ ᠪᠤᠢ᠃ ᠬᠤᠲᠠ᠂ ᠬᠤᠱᠢᠭᠤ ᠱᠢᠶᠠᠨ᠂ ᠰᠤᠮᠤ ᠱᠢᠶᠠᠩ ᠪᠠᠯᠭᠠᠰᠤ᠂ ᠭᠠᠴᠠᠭ᠎ᠠ ᠲᠤᠰᠭᠤᠨ ᠳᠥᠷᠪᠡᠨ ᠱᠠᠲᠤᠨ᠎ᠤ ᠮᠢᠬᠠᠨ᠎ᠤ ᠦᠬᠡᠷ᠎ᠤᠨ ᠰᠠᠢᠨ ᠡᠭᠦᠯᠳᠡᠷ᠎ᠢ ᠳᠡᠯᠭᠡᠷᠡᠭᠦᠯᠬᠦ᠌ ᠪᠠᠢᠭᠤᠯᠤᠮᠵᠢ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠮᠢᠬᠠᠨ᠎ᠤ ᠦᠬᠡᠷ᠎ᠤᠨ ᠵᠤᠬᠢᠶᠠᠮᠠᠯ ᠬᠡᠭᠡᠯᠲᠦᠭᠦᠯᠭᠡ᠎ᠶ᠋ᠢᠨ 3027 ᠥᠷᠲᠡᠭᠡ ᠴᠡᠭ ᠪᠠᠢᠭᠤᠯᠤᠨ ᠵᠢᠯ ᠪᠦᠷᠢ 100 ᠲᠦᠮᠡ ᠭᠠᠷᠤᠢ ᠥᠨᠢᠶ᠎ᠡ᠎ᠳᠤ ᠢᠴᠡᠭᠡᠯ ᠦᠷ᠎ᠡ᠎ᠶ᠋ᠢᠨ ᠬᠡᠭᠡᠯᠲᠦᠭᠦᠯᠭᠡ ᠬᠢᠵᠤ ᠪᠠᠢᠨ᠎ᠠ᠃ ᠡᠬᠦᠨ᠎ᠤ ᠬᠠᠮᠳᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠤᠡᠬᠠᠨ ᠵᠠᠩᠭᠢᠯᠠᠭ᠎ᠠ᠎ᠶ᠋ᠢᠨ ᠬᠦᠷᠢᠶᠡᠨ᠎ᠳᠤ ᠮᠡᠷᠭᠡᠵᠢᠯ᠎ᠤᠨ ᠱᠢᠪᠲᠤᠯᠤᠯᠲᠠ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠢᠬᠠᠨ᠎ᠤ ᠦᠬᠡᠷ᠎ᠤᠨ ᠡᠬᠦᠯᠳᠡᠷ ᠪᠤᠢᠵᠢᠭᠤᠯᠬᠤ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠵᠠᠢ᠃
ᠲᠤᠰ ᠬᠤᠳᠠ 《ᠬᠤᠷᠴᠢᠨ ᠮᠢᠬᠠᠨ᠎ᠤ ᠦᠬᠡᠷ᠎ᠤᠨ ᠡᠭᠦᠯᠳᠡᠷ᠎ᠤᠨ ᠪᠠᠷᠢᠮᠵᠢᠶ᠎ᠠ ᠱᠠᠭᠠᠷᠳᠠᠯᠭ᠎ᠠ》 ᠵᠡᠷᠭᠡ 28 ᠵᠦᠶᠯ᠎ᠤᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠨ ᠬᠡᠷᠡᠭ᠌ᠵᠢᠬᠦᠯᠵᠤ᠂ 2020 ᠣᠨ᠎ᠳᠤ ᠬᠡᠪᠴᠢᠶ᠎ᠡ᠎ᠪᠠᠷ ᠶᠡᠭᠡ᠂ ᠢᠵᠢ ᠪᠥᠷᠢᠳᠦᠭ᠌ᠰᠡᠨ ᠲᠥᠬᠦᠭᠡᠷᠥᠮᠵᠢ᠎ᠪᠠᠷ ᠪᠦᠷᠢᠨ ᠵᠢᠱ᠌ᠢᠶ᠎ᠡ ᠦᠵᠡᠭᠦᠯᠬᠦ᠌ ᠴᠢᠨᠠᠷᠲᠠᠶ 1000 ᠠᠴᠠ ᠲᠠᠬᠡᠭ᠌ᠰᠢ ᠮᠢᠬᠠᠨ᠎ᠤ ᠦᠬᠡᠷ ᠲᠠᠵᠢᠬᠡᠬᠦ᠌ 30 ᠲᠠᠵᠢᠬᠡᠪᠤᠷᠢ᠎ᠶ᠋ᠢᠨ ᠲᠠᠯᠠᠪᠠᠢ᠎ᠶ᠋ᠢ ᠱᠢᠨ᠎ᠡ᠎ᠪᠠᠷ ᠪᠠᠢᠭᠤᠯᠤᠭ᠍ᠰᠠᠨ ᠪᠤᠶᠤ ᠥᠭᠡᠷᠡᠴᠢᠯᠡᠨ ᠪᠠᠢᠭᠤᠯᠵᠤ᠂ ᠬᠡᠪᠴᠢᠶᠡᠵᠢᠯ᠎ᠠᠴᠠ ᠳᠡᠭᠡᠭ᠌ᠰᠢᠬᠢ ᠥᠭᠡᠷ ᠪᠣᠷᠳᠣᠬᠤ ᠲᠠᠯᠠᠪᠠᠶ᠎ᠶ᠋ᠢᠨ ᠵᠢᠯ᠎ᠤᠨ ᠮᠢᠬᠠᠨ᠎ᠤ ᠦᠬᠡᠷ᠎ᠤᠨ ᠭᠠᠷᠭᠠᠯᠲᠠ᠎ᠶ᠋ᠢ 35 ᠲᠦᠮᠡ᠎ᠳᠤ ᠬᠦᠷᠭᠡᠭ᠌ᠰᠡᠨ ᠪᠦᠬᠡᠳ ᠪᠠᠰᠠ 300 — 500 ᠦᠨᠢᠶ᠎ᠠ ᠲᠠᠵᠢᠬᠡᠬᠦ᠌ ᠵᠤᠬᠢᠬᠤ ᠬᠡᠪᠴᠢᠶ᠎ᠡ᠎ᠳᠤ ᠪᠠᠷᠢᠮᠵᠢᠶᠠᠵᠢᠭ᠍ᠰᠠᠨ ᠦᠷᠡᠵᠢᠭᠦᠯᠦᠨ ᠪᠤᠢᠵᠢᠭᠤᠯᠬᠤ 30 ᠲᠠᠯᠠᠪᠠᠢ ᠪᠠᠢᠭᠤᠯᠪᠠ᠃ ᠭᠠᠴᠠᠭ᠎ᠠ ᠲᠣᠰᠭᠤᠨ᠎ᠳᠤ ᠲᠥᠪᠯᠡᠷᠡᠭᠦᠯᠦᠨ ᠲᠡᠵᠢᠭᠡᠬᠦ᠂ ᠬᠥᠮᠦᠨ ᠮᠠᠯ᠎ᠢ ᠰᠠᠯᠭᠠᠬᠤ ᠵᠠᠭ᠍ᠪᠤᠷ᠎ᠢ ᠰᠦᠪᠡᠭ᠌ᠴᠢᠯᠡᠨ ᠳᠡᠯᠭᠡᠷᠡᠭᠦᠯᠵᠦ᠍᠂ 1500 ᠠᠴᠠ ᠲᠠᠬᠡᠭ᠌ᠰᠢ ᠦᠬᠡᠷ ᠲᠠᠵᠢᠬᠡᠬᠦ᠌ 130 ᠪᠠᠭ᠎ᠠ ᠲᠣᠭᠤᠷᠢᠭ᠎ᠢ ᠱᠢᠨ᠎ᠡ᠎ᠪᠠᠷ ᠪᠠᠢᠭᠤᠯᠤᠭ᠍ᠰᠠᠨ ᠪᠤᠶᠤ ᠥᠭᠡᠷᠡᠴᠢᠯᠡᠨ ᠪᠠᠢᠭᠤᠯᠵᠤ᠂ ᠬᠤᠪᠢ ᠣᠷᠣᠭᠤᠯᠤᠨ ᠬᠤᠷᠱᠢᠬᠤ᠂ ᠨᠠᠢᠳᠠᠨ ᠬᠠᠮᠢᠶᠠᠷᠤᠭᠤᠯᠵᠤ ᠲᠡᠵᠢᠭᠡᠬᠦ᠂ 《ᠬᠤᠷᠱᠢᠶ᠎ᠠ + ᠰᠠᠭᠤᠷᠢᠨ + ᠲᠥᠷᠥᠯ ᠲᠡᠮᠳᠡᠭ》 ᠤᠨ ᠶᠡᠷᠦᠩᠬᠡᠢᠯᠡᠭ᠌ᠰᠡᠨ ᠦᠶᠯᠡᠴᠢᠯᠡᠭᠡ ᠬᠠᠩᠭᠠᠬᠤ ᠵᠡᠷᠭᠡ ᠠᠷᠭ᠎ᠠ ᠬᠡᠯᠪᠡᠷᠢ᠎ᠪᠠᠷ ᠡᠵᠡᠩᠨᠡᠵᠤ ᠪᠤᠢ᠃ ᠪᠦᠷᠢᠳᠭᠡᠯ᠎ᠢ ᠦᠨᠳᠦᠰᠦᠯᠡᠪᠡᠯ᠂ ᠪᠥᠬᠦ᠌ ᠬᠤᠲᠠ᠎ᠶ᠋ᠢᠨ 1260 ᠭᠠᠴᠠᠭ᠎ᠠ ᠲᠣᠰᠭᠤᠨ ᠮᠢᠬᠠᠨ᠎ᠤ ᠦᠬᠡᠷ ᠲᠡᠵᠢᠭᠡᠬᠦ᠌᠎ᠪᠠᠷ ᠭᠤᠤᠯᠯᠠᠬᠤ ᠠᠵᠤ ᠦᠢᠯᠡᠰ᠎ᠢᠶᠠᠨ ᠪᠣᠯᠭᠠᠵᠤ᠂ 106 ᠲᠦᠮᠡᠨ ᠮᠠᠯᠴᠢᠨ ᠲᠠᠷᠢᠶᠠᠴᠢᠨ ᠮᠢᠬᠠᠨ᠎ᠤ ᠦᠬᠡᠷ᠎ᠤᠨ ᠠᠵᠤ ᠦᠢᠯᠡᠰ᠎ᠠᠴᠠ ᠠᠱᠢᠭ ᠭᠥᠷᠳᠡᠵᠤ ᠪᠤᠢ᠃
ᠲᠦᠩᠯᠢᠶᠤᠤ ᠬᠤᠳᠠ 2020 ᠣᠨ᠎ᠳᠤ 《ᠮᠥᠩᠭᠦᠨ ᠭᠦᠢᠯᠭᠡᠭᠡᠨ᠎ᠢᠶᠠᠷ ᠦᠬᠡᠷ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢ ᠳᠡᠮᠵᠢᠬᠦ᠌ ᠵᠢᠯᠣᠭᠤᠳᠭᠤ ᠰᠠᠨᠠᠯ》 ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠨᠡᠢᠲᠡᠯᠡᠨ ᠬᠡᠷᠡᠭ᠌ᠵᠢᠬᠦᠯᠵᠤ᠂ ᠮᠥᠩᠭᠦᠨ ᠭᠦᠶᠯᠭᠡᠭᠡᠨ᠎ᠢᠶᠠᠷ ᠦᠬᠡᠷ᠎ᠤᠨ ᠠᠵᠤ ᠦᠢᠯᠡᠰ᠎ᠢ ᠳᠡᠮᠵᠢᠬᠦ᠌᠎ᠳᠤ ᠲᠥᠷᠥ᠎ᠶ᠋ᠢᠨ ᠪᠣᠳᠣᠯᠭ᠎ᠠ᠎ᠶ᠋ᠢᠨ ᠲᠤᠯᠭᠠᠭᠤᠷᠢᠯᠠᠯ ᠬᠠᠩᠭᠠᠪᠠ᠃ ᠲᠥᠷᠥᠯ ᠵᠦᠢᠯ᠎ᠤᠨ ᠪᠦᠳᠦᠬᠡᠨ ᠪᠠᠢᠭᠤᠯᠤᠯᠳᠠ᠂ ᠡᠳ᠋᠎ᠤᠨ ᠵᠠᠰᠠᠭ᠎ᠤᠨ ᠣᠷᠣᠭᠤᠯᠤᠯᠲᠠ ᠵᠡᠷᠭᠡ ᠠᠷᠭ᠎ᠠ ᠪᠠᠷᠢᠯ᠎ᠢᠶᠠᠷ ᠲᠠᠮᠵᠢᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠂ ᠤᠯᠠᠭᠠᠨ ᠢᠳᠡᠭᠡᠨ ᠡᠳ᠋ᠱᠢᠭᠦᠯᠬᠦ᠂ ᠲᠡᠵᠢᠭᠡᠯ ᠡᠪᠡᠰᠦ ᠪᠤᠷᠳᠤᠭ᠎ᠠ᠎ᠶ᠋ᠢᠨ ᠰᠠᠭᠤᠷᠢᠨ᠎ᠢ ᠪᠥᠲᠥᠭᠡᠨ ᠪᠠᠢᠭᠤᠯᠬᠤ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ᠎ᠶ᠋ᠢ ᠦᠷᠬᠡᠳᠭᠡᠬᠦ᠌ ᠵᠡᠷᠭᠡ ᠡᠯ᠎ᠡ ᠭᠤᠭ᠍ᠴᠤᠭ᠎ᠠ᠎ᠶ᠋ᠢ ᠲᠡᠳᠬᠦᠨ ᠳᠡᠮᠵᠢᠵᠦ᠍ ᠤᠷᠮᠠᠱᠢᠭᠤᠯᠵᠠᠢ᠃ ᠪᠥᠬᠦ᠌ ᠤᠯᠤᠰ᠎ᠲᠤ ᠡᠩ ᠲᠠᠷᠢᠬᠦᠨᠠ ᠮᠢᠬᠠᠨ᠎ᠤ ᠦᠬᠡᠷ᠎ᠤᠨ ᠠᠵᠤ ᠦᠢᠯᠡᠰ᠎ᠤᠨ ᠳᠠᠭᠠᠳᠭᠠᠯ᠎ᠤᠨ ᠵᠢᠭᠡᠯᠡᠯᠭᠡ᠎ᠶ᠋ᠢᠨ ᠦᠢᠯᠡᠴᠢᠯᠡᠬᠡᠨ᠎ᠤ ᠵᠠᠭ᠍ᠪᠤᠷ᠎ᠢ ᠡᠭᠦᠳᠴᠦ᠍᠂ ᠮᠢᠬᠠᠨ᠎ᠤ ᠦᠬᠡᠷ᠎ᠤᠨ e ᠵᠢᠭᠡᠯᠡᠯᠭᠡ᠂ ᠬᠠᠪᠰᠤᠷᠤᠨ ᠲᠠᠭᠠᠭᠠᠬᠤ ᠵᠢᠭᠡᠯᠡᠯᠭᠡ᠂ ᠲᠡᠵᠢᠭᠡᠨ ᠦᠷᠡᠵᠢᠭᠦᠯᠬᠦ᠌ ᠵᠢᠭᠡᠯᠡᠯᠭᠡ ᠵᠡᠷᠭᠡ ᠱᠢᠷᠢᠰ ᠦᠢᠯᠡᠳᠭᠦᠨ᠎ᠢ ᠶᠡᠭᠡ᠎ᠪᠠᠷ ᠳᠡᠯᠭᠡᠷᠡᠭᠦᠯᠪᠠ᠃ 《ᠳᠠᠭᠠᠳᠭᠠᠯ +》 ᠵᠠᠭ᠍ᠪᠤᠷ᠎ᠤᠨ ᠱᠢᠨ᠎ᠡ᠎ᠶ᠋ᠢ ᠡᠭᠦᠳᠤᠨ ᠠᠮᠢᠳᠤ ᠦᠬᠡᠷ᠎ᠢᠶᠠᠷ ᠪᠠᠷᠢᠴᠠᠭᠠᠯᠠᠬᠤ ᠠᠷᠭ᠎ᠠ᠎ᠶ᠋ᠢ ᠲᠡᠭᠦᠯᠳᠡᠷᠵᠢᠭᠦᠯᠤᠨ᠂ ᠪᠥᠬᠦ᠌ ᠤᠯᠤᠰ᠎ᠤᠨ ᠠᠩᠬᠠᠳᠠᠭ᠍ᠴᠢ ᠦᠬᠡᠷ᠎ᠤᠨ ᠠᠵᠤ ᠦᠢᠯᠡᠰ᠎ᠤᠨ ᠲᠤᠰᠭᠠᠶ ᠡᠵᠡᠩᠨᠡᠯᠲᠡ᠎ᠶ᠋ᠢᠨ ᠦᠶᠯᠡᠴᠢᠯᠡᠭᠡᠨ᠎ᠤ ᠲᠥᠪ᠎ᠢ ᠪᠠᠢᠭᠤᠯᠵᠤ᠂ ᠨᠠᠩ ᠣᠯᠠᠨ ᠮᠥᠩᠭᠦᠨ ᠭᠦᠶᠯᠭᠡᠭᠡᠨ᠎ᠤ ᠡᠬᠢ ᠪᠠᠶᠠᠯᠢᠭ᠎ᠢ ᠳᠠᠢᠴᠢᠯᠠᠨ ᠮᠢᠬᠠᠨ᠎ᠤ ᠦᠬᠡᠷ᠎ᠤᠨ ᠠᠵᠤ ᠦᠢᠯᠡᠰ᠎ᠤᠨ ᠬᠥᠭ᠌ᠵᠢᠨ ᠪᠤᠵᠠᠭᠠᠢᠷᠬᠠᠤᠳᠤ ᠴᠢᠨᠠᠷᠯᠢᠭ ᠰᠠᠢᠨ ᠮᠦᠩᠬᠦᠨ ᠬᠦᠢᠯᠬᠡᠬᠡᠨ᠎ᠤ ᠦᠢᠯᠡᠴᠢᠯᠡᠭᠡ ᠬᠠᠩᠭᠠᠵᠤ ᠪᠠᠢᠨ᠎ᠠ᠃