2 ᠰᠠᠷ᠎ᠠ᠎ᠶ᠋ᠢᠨ ᠰᠡᠭᠦᠯᠴᠢ᠎ᠪᠠᠷ᠂ ᠬᠦᠯᠦᠨ ᠪᠦᠢᠷ ᠮᠦᠨ ᠴᠤ᠌ ᠬᠠᠴᠠᠷ ᠵᠢᠩᠳᠡᠬᠦᠯᠦᠮᠠ ᠬᠦᠢᠳᠡᠨ ᠭᠡᠪᠢᠶᠠᠷᠢᠶᠠᠨ ᠪᠠᠢᠵᠤ᠂ 《ᠲᠠᠯ᠎ᠠ ᠨᠤᠲᠤᠭ᠎ᠤᠨ ᠭᠡᠷᠡᠯᠲᠦ ᠰᠤᠪᠤᠳ》 ᠭᠡᠮᠡᠨ ᠰᠠᠢᠬᠠᠨ ᠠᠯᠳᠠᠷᠲᠠᠶ ᠬᠥᠯᠥᠨ ᠨᠠᠭᠤᠷ ᠴᠤ᠌ ᠮᠦᠰᠦ ᠴᠠᠰᠤ ᠬᠤᠴᠢᠭ᠍ᠰᠠᠨ ᠶᠠᠩᠵᠤ᠎ᠪᠠᠷ᠎ᠢᠶᠠᠨ ᠪᠠᠢᠯ᠎ᠠ᠃ ᠬᠦᠯᠦᠨ ᠨᠠᠭᠤᠷ ᠪᠣᠯ ᠮᠠᠨ᠎ᠤ ᠤᠯᠤᠰ᠎ᠤᠨ ᠲᠠᠪᠤᠨ ᠶᠡᠭᠡ ᠴᠡᠩᠭᠡᠭ ᠨᠠᠭᠤᠷ᠎ᠤᠨ ᠨᠢᠭᠡ ᠪᠤᠯᠬᠤ ᠮᠦᠷᠳᠡᠭᠡᠨ ᠮᠠᠨ᠎ᠤ ᠣᠷᠣᠨ᠎ᠤ ᠬᠠᠮᠤᠭ᠎ᠤᠨ ᠲᠣᠮᠣ ᠨᠠᠭᠤᠷ ᠶᠤᠮ᠃ ᠬᠥᠯᠥᠨ ᠨᠠᠭᠤᠷ ᠵᠢᠴᠢ ᠤᠢ᠍ᠢᠷ᠎ᠠ ᠬᠠᠪᠢ᠎ᠶ᠋ᠢᠨ ᠨᠤᠭᠤ ᠭᠠᠵᠠᠷ᠂ ᠭᠤᠤᠯ ᠮᠦᠷᠡᠨ᠎ᠢᠶᠠᠷ ᠪᠦᠷᠢᠯᠳᠦᠭ᠌ᠰᠡᠨ ᠰᠡᠪᠡ ᠭᠠᠵᠠᠷ᠎ᠨᠢ ᠬᠦᠯᠦᠨ ᠪᠦᠢᠷ᠎ᠤᠨ ᠲᠠᠯ᠎ᠠ ᠨᠤᠳᠤᠭ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠳᠠ᠎ᠳᠤ ᠴᠢᠬᠤᠯᠠ ᠠᠴᠢ ᠬᠤᠯᠪᠤᠭ᠍ᠳᠠᠯ᠎ᠲᠠᠢ ᠦᠯᠦ᠍ ᠪᠠᠷᠠᠮ ᠲᠡᠷᠡ᠎ᠨᠢ ᠪᠠᠰᠠ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠦᠳᠦᠭᠡᠨ ᠪᠠᠢᠭᠤᠯᠬᠤ ᠵᠠᠩᠭᠢᠯᠠᠭ᠎ᠠ ᠪᠣᠯᠬᠤ ᠶᠤᠮ᠃
ᠣᠢᠷ᠎ᠠ᠎ᠶ᠋ᠢᠨ ᠵᠢᠯ᠎ᠤᠨ ᠲᠤᠷᠰᠢ᠂ ᠬᠥᠯᠥᠨ ᠪᠤᠢᠷ ᠬᠤᠲᠠ᠎ᠶ᠋ᠢᠨ ᠨᠠᠮ᠎ᠤᠨ ᠬᠤᠷᠢᠶ᠎ᠠ᠂ ᠬᠤᠲᠠ᠎ᠶ᠋ᠢᠨ ᠵᠠᠰᠠᠭ᠎ᠤᠨ ᠣᠷᠳᠣᠨ᠎ᠨᠢ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠬᠥᠯᠥᠨ ᠨᠠᠭᠤᠷ᠎ᠢ ᠶᠡᠷᠦᠩᠬᠡᠢᠯᠡᠨ ᠵᠠᠰᠠᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠬᠥᠯᠥᠨ ᠨᠠᠭᠤᠷ᠎ᠤᠨ ᠰᠠᠪᠠ ᠭᠠᠵᠠᠷ᠎ᠢ ᠶᠡᠷᠦᠩᠬᠡᠢᠯᠡᠨ ᠵᠠᠰᠠᠬᠤ ᠡᠯ᠎ᠡ ᠵᠦᠢᠯ᠎ᠤᠨ ᠡᠭᠦᠷᠭᠡ᠎ᠶ᠋ᠢ ᠰᠠᠢᠲᠤᠷ ᠪᠡᠶᠡᠯᠡᠬᠦᠯᠵᠦ᠍᠂ ᠬᠥᠯᠥᠨ ᠨᠠᠭᠤᠷ᠎ᠤᠨ ᠤᠰᠤᠨ᠎ᠤ ᠬᠡᠮᠵᠢᠶ᠎ᠡ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠤᠰᠤᠨ᠎ᠤ ᠴᠢᠨᠠᠷᠵᠢᠯ᠎ᠤᠨ ᠭᠦᠢᠴᠡᠳᠭᠡᠯ ᠲᠤᠭ᠎ᠠ ᠦᠷᠭᠦᠯᠵᠢᠯᠡᠨ ᠲᠣᠭ᠍ᠲᠠᠪᠤᠷᠢᠵᠢᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠲᠠᠰᠤᠷᠠᠯᠲᠠ ᠥᠬᠡᠶ ᠪᠠᠶᠠᠯᠢᠭ᠍ᠵᠢᠵᠤ᠂ ᠬᠥᠯᠥᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠤᠷᠢᠨ᠎ᠤ ᠶᠡᠷᠦᠩᠬᠡᠢᠯᠡᠨ ᠵᠠᠰᠠᠯᠲᠠ ᠢᠯᠡᠳᠳᠡ ᠦᠷ᠎ᠡ ᠪᠦᠳᠦᠮᠵᠢ ᠤᠯᠤᠬ᠍ᠰᠠᠨ ᠪᠠᠢᠨ᠎ᠠ᠃
《ᠭᠠᠭ᠍ᠴᠠ ᠨᠠᠭᠤᠷ》 ᠠᠴᠠ 《ᠪᠦᠬᠦ᠌ ᠰᠠᠪᠠ ᠭᠠᠵᠠᠷ》 ᠬᠦᠷᠲᠡᠯ᠎ᠡ ᠵᠠᠰᠠᠯᠲᠠ᠎ᠶ᠋ᠢᠨ ᠲᠥᠷᠥᠯ ᠵᠦᠢᠯ᠎ᠢ ᠬᠡᠷᠡᠭ᠌ᠵᠢᠭᠦᠯᠪᠡ
ᠬᠥᠯᠥᠨ ᠨᠠᠭᠤᠷ᠎ᠤᠨ ᠰᠠᠪᠠ ᠭᠠᠵᠠᠷ᠎ᠤᠨ ᠭᠠᠵᠠᠷ ᠳᠣᠤᠷᠠᠬᠢ ᠤᠰᠤ ᠵᠢᠴᠢ ᠭᠠᠵᠠᠷ᠎ᠤᠨ ᠭᠠᠳᠠᠷᠭᠤ᠎ᠶ᠋ᠢᠨ ᠤᠰᠤᠨ᠎ᠤ ᠡᠬᠢ ᠪᠠᠶᠠᠯᠢᠭ ᠡᠯᠪᠡᠭ ᠪᠠᠢᠵᠤ᠂ ᠭᠠᠭ᠍ᠴᠠ ᠬᠦ᠌ ᠠᠮᠢ ᠠᠬᠤᠶ᠎ᠶ᠋ᠢᠨ ᠱᠢᠰᠲ᠋ᠧᠮ᠎ᠤᠨ ᠪᠦᠬᠦᠯᠢ ᠴᠣᠭ᠍ᠴᠠᠲᠤ ᠴᠢᠨᠠᠷ᠂ ᠱᠢᠰᠲ᠋ᠧᠮᠲᠦ ᠴᠢᠨᠠᠷ ᠵᠢᠴᠢ ᠳᠣᠲᠣᠭᠠᠳᠤ ᠵᠢᠮ᠎ᠡ ᠶᠣᠰᠣ᠎ᠶ᠋ᠢ ᠵᠢᠷᠤᠮᠯᠠᠨ᠂ ᠱᠢᠰᠲ᠋ᠧᠮᠲᠦ ᠢᠨᠵᠧᠨᠧᠷᠢᠩ᠎ᠢᠶᠠᠷ ᠪᠥᠬᠦ᠌ ᠰᠠᠪᠠ ᠭᠠᠵᠠᠷ᠎ᠢ ᠵᠠᠰᠠᠵᠤ ᠰᠡᠷᠭᠦᠭᠡᠬᠦ᠌ ᠠᠷᠭ᠎ᠠ ᠵᠠᠮ᠎ᠢ ᠡᠷᠢᠯᠬᠢᠯᠡᠵᠦ᠍᠂ ᠪᠦᠬᠦᠯᠢ ᠴᠣᠭ᠍ᠴᠠ᠎ᠪᠠᠷ᠎ᠨᠢ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠪᠠᠢᠭᠠᠯᠢ᠎ᠶ᠋ᠢᠨ ᠠᠮᠢ ᠠᠬᠤᠶ᠎ᠶ᠋ᠢᠨ ᠡᠯ᠎ᠡ ᠡᠯᠧᠮᠧᠨ᠋ᠲ᠎ᠢ ᠪᠦᠬᠦᠯᠢ ᠴᠣᠭ᠍ᠴᠠ᠎ᠪᠠᠷ᠎ᠨᠢ ᠬᠠᠮᠠᠭᠠᠯᠠᠵᠤ ᠶᠡᠷᠦᠩᠬᠡᠢᠯᠡᠨ ᠵᠠᠰᠠᠪᠠᠯ ᠰᠠᠶᠢ ᠠᠮᠢ ᠠᠬᠤᠶ᠎ᠶ᠋ᠢᠨ ᠱᠢᠰᠲ᠋ᠧᠮ᠎ᠤᠨ ᠡᠷᠭᠢᠯᠲᠡ᠎ᠶ᠋ᠢ ᠠᠬᠢᠭᠤᠯᠬᠤ᠂ ᠠᠮᠢ ᠠᠬᠤᠶ᠎ᠶ᠋ᠢᠨ ᠲᠡᠩᠴᠡᠭᠦᠷᠢ᠎ᠶ᠋ᠢ ᠪᠠᠲᠤᠯᠠᠬᠤ᠂ ᠠᠮᠢ ᠠᠬᠤᠶ᠎ᠶ᠋ᠢᠨ ᠴᠢᠳᠠᠮᠵᠢ᠎ᠶ᠋ᠢ ᠬᠠᠮᠠᠭᠠᠯᠠᠬᠤ ᠵᠡᠷᠭᠡ ᠱᠢᠰᠲ᠋ᠧᠮ᠎ᠲᠠᠢ ᠵᠠᠰᠠᠯᠲᠠ᠎ᠶ᠋ᠢᠨ ᠬᠠᠮᠤᠭ᠎ᠤᠨ ᠰᠠᠢᠨ ᠦᠷ᠎ᠡ ᠪᠦᠲᠦᠮᠵᠢ᠎ᠳᠤ ᠬᠦᠷᠴᠦ᠍᠂ ᠬᠥᠯᠥᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠤᠷᠢᠨ᠎ᠤ ᠴᠢᠨᠠᠷᠵᠢᠯ᠎ᠢ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠵᠤ ᠴᠢᠳᠠᠬᠤ ᠪᠤᠯᠤᠨ᠎ᠠ᠃
《ᠬᠥᠯᠥᠨ ᠨᠠᠭᠤᠷ᠎ᠤᠨ ᠰᠠᠪᠠ ᠭᠠᠵᠠᠷ ᠵᠢᠴᠢ ᠭᠤᠤᠯ ᠪᠣᠯᠬᠤ ᠨᠠᠭᠤᠷ᠎ᠲᠤ ᠤᠷᠤᠰ᠎ᠤᠨ ᠣᠷᠣᠬᠤ ᠭᠤᠤᠯ ᠮᠥᠷᠡᠨ᠎ᠤ ᠳᠠᠭᠠᠤ᠎ᠶ᠋ᠢᠨ ᠠᠮᠢᠳᠤᠷᠠᠯ᠎ᠤᠨ ᠪᠣᠬᠢᠷ ᠤᠰᠤ᠎ᠶ᠋ᠢ ᠱᠢᠶᠳᠪᠦᠷᠢᠯᠡᠬᠦ᠌ ᠦᠢᠯᠡᠳᠪᠦᠷᠢ᠎ᠶ᠋ᠢᠨ ᠤᠰᠤ᠎ᠶ᠋ᠢ ᠲᠠᠬᠢᠨ ᠠᠱᠢᠬ᠍ᠯᠠᠬᠤ ᠢᠨᠵᠧᠨᠧᠷᠢᠩ᠎ᠨᠢ ᠭᠤᠤᠯ ᠮᠥᠷᠡᠨ ᠨᠠᠭᠤᠷ ᠴᠥᠭᠦᠷᠥᠮ ᠵᠡᠷᠭᠡ ᠤᠰᠤᠨ᠎ᠤ ᠴᠤᠬ᠍ᠴᠠ᠎ᠶ᠋ᠢᠨ ᠴᠡᠪᠡᠷᠱᠢᠬᠦ᠌ ᠴᠢᠳᠠᠮᠵᠢ᠎ᠶ᠋ᠢ ᠰᠡᠷᠭᠦᠭᠡᠬᠦ᠌᠎ᠳᠤ ᠬᠦᠴᠦᠨ ᠨᠡᠮᠡᠷᠢᠯᠡᠵᠦ᠍᠂ ᠬᠥᠯᠥᠨ ᠨᠠᠭᠤᠷ᠎ᠤᠨ ᠪᠣᠬᠢᠷᠲᠤᠯ᠎ᠢ ᠪᠦᠲᠦᠮᠵᠢᠲᠡᠶ ᠪᠠᠭᠠᠰᠭᠠᠬ᠍ᠰᠠᠨᠢᠶᠠᠷ ᠦᠯᠦ᠍ ᠪᠠᠷᠠᠮ᠂ ᠭᠠᠵᠠᠷ ᠳᠣᠤᠷᠠᠬᠢ ᠤᠰᠤᠨ᠎ᠤ ᠡᠬᠢ ᠪᠠᠶᠠᠯᠢᠭ᠎ᠢ ᠴᠤ᠌ ᠪᠦᠲᠦᠮᠵᠢᠲᠡᠶ ᠬᠠᠮᠠᠭᠠᠯᠠᠵᠤ ᠴᠢᠳᠠᠪᠡ》 ᠭᠡᠵᠦ᠍ ᠶᠠᠭ᠍ᠰᠢ ᠬᠤᠲᠠ᠎ᠶ᠋ᠢᠨ ᠢ ᠮᠢᠨ ᠪᠣᠬᠢᠷ ᠤᠰᠤ ᠱᠢᠶᠳᠪᠦᠷᠢᠯᠡᠬᠦ᠌ ᠦᠶᠯᠡᠳᠪᠦᠷᠢ᠎ᠶ᠋ᠢᠨ ᠶᠡᠷᠦᠩᠬᠡᠶ ᠢᠨᠵᠧᠨᠧᠷ ᠢᠦᠶ ᠱᠤ᠌ ᠱᠧᠩ ᠲᠠᠨᠢᠯᠴᠠᠭᠤᠯᠤᠨ᠎ᠠ᠃
ᠶᠠᠭ᠍ᠰᠢ ᠬᠤᠲᠠ᠎ᠶ᠋ᠢᠨ ᠬᠥᠯᠥᠨ ᠨᠠᠭᠤᠷ᠎ᠤᠨ ᠶᠡᠷᠦᠩᠬᠡᠢᠯᠡᠨ ᠵᠠᠰᠠᠬᠤ ᠠᠮᠢ ᠠᠬᠤᠢ᠎ᠶ᠋ᠢᠨ ᠰᠡᠷᠭᠦᠭᠡᠯᠳᠡ᠎ᠶ᠋ᠢᠨ ᠢᠨᠵᠧᠨᠧᠷᠢᠩ ᠪᠤᠯ ᠬᠥᠯᠥᠨ ᠨᠠᠭᠤᠷ᠎ᠤᠨ ᠰᠠᠪᠠ ᠭᠠᠵᠠᠷ᠎ᠤᠨ ᠪᠤᠬᠢᠷ ᠤᠰᠤ᠎ᠶ᠋ᠢ ᠴᠡᠪᠡᠷᠱᠢᠬᠦᠯᠵᠦ᠍ ᠲᠠᠬᠢᠨ ᠠᠱᠢᠬ᠍ᠯᠠᠬᠤ 10 ᠢᠨᠵᠧᠨᠧᠷᠢᠩ᠎ᠤᠨ ᠨᠢᠭᠡ ᠪᠣᠯᠤᠨ᠎ᠠ᠃ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠬᠦᠯᠦᠨ ᠪᠦᠢᠷ ᠬᠤᠲᠠ ᠥᠪᠡᠷᠲᠡᠭᠡᠨ ᠵᠠᠰᠠᠬᠤ ᠣᠷᠣᠨ᠎ᠤ ᠲᠣᠭ᠍ᠲᠠᠭᠠᠭ᠍ᠰᠠᠨ 《ᠤᠰᠤᠨ᠎ᠤ ᠬᠡᠮᠵᠢᠶ᠎ᠡ᠎ᠶ᠋ᠢ ᠲᠣᠭ᠍ᠲᠠᠪᠤᠷᠢᠵᠢᠭᠤᠯᠬᠤ᠂ ᠤᠰᠤᠨ᠎ᠤ ᠴᠢᠨᠠᠷ᠎ᠢ ᠰᠠᠢᠵᠢᠷᠠᠭᠤᠯᠬᠤ᠂ ᠣᠷᠴᠢᠨ ᠲᠣᠭᠤᠷᠢᠨ᠎ᠤ ᠴᠢᠨᠠᠷᠵᠢᠯ᠎ᠢ ᠳᠡᠭᠡᠭ᠌ᠰᠢᠯᠡᠭᠦᠯᠬᠦ᠌》 ᠵᠠᠰᠠᠯᠲᠠ᠎ᠶ᠋ᠢᠨ ᠭᠤᠤᠯ ᠬᠠᠷᠠᠯᠲᠠ ᠶᠤᠰᠤᠭᠠᠷ 《ᠬᠥᠮᠦᠨ ᠲᠦᠷᠦᠯᠬᠢᠳᠡᠨ᠎ᠤ ᠠᠵᠢᠯᠯᠠᠭ᠎ᠠ᠎ᠶ᠋ᠢᠨ ᠪᠠᠢᠭᠠᠯᠢ᠎ᠶ᠋ᠢᠨ ᠣᠷᠴᠢᠨ ᠲᠣᠭᠤᠷᠢᠨ᠎ᠳᠤ ᠦᠵᠡᠭᠦᠯᠬᠦ᠌ ᠠᠱᠢᠭ ᠥᠬᠡᠶ ᠨᠥᠯᠥᠭᠡ᠎ᠶ᠋ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠠᠰᠭᠠᠬᠤ》 ᠵᠠᠰᠠᠯᠲᠠ᠎ᠶ᠋ᠢᠨ ᠴᠢᠭ᠌ᠯᠡᠯ᠎ᠲᠠᠢ ᠨᠢᠭ᠍ᠲᠠ ᠤᠶᠠᠯᠳᠤᠭᠤᠯᠵᠤ᠂ ᠱᠢᠨᠵᠢᠯᠡᠬᠦ᠌ ᠤᠬᠠᠭᠠᠨᠴᠢ ᠶᠡᠷᠦᠩᠬᠡᠢᠯᠡᠨ ᠵᠠᠰᠠᠬᠤ ᠲᠥᠷᠥᠯ ᠵᠦᠶᠯ᠎ᠢᠶᠠᠷ ᠭᠠᠷᠳᠠᠴᠠ ᠪᠣᠯᠭᠠᠬᠤ᠂ 《ᠭᠡᠰᠡᠭ ᠲᠠᠯ᠎ᠠ᠎ᠶ᠋ᠢᠨ ᠵᠠᠰᠠᠯᠳᠠ ᠪᠠ ᠪᠦᠬᠦ᠌ ᠰᠠᠪᠠ ᠭᠠᠵᠠᠷ᠎ᠤᠨ ᠵᠠᠰᠠᠯᠳᠠ᠎ᠶ᠋ᠢ ᠵᠡᠷᠭᠡ᠎ᠪᠠᠷ ᠴᠢᠬᠤᠯᠠᠴᠢᠯᠠᠵᠤ᠂ ᠭᠤᠤᠯ ᠮᠥᠷᠡᠨ ᠨᠠᠭᠤᠷ ᠴᠥᠭᠦᠷᠥᠮ᠎ᠢ ᠵᠠᠰᠠᠬᠤ ᠪᠠ ᠠᠮᠢ ᠠᠬᠤᠶ᠎ᠶ᠋ᠢᠨ ᠱᠢᠰᠲ᠋ᠧᠮ᠎ᠢ ᠶᠡᠷᠦᠩᠬᠡᠢᠯᠡᠨ ᠵᠠᠰᠠᠬᠤ᠎ᠶ᠋ᠢ ᠵᠡᠷᠭᠡ᠎ᠪᠠᠷ ᠴᠢᠬᠤᠯᠠᠴᠢᠯᠠᠵᠤ᠂ ᠢᠨᠵᠧᠨᠧᠷᠢᠩ᠎ᠤᠨ ᠵᠠᠰᠠᠯᠳᠠ ᠪᠠ ᠱᠢᠨᠵᠢᠯᠡᠬᠦ᠌ ᠤᠬᠠᠭᠠᠨᠴᠢ ᠬᠠᠮᠢᠶᠠᠷᠤᠯᠳᠠ᠎ᠶ᠋ᠢ ᠵᠡᠷᠭᠡ᠎ᠪᠠᠷ ᠴᠢᠬᠤᠯᠠᠴᠢᠯᠠᠬᠤ》 ᠵᠠᠷᠴᠢᠮ᠎ᠢ ᠪᠠᠷᠢᠮᠳᠠᠯᠠᠵᠤ᠂ ᠣᠯᠠᠨ ᠵᠦᠶᠯ᠎ᠤᠨ ᠪᠦᠲᠦᠮᠵᠢᠲᠡᠶ ᠵᠠᠰᠠᠯᠲᠠ᠎ᠶ᠋ᠢᠨ ᠠᠷᠭ᠎ᠠ ᠬᠡᠮᠵᠢᠶ᠎ᠡ᠎ᠶ᠋ᠢ ᠭᠦᠨᠵᠡᠭᠡᠶ ᠨᠠᠢᠳᠠᠪᠤᠷᠢᠵᠢᠭᠤᠯᠤᠨ᠂ ᠨᠠᠭᠤᠷ᠎ᠢ ᠲᠣᠭᠤᠷᠢᠭ᠍ᠰᠠᠨ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠵᠠᠰᠠᠬᠤ᠂ ᠨᠤᠳᠤᠭ ᠪᠡᠯᠴᠢᠭᠡᠷ᠎ᠤᠨ ᠮᠠᠭᠤᠳᠠᠯ᠎ᠢ ᠵᠠᠰᠠᠬᠤ᠂ ᠨᠠᠭᠤᠷ᠎ᠲᠤ ᠤᠷᠤᠰ᠎ᠤᠨ ᠤᠷᠤᠬᠤ ᠭᠤᠤᠯ ᠮᠥᠷᠡᠨ᠎ᠤ ᠡᠷᠬᠢ ᠳᠠᠭᠠᠤ ᠪᠣᠬᠢᠷ ᠤᠰᠤ ᠱᠢᠶᠳᠪᠦᠷᠢᠯᠡᠬᠦ᠌ ᠦᠶᠯᠡᠳᠪᠦᠷᠢ᠎ᠶ᠋ᠢ ᠥᠭᠡᠷᠡᠴᠢᠯᠡᠨ ᠵᠠᠰᠠᠬᠤ ᠵᠡᠷᠭᠡ ᠪᠠ ᠲᠥᠷᠥᠯ ᠵᠦᠢᠯ᠎ᠢ ᠦᠷᠨᠢᠬᠦᠯᠵᠦ᠍᠂ ᠰᠠᠪᠠ ᠭᠠᠵᠠᠷ᠎ᠤᠨ ᠲᠠᠯ᠎ᠠ ᠨᠤᠲᠤᠭ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠡᠷᠴᠢᠮ᠎ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠥᠯᠥᠨ ᠨᠠᠭᠤᠷ᠎ᠢ ᠲᠣᠭᠤᠷᠢᠭ᠍ᠰᠠᠨ ᠭᠠᠵᠠᠷ ᠤᠷᠤᠨ᠎ᠤ ᠤᠷᠭᠤᠮᠠᠯ᠎ᠤᠨ ᠬᠤᠴᠢᠯᠭ᠎ᠠ ᠢᠯᠡᠳᠲᠡ ᠰᠡᠷᠭᠦᠵᠦ᠍᠂ ᠤᠷᠭᠤᠮᠠᠯ᠎ᠤᠨ ᠪᠦᠷᠬᠦᠴᠡ᠎ᠶ᠋ᠢᠨ ᠨᠣᠷᠮ᠎ᠠ ᠠᠯᠬᠤᠮ ᠠᠯᠬᠤᠮ᠎ᠢᠶᠠᠷ ᠳᠡᠭᠡᠭ᠌ᠰᠢᠯᠡᠵᠦ᠍᠂ ᠨᠤᠳᠤᠭ ᠪᠡᠯᠴᠢᠭᠡᠷ᠎ᠤᠨ ᠮᠠᠭᠤᠳᠠᠯ ᠡᠯᠡᠰᠦᠷᠬᠡᠭ᠌ᠵᠢᠯ᠎ᠤᠨ ᠬᠠᠨᠳᠤᠰᠢ᠎ᠶ᠋ᠢ ᠪᠦᠲᠦᠮᠵᠢᠲᠡᠶ ᠬᠤᠷᠢᠬ᠍ᠯᠠᠪᠠ᠃

ᠱᠢᠨᠵᠢᠯᠡᠬᠦ᠌ ᠤᠬᠠᠭᠠᠨᠴᠢ᠎ᠪᠠᠷ ᠰᠠᠬᠢᠨ ᠬᠠᠮᠠᠭᠠᠯᠠᠵᠤ᠂ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ ᠰᠠᠢᠵᠢᠷᠠᠪᠠ
ᠲᠠᠶᠠᠭᠠᠷ᠎ᠤᠨ ᠴᠢᠷᠮᠠᠢᠯᠭ᠎ᠠ᠎ᠪᠠᠷ ᠦᠨᠦᠳᠦᠷ᠎ᠤᠨ ᠬᠦᠯᠦᠨ ᠨᠠᠭᠤᠷ ᠵᠢᠭᠠᠰᠤ ᠵᠢᠷᠠᠭᠠᠬᠠᠢ᠎ᠶ᠋ᠢᠨ ᠴᠤᠯᠬᠢᠶᠠᠨᠲᠠᠢ᠂ ᠭᠠᠯᠠᠭᠤ ᠱᠢᠪᠠᠭᠤᠳ᠎ᠤᠨ ᠭᠠᠩᠭᠠᠨᠠᠭᠠᠨ᠎ᠲᠠᠢ᠂ ᠬᠤᠯᠤᠰᠤ ᠵᠡᠭᠡᠰᠦ᠎ᠶ᠋ᠢᠨ ᠨᠠᠢᠭᠤᠭᠠᠨᠲᠠᠢ ᠭᠠᠩᠭᠠᠩ ᠲᠦᠷᠬᠦ᠌ᠪᠠᠷᠢᠶᠠᠨ ᠬᠦᠯᠦᠨ ᠪᠦᠢᠷ᠎ᠤᠨ ᠲᠠᠯ᠎ᠠ ᠨᠤᠳᠤᠭ᠎ᠢᠶᠠᠨ ᠴᠢᠮᠡᠭ᠌ᠯᠡᠨᠠ᠃
ᠲᠠᠩᠰᠤᠭ ᠰᠠᠢᠬᠠᠨ ᠪᠠᠢᠭᠠᠯᠢᠯᠢᠭ ᠨᠠᠭᠤᠷ᠎ᠢᠶᠠᠨ ᠬᠠᠮᠠᠭᠠᠯᠠᠵᠤ᠂ ᠬᠥᠮᠦᠨ ᠲᠥᠷᠥᠯᠬᠢᠲᠡᠨ᠎ᠤ ᠠᠵᠢᠯᠯᠠᠭ᠎ᠠ᠎ᠶ᠋ᠢᠨ ᠨᠥᠯᠥᠭᠡᠯᠡᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠠᠰᠭᠠᠵᠤ᠂ ᠨᠡᠭᠦᠳᠡᠯ᠎ᠤᠨ ᠱᠢᠪᠠᠭᠤᠳ ᠬᠡᠭᠡᠷ᠎ᠡ᠎ᠶ᠋ᠢᠨ ᠠᠮᠢᠲᠠᠨ᠎ᠳᠤ ᠣᠷᠣᠱᠢᠨ ᠲᠣᠭ᠍ᠲᠠᠨᠢᠬᠤ᠂ ᠦᠷᠡᠵᠢᠨ ᠲᠦᠯᠵᠢᠬᠦ᠌ ᠠᠮᠤᠭᠤᠯᠠᠩᠳᠤ ᠣᠷᠴᠢᠨ᠎ᠢ ᠪᠣᠶ ᠪᠣᠯᠭᠠᠬᠤ᠎ᠶ᠋ᠢᠨ ᠲᠥᠯᠥᠭᠡ ᠪᠦᠬᠦ᠌ ᠬᠦᠯᠦᠨ ᠨᠠᠭᠤᠷ᠎ᠤᠨ ᠪᠠᠢᠭᠠᠯᠢ᠎ᠶ᠋ᠢᠨ ᠬᠠᠮᠠᠭᠠᠯᠠᠯᠳᠠ᠎ᠶ᠋ᠢᠨ ᠤᠷᠤᠨ᠎ᠢ ᠪᠦᠷᠭᠦᠭᠦᠯᠦᠭ᠌ᠰᠡᠨ ᠠᠯᠤᠰ ᠡᠵᠡᠮᠳᠡᠯ᠎ᠤᠨ ᠸᠢᠳᠢᠣ᠋ ᠬᠢᠨᠠᠨ ᠡᠵᠡᠮᠳᠡᠬᠦ᠌ ᠱᠢᠰᠲ᠋ᠧᠮ ᠪᠣᠯᠤᠨ ᠴᠠᠬ᠍ᠳᠠᠨ ᠪᠠᠢᠴᠠᠭᠠᠬᠤ ᠲᠥᠬᠦᠭᠡᠷᠦᠮᠵᠢ᠎ᠶ᠋ᠢ ᠤᠬ᠍ᠰᠠᠷᠠᠵᠤ᠂ ᠱᠢᠨᠵᠢᠯᠡᠬᠦ᠌ ᠤᠬᠠᠭᠠᠨᠴᠢ ᠠᠷᠭ᠎ᠠ ᠪᠠᠷᠢᠯ᠎ᠢᠶᠠᠷ ᠪᠠᠢᠭᠠᠯᠢ᠎ᠶ᠋ᠢᠨ ᠬᠠᠮᠠᠭᠠᠯᠠᠯᠳᠠ᠎ᠶ᠋ᠢᠨ ᠤᠷᠤᠨ᠎ᠤ ᠬᠠᠮᠢᠶᠠᠷᠤᠯᠲᠠ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ ᠴᠠᠬ᠍ᠳᠠᠨ ᠪᠠᠢᠴᠠᠭᠠᠬᠤ ᠬᠦᠴᠦᠯᠡᠴᠡ᠎ᠪᠠᠨ ᠨᠡᠮᠡᠭ᠌ᠳᠡᠬᠦᠯᠪᠡ᠃ ᠡᠳᠡᠭᠡᠷ᠎ᠨᠢ ᠡᠯ᠎ᠡ ᠵᠦᠶᠯ᠎ᠤᠨ ᠬᠠᠤᠯᠢ᠎ᠠᠴᠠ ᠵᠥᠷᠢᠴᠡᠭ᠌ᠰᠡᠨ ᠦᠶᠯᠡ ᠠᠵᠢᠯᠯᠠᠭ᠎ᠠ᠎ᠳᠤ ᠲᠦᠢᠯ᠎ᠤᠨ ᠶᠡᠭᠡ ᠰᠦᠷᠳᠡᠭᠦᠯᠦᠯ ᠪᠣᠯᠤᠭ᠍ᠰᠠᠨ᠎ᠢᠶᠠᠷ ᠪᠠᠷᠠᠬᠤ ᠥᠬᠡᠶ᠂ ᠪᠠᠰᠠ ᠬᠡᠭᠡᠷ᠎ᠡ᠎ᠶ᠋ᠢᠨ ᠠᠮᠢᠲᠠᠨ᠎ᠢ ᠠᠵᠢᠬ᠍ᠯᠠᠨ ᠬᠦᠳᠡᠯᠦᠩᠬᠦᠢ ᠪᠠᠢᠳᠠᠯ᠎ᠢ᠎ᠨᠢ ᠡᠵᠡᠮᠱᠢᠨ ᠲᠡᠮᠳᠡᠭ᠌ᠯᠡᠬᠦ᠌ ᠪᠠ ᠠᠪᠤᠷᠠᠨ ᠲᠤᠰᠠᠯᠠᠬᠤ᠎ᠳᠤ ᠨᠠᠩ ᠲᠥᠬᠦᠮ ᠦᠵᠡᠭᠦᠯᠦᠭ᠌ᠰᠡᠨ ᠪᠠᠢᠨ᠎ᠠ᠃
《ᠤᠯᠠᠭᠠᠨᠨᠠᠭᠤᠷ᠎ᠤᠨ ᠨᠤᠭᠤ ᠭᠠᠵᠠᠷ ᠠᠯᠢ ᠡᠷᠲᠡᠨ᠎ᠠᠴᠠ ᠵᠡᠭᠦᠨ ᠠᠽᠢᠶ᠎ᠠ᠎ᠠᠴᠠ ᠠᠦ᠋ᠰᠲᠷᠠᠯᠢᠶ᠎ᠠ ᠲᠡᠢᠰᠢ ᠨᠢᠰᠭᠦ ᠨᠡᠭᠦᠳᠡᠯ᠎ᠤᠨ ᠱᠢᠪᠠᠭᠤᠳ᠎ᠤᠨ ᠬᠦᠯ ᠠᠮᠠᠷᠠᠨ ᠬᠦᠴᠦ᠍ ᠰᠡᠯᠪᠢᠬᠦ᠌ ᠴᠢᠬᠤᠯᠠ ᠦᠷᠳᠡᠭᠡ ᠪᠤᠯᠤᠬ᠍ᠰᠠᠨ ᠶᠤᠮ᠃ ᠣᠢᠷ᠎ᠠ᠎ᠶ᠋ᠢᠨ ᠬᠡᠳᠦᠨ ᠵᠢᠯ᠎ᠳᠤ᠂ ᠬᠥᠯᠥᠨ ᠨᠠᠭᠤᠷ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠪᠢᠳᠡ ᠪᠠᠰᠠ 12 ᠵᠦᠢᠯ᠎ᠤᠨ ᠱᠢᠪᠠᠭᠤᠨ᠎ᠤ ᠲᠥᠷᠥᠯ᠎ᠢ ᠬᠢᠨᠠᠨ ᠬᠡᠮᠵᠢᠵᠦ᠍ ᠨᠡᠮᠡᠵᠦ᠍ ᠲᠡᠮᠳᠡᠭ᠌ᠯᠡᠭ᠌ᠰᠡᠨ ᠱᠢᠤ᠂ 2020 ᠣᠨ᠎ᠤ ᠬᠠᠪᠤᠷ᠎ᠤᠨ ᠪᠠ ᠵᠣᠨ᠎ᠤ ᠤᠯᠠᠷᠢᠯ᠎ᠤᠨ ᠱᠢᠪᠠᠭᠤᠨ᠎ᠤ ᠲᠥᠷᠥᠯ ᠰᠦᠷᠦᠭ᠎ᠤᠨ ᠬᠢᠨᠠᠨ ᠬᠡᠮᠵᠢᠯᠳᠡ᠎ᠶ᠋ᠢᠨ ᠲᠤᠭ᠎ᠠ ᠬᠡᠮᠵᠢᠶ᠎ᠡ᠎ᠨᠢ 2012 ᠣᠨ᠎ᠤ᠎ᠬᠢ᠎ᠠᠴᠠ 14000 ᠭᠠᠷᠤᠶ ᠪᠠ 60000 ᠭᠠᠷᠤᠶ ᠨᠡᠮᠡᠭ᠌ᠳᠡᠵᠡᠶ᠃ ᠮᠠᠨ᠎ᠤ ᠬᠠᠮᠠᠭᠠᠯᠠᠯᠲᠠ᠎ᠶ᠋ᠢᠨ ᠣᠷᠣᠨ᠎ᠤ ᠠᠵᠢᠯᠲᠠᠳ 24 ᠴᠠᠭ᠎ᠢᠶᠠᠷ ᠲᠣᠭᠤᠷᠢᠨ ᠪᠠᠢᠴᠠᠭᠠᠬᠤ᠎ᠶ᠋ᠢ ᠪᠠᠷᠢᠮᠲᠠᠯᠠᠵᠤ᠂ ᠪᠠᠰᠠ ᠲᠣᠭᠠᠴᠢᠯᠠᠭ᠍ᠰᠠᠨ ᠬᠢᠨᠠᠨ ᠡᠵᠡᠮᠳᠡᠬᠦ᠌ ᠲᠠᠪᠴᠠᠩ᠎ᠢ ᠠᠱᠢᠬ᠍ᠯᠠᠨ 24 ᠴᠠᠭ ᠲᠠᠰᠤᠷᠠᠯᠲᠠ ᠥᠬᠡᠶ ᠬᠠᠮᠠᠭᠠᠯᠠᠯᠳᠠ᠎ᠶ᠋ᠢᠨ ᠤᠷᠤᠨ᠎ᠤ ᠪᠠᠢᠳᠠᠯ᠎ᠢ ᠬᠢᠨᠠᠨ ᠡᠵᠡᠮᠳᠡᠵᠦ᠍ ᠪᠠᠢᠨ᠎ᠠ》 ᠭᠡᠵᠦ᠍ ᠤᠯᠠᠭᠠᠨᠨᠠᠭᠤᠷ ᠬᠠᠮᠢᠶᠠᠷᠤᠨ ᠬᠠᠮᠠᠭᠠᠯᠠᠬᠤ ᠦᠷᠳᠡᠭᠡᠨ᠎ᠤ ᠲᠠᠷᠤᠭ᠎ᠠ ᠵᠢᠩ ᠶᠢᠤ ᠲᠠᠨᠢᠯᠴᠠᠭᠤᠯᠤᠨ᠎ᠠ᠃
ᠠᠮᠢ ᠠᠬᠤᠶ ᠣᠷᠴᠢᠨ ᠲᠣᠭᠤᠷᠢᠨ᠎ᠤ ᠦᠷᠭᠦᠯᠵᠢᠯᠡᠨ ᠰᠠᠢᠵᠢᠷᠠᠬᠤ᠎ᠶ᠋ᠢ ᠳᠠᠭᠠᠯᠳᠤᠨ᠂ 2013 ᠣᠨ᠎ᠠᠴᠠ ᠣᠲᠣ ᠪᠣᠯᠲᠠᠯ᠎ᠠ᠂ ᠬᠥᠯᠥᠨ ᠨᠠᠭᠤᠷ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠠᠬᠢ ᠱᠢᠪᠠᠭᠤᠨ᠎ᠤ ᠲᠥᠷᠥᠯ ᠵᠦᠢᠯ ᠵᠢᠴᠢ ᠲᠤᠭ᠎ᠠ ᠬᠡᠮᠵᠢᠶ᠎ᠡ᠎ᠨᠢ ᠴᠥᠮ ᠵᠢᠯ ᠳᠠᠷᠠᠭᠠᠯᠠᠨ ᠨᠡᠮᠡᠭ᠌ᠳᠡᠬᠦ᠌ ᠪᠠᠢᠳᠠᠯ ᠢᠯᠡᠷᠡᠵᠦ᠍᠂ ᠱᠢᠪᠠᠭᠤᠨ᠎ᠤ ᠲᠥᠷᠥᠯ᠎ᠨᠢ 333 ᠵᠦᠢᠯ ᠪᠠᠢᠭ᠍ᠰᠠᠨ᠎ᠠᠴᠠ᠎ᠪᠠᠨ ᠨᠡᠮᠡᠭ᠌ᠳᠡᠭᠡᠳ 345 ᠵᠦᠢᠯ ᠪᠣᠯᠵᠠᠶ᠂ ᠡᠭᠦᠨ᠎ᠳᠤ ᠤᠯᠤᠰ᠎ᠤᠨ ᠨᠢᠭᠡᠳᠦᠭᠡᠷ ᠲᠠᠰ᠎ᠤᠨ ᠬᠠᠮᠠᠭᠠᠯᠠᠯᠲᠠ᠎ᠲᠠᠢ ᠠᠮᠢᠳᠠᠨ ᠪᠤᠯᠬᠤ ᠳᠣᠷᠣᠨᠠᠳᠠᠬᠢᠨ᠎ᠤ ᠴᠠᠭᠠᠨ ᠥᠷᠪᠢ ᠵᠡᠷᠭᠡ ᠬᠤᠪᠤᠷ ᠴᠤᠬᠠᠭ ᠬᠠᠮᠠᠭᠠᠯᠠᠯᠲᠠ᠎ᠲᠠᠢ ᠠᠮᠢᠳᠠᠳ ᠪᠠᠭ᠍ᠲᠠᠨ᠎ᠠ; ᠬᠥᠯᠥᠨ ᠨᠠᠭᠤᠷ᠎ᠤᠨ ᠵᠢᠭᠠᠰᠤᠨ᠎ᠤ ᠲᠥᠷᠥᠯ᠎ᠨᠢ 32 ᠵᠦᠢᠯ ᠪᠠᠢᠭ᠍ᠰᠠᠨ᠎ᠠᠴᠠ᠎ᠪᠠᠨ 35 ᠵᠦᠢᠯ ᠪᠣᠯᠵᠣ ᠨᠡᠮᠡᠭ᠌ᠳᠡᠪᠡ; ᠬᠥᠬᠦᠲᠡᠨ ᠠᠮᠢᠲᠠᠨ᠎ᠤ ᠲᠥᠷᠥᠯ ᠵᠦᠢᠯ᠎ᠨᠢ 35 ᠵᠦᠢᠯ ᠪᠠᠢᠭ᠍ᠰᠠᠨ᠎ᠠᠴᠠ᠎ᠪᠠᠨ 38 ᠵᠦᠢᠯ ᠪᠣᠯᠵᠤ ᠨᠡᠮᠡᠭ᠌ᠳᠡᠪᠡ᠃ ᠡᠳᠡᠭᠡᠷ᠎ᠨᠢ ᠬᠥᠯᠥᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠤᠷᠢᠨ ᠰᠡᠷᠭᠦᠨ ᠰᠠᠢᠵᠢᠷᠠᠵᠤ ᠪᠠᠢᠬᠤ᠎ᠶ᠋ᠢ ᠭᠦᠢᠴᠡᠳ ᠬᠠᠷᠠᠭᠤᠯᠤᠬ᠍ᠰᠠᠨ ᠪᠠᠢᠨ᠎ᠠ᠃
ᠪᠦᠬᠦ᠌ ᠠᠷᠠᠳ᠎ᠢᠶᠠᠷ᠎ᠢᠶᠠᠨ ᠤᠷᠤᠯᠴᠠᠵᠤ ᠬᠠᠮᠲᠤ᠎ᠪᠠᠷ ᠬᠠᠮᠠᠭᠠᠯᠠᠬᠤ ᠤᠬᠠᠮᠰᠠᠷ᠎ᠢ ᠠᠯᠬᠤᠮ ᠠᠯᠬᠤᠮ᠎ᠢᠶᠠᠷ ᠪᠤᠢ ᠪᠤᠯᠭᠠᠪᠠ
《ᠬᠥᠯᠥᠨ ᠨᠠᠭᠤᠷ᠎ᠢ ᠰᠠᠢᠲᠤᠷ ᠰᠠᠬᠢᠨ ᠬᠠᠮᠠᠭᠠᠯᠠᠬᠤ᠎ᠳᠤ ᠡᠳᠦᠷ ᠲᠤᠲᠤᠮ᠎ᠤᠨ ᠴᠠᠭ᠍ᠳᠠᠨ ᠪᠠᠢᠴᠠᠭᠠᠬᠤ ᠠᠵᠢᠯ ᠳᠤᠲᠠᠭ᠍ᠳᠠᠵᠤ ᠪᠣᠯᠤᠰᠢ ᠥᠬᠡᠶ ᠮᠦᠷᠳᠡᠭᠡᠨ ᠤᠬᠠᠭᠤᠯᠭ᠎ᠠ᠎ᠶ᠋ᠢᠨ ᠠᠵᠢᠯ ᠴᠦ᠍ ᠠᠳᠠᠯᠢᠬᠠᠨ ᠴᠢᠬᠤᠯᠠ ᠪᠠᠢᠳᠠᠭ᠃ ᠬᠥᠯᠥᠨ ᠨᠠᠭᠤᠷ᠎ᠢ ᠬᠠᠮᠠᠭᠠᠯᠠᠬᠤ᠎ᠶ᠋ᠢᠨ ᠴᠢᠬᠤᠯᠠ ᠴᠢᠨᠠᠷ᠎ᠢ ᠬᠥᠮᠦᠨ ᠪᠦᠬᠦᠨ᠎ᠳᠤ ᠮᠡᠳᠡᠭᠦᠯᠬᠦ᠌ ᠬᠡᠷᠡᠭ᠌ᠳᠡᠢ》 ᠭᠡᠵᠦ᠍ ᠭᠠᠯᠢᠳᠠ ᠪᠠᠢᠱᠢᠩ ᠬᠠᠮᠢᠶᠠᠷᠤᠨ ᠬᠠᠮᠠᠭᠠᠯᠠᠬᠤ ᠥᠷᠲᠡᠭᠡᠨ᠎ᠤ ᠳᠠᠷᠤᠭ᠎ᠠ ᠯᠢ ᠭᠦᠸᠧ ᠬᠠᠢ ᠶᠠᠷᠢᠨ᠎ᠠ᠃ ᠬᠥᠯᠥᠨ ᠨᠠᠭᠤᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠲᠤᠬᠠᠢ ᠤᠬᠠᠭᠤᠯᠭ᠎ᠠ ᠬᠢᠬᠦ᠌ ᠪᠣᠯ ᠬᠠᠮᠢᠶᠠᠷᠤᠨ ᠬᠠᠮᠠᠭᠠᠯᠠᠬᠤ ᠥᠷᠲᠡᠭᠡ᠎ᠶ᠋ᠢᠨ ᠨᠢᠭᠡᠨ ᠴᠢᠬᠤᠯᠠ ᠠᠵᠢᠯ ᠮᠥᠨ᠃ 23 ᠵᠢᠯ᠎ᠤᠨ ᠲᠤᠷᠰᠢ᠂ ᠯᠢ ᠭᠦᠸᠧ ᠬᠠᠢ ᠬᠠᠮᠲᠤ ᠠᠵᠢᠯᠯᠠᠭ᠍ᠰᠠᠳ᠎ᠲᠠᠢ᠎ᠪᠠᠨ ᠬᠠᠷᠢᠶᠠᠲᠤ ᠣᠷᠣᠨ᠎ᠤ ᠡᠷᠭᠢᠨ ᠲᠣᠭᠤᠷᠢᠨ᠎ᠤ 10 ᠭᠠᠴᠠᠭ᠎ᠠ᠂ 70 ᠮᠠᠯᠵᠢᠬᠤ ᠡᠷᠦᠬᠡ᠎ᠪᠠᠷ ᠶᠠᠪᠤᠵᠤ᠂ ᠡᠷᠦᠬᠡ ᠳᠠᠷᠠᠭᠠᠯᠠᠨ ᠤᠬᠠᠭᠤᠯᠭ᠎ᠠ ᠬᠢᠵᠦ᠍᠂ ᠬᠠᠤᠯᠢ ᠴᠠᠭᠠᠵᠠ ᠬᠠᠤᠯᠢ ᠲᠤᠬ᠍ᠳᠠᠭᠠᠯ᠎ᠤᠨ ᠤᠬᠠᠭᠤᠯᠭ᠎ᠠ᠎ᠶ᠋ᠢᠨ ᠭᠠᠷ ᠳᠡᠪᠲᠡᠷ ᠲᠠᠷᠬᠠᠭᠠᠵᠤ᠂ ᠤᠯᠠᠨ᠎ᠤ ᠠᠮᠢ ᠠᠬᠤᠢ᠎ᠶ᠋ᠢ ᠬᠠᠢᠷᠠᠯᠠᠨ ᠬᠠᠮᠠᠭᠠᠯᠠᠬᠤ ᠤᠬᠠᠮᠰᠠᠷ᠎ᠢ ᠴᠢᠩᠭᠠᠳᠭᠠᠬᠤ᠎ᠪᠠᠷ ᠴᠢᠷᠮᠠᠢᠬ᠍ᠰᠠᠭᠠᠷ ᠢᠷᠡᠵᠡᠢ᠃
ᠦᠨᠦ᠍ ᠬᠦᠯᠦᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠶᠠᠷᠦᠩᠬᠡᠢᠯᠡᠨ ᠵᠠᠰᠠᠯᠳᠠ᠎ᠶ᠋ᠢᠨ ᠠᠵᠢᠯ᠎ᠨᠢ ᠢᠯᠡᠳᠳᠡ ᠦᠷ᠎ᠡ ᠪᠦᠳᠦᠮᠵᠢ ᠤᠯᠵᠤ᠂ ᠬᠦᠯᠦᠨ ᠨᠠᠭᠤᠷ᠎ᠤᠨ ᠠᠮᠢ ᠠᠬᠤᠢ ᠤᠷᠴᠢᠨ ᠲᠤᠭᠤᠷᠢᠨ᠎ᠢᠶᠠᠨ ᠦᠵᠡᠬᠦ᠌ ᠨᠢᠳᠤᠨ᠎ᠤ ᠴᠡᠴᠡᠭᠡᠢ ᠮᠡᠳᠦ ᠬᠠᠢᠷᠠᠯᠠᠵᠤ ᠬᠠᠮᠠᠭᠠᠯᠠᠬᠤ ᠤᠬᠠᠮᠰᠠᠷ ᠬᠦᠮᠦᠰ᠎ᠤᠨ ᠰᠡᠳᠭᠢᠯ᠎ᠳᠤ ᠬᠠᠳᠠᠩᠱᠢᠵᠤ᠂ 2016 ᠤᠨ᠎ᠳᠤ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠯᠦᠨ ᠨᠠᠭᠤᠷ᠎ᠤᠨ ᠤᠯᠤᠰ᠎ᠤᠨ ᠲᠡᠰ᠎ᠤᠨ ᠪᠠᠢᠭᠠᠯᠢ᠎ᠶ᠋ᠢᠨ ᠬᠠᠮᠠᠭᠠᠯᠠᠯᠳᠠ᠎ᠶ᠋ᠢᠨ ᠤᠷᠤᠨ᠎ᠤ ᠲᠦᠷᠢᠮ》 ᠢ ᠨᠡᠢᠳᠡᠯᠡᠨ ᠭᠡᠷᠡᠭ᠌ᠵᠢᠬᠦᠯᠵᠦ᠍᠂ ᠬᠦᠯᠦᠨ ᠨᠠᠭᠤᠷ᠎ᠢ ᠬᠠᠮᠠᠭᠠᠯᠠᠬᠤ᠎ᠳᠤ ᠬᠠᠤᠯᠢ ᠴᠠᠭᠠᠵᠠ᠎ᠶ᠋ᠢᠨ ᠲᠠᠯ᠎ᠠ᠎ᠪᠠᠷ᠎ᠬᠢ ᠬᠦᠴᠦᠳᠦ ᠪᠠᠳᠤᠯᠭ᠎ᠠ ᠤᠯᠭᠤᠪᠠ; 2020 ᠤᠨ᠎ᠤ 8 ᠰᠠᠷ᠎ᠠ᠎ᠳᠤ 《ᠲᠦᠮᠡᠨ ᠰᠠᠢᠨ ᠲᠤᠷᠠᠴᠤᠤᠯ᠎ᠤᠨ ᠠᠵᠢᠯᠯᠠᠭᠠᠨ᠎ᠤ ᠭᠡᠷᠡᠭ᠌ᠵᠢᠬᠦᠯᠬᠦ᠌ ᠲᠦᠰᠦᠯ》 ᠢ ᠨᠠᠢᠳᠠᠯᠠᠵᠤ᠂ ᠦᠷᠭᠡᠨ ᠤᠯᠠᠨ ᠰᠠᠢᠨ ᠲᠤᠷᠠᠴᠤᠤᠯ᠎ᠢ ᠲᠠᠢᠴᠢᠯᠠᠨ ᠲᠠᠭᠠᠭᠤᠯᠵᠤ ᠬᠦᠯᠦᠨ ᠨᠠᠭᠤᠷ᠎ᠤᠨ ᠠᠮᠢ ᠠᠬᠤᠢ᠎ᠶ᠋ᠢᠨ ᠬᠠᠮᠠᠭᠠᠯᠠᠯᠳᠠ᠎ᠳᠤ ᠬᠠᠮᠳᠤ᠎ᠪᠠᠷ ᠤᠷᠤᠯᠴᠠᠭᠤᠯᠵᠤ᠂ ᠪᠦᠬᠦ᠌ ᠠᠷᠠᠳ᠎ᠢᠶᠠᠷ᠎ᠢᠶᠠᠨ ᠤᠷᠤᠯᠴᠠᠬᠤ᠂ ᠪᠦᠬᠦ᠌ ᠠᠷᠠᠳ᠎ᠢᠶᠠᠷ᠎ᠢᠶᠠᠨ ᠬᠠᠮᠠᠭᠠᠯᠠᠬᠤ ᠰᠠᠢᠨ ᠰᠠᠢᠬᠠᠨ ᠨᠡᠢᠭᠡᠮ᠎ᠤᠨ ᠠᠭᠤᠷ ᠠᠮᠢᠰᠭᠤᠯ᠎ᠢ ᠪᠤᠢ ᠪᠤᠯᠭᠠᠵᠤ᠂ ᠬᠦᠯᠦᠨ ᠨᠠᠭᠤᠷ᠎ᠤᠨ ᠠᠮᠢ ᠠᠬᠤᠢ᠎ᠶ᠋ᠢᠨ ᠶᠡᠷᠦᠩᠬᠡᠢᠯᠡᠨ ᠵᠠᠰᠠᠯᠳᠠ᠎ᠶ᠋ᠢᠨ ᠦᠷ᠎ᠠ ᠪᠦᠳᠦᠮᠵᠢ᠎ᠶ᠋ᠢ ᠤᠯᠠᠮ ᠨᠢᠭᠡ ᠠᠯᠬᠤᠮ ᠪᠠᠬᠢᠵᠢᠬᠦᠯᠪᠡ᠃
《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ᠂ ᠬᠦᠯᠦᠨ ᠪᠦᠢᠷ ᠬᠤᠲᠠ ᠬᠥᠯᠥᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠶᠡᠷᠦᠩᠬᠡᠢᠯᠡᠨ ᠵᠠᠰᠠᠯᠲᠠ᠎ᠶ᠋ᠢ ᠪᠥᠬᠦ᠌ ᠬᠤᠲᠠ᠎ᠶ᠋ᠢᠨ 《ᠲᠡᠷᠢᠭᠦᠨ ᠴᠢᠬᠤᠯᠠ ᠡᠭᠦᠷᠭᠡ》 ᠪᠣᠯᠭᠠᠵᠤ᠂ ᠡᠯ᠎ᠡ ᠰᠠᠯᠠᠭ᠎ᠠ ᠮᠦᠴᠢᠷ᠎ᠤᠨ ᠡᠭᠦᠷᠭᠡ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠂ ᠠᠮᠢ ᠠᠬᠤᠢ᠎ᠶ᠋ᠢᠨ ᠬᠠᠮᠠᠭᠠᠯᠠᠯᠳᠠ ᠪᠠ ᠪᠦᠳᠦᠭᠡᠨ ᠪᠠᠢᠭᠤᠯᠤᠯᠳᠠ᠎ᠶ᠋ᠢᠨ ᠬᠠᠮᠢᠶ᠎ᠠ ᠪᠦᠬᠦᠢ ᠢᠨᠵᠧᠨᠧᠷᠢᠩ᠎ᠢ ᠭᠡᠷᠡᠭ᠌ᠵᠢᠬᠦᠯᠬᠦ᠌᠎ᠶ᠋ᠢᠨ ᠬᠠᠮᠲᠤ ᠤᠬᠠᠭᠤᠯᠭ᠎ᠠ᠎ᠶ᠋ᠢᠨ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠢᠨ ᠳᠤᠷ᠎ᠠ᠎ᠶ᠋ᠢᠨ ᠠᠵᠢᠯᠯᠠᠭ᠎ᠠ ᠵᠡᠷᠭᠡ ᠣᠯᠠᠨ ᠵᠦᠶᠯ᠎ᠤᠨ ᠠᠷᠭ᠎ᠠ ᠬᠡᠯᠪᠡᠷᠢ᠎ᠶ᠋ᠢ ᠠᠪᠴᠤ᠌᠂ ᠬᠠᠮᠠᠭᠠᠯᠠᠯᠲᠠ᠎ᠶ᠋ᠢᠨ ᠣᠷᠣᠨ᠎ᠤ ᠳᠣᠲᠣᠷᠠᠬᠢ ᠠᠮᠢ ᠠᠬᠤᠶ ᠣᠷᠴᠢᠨ ᠲᠣᠭᠤᠷᠢᠨ ᠰᠡᠷᠭᠦᠨ ᠰᠠᠢᠵᠢᠷᠠᠵᠠᠢ᠃ ᠦᠨᠦ᠍ ᠨᠠᠭᠤᠷ᠎ᠤᠨ ᠡᠷᠬᠢᠨ ᠲᠤᠭᠤᠷᠢᠨ᠎ᠳᠤᠨᠢ ᠨᠢᠳᠦ ᠠᠯᠳᠠᠮ᠎ᠠ ᠨᠤᠭᠤᠭᠠᠨ ᠲᠠᠪᠠᠯᠭᠠᠨ ᠦᠶᠡᠯᠵᠡᠵᠦ᠍᠂ ᠭᠠᠯᠠᠭᠤ ᠱᠢᠪᠠᠭᠤᠳ ᠭᠠᠩᠭᠠᠨᠠᠨ ᠲᠤᠩᠭᠤᠳᠤᠭᠠᠳ᠂ ᠬᠦᠯᠦᠨ ᠨᠠᠭᠤᠷ ᠮᠠᠨᠢ ᠵᠢᠬᠦᠷᠳᠡᠨ ᠠᠮᠢᠳᠠᠨ᠎ᠤ ᠦᠷ᠎ᠠ᠎ᠵᠢᠨ ᠲᠦᠯᠵᠢᠬᠦ᠌ ᠠᠮᠤᠭᠤᠯᠠᠩᠳᠤ ᠨᠤᠳᠤᠭ ᠪᠤᠯᠵᠤ᠂ ᠬᠦᠯᠦᠨ ᠪᠦᠢᠷ᠎ᠤᠨ ᠦᠩ ᠱᠢᠮᠡᠯᠢᠭ ᠨᠤᠳᠤᠭ ᠲᠡᠭᠡᠷ᠎ᠡ ᠴᠡᠪᠡᠷ ᠬᠠᠰ ᠮᠡᠳᠦ ᠭᠡᠷᠡᠯ ᠬᠢᠯᠪᠠᠭ᠎ᠠ᠎ᠪᠠᠨ ᠰᠠᠴᠤᠷᠠᠭᠤᠯᠤᠨ᠎ᠠ᠃
(ᠬᠦᠯᠦᠨ ᠪᠦᠷᠢ ᠬᠤᠳᠠ᠎ᠶ᠋ᠢᠨ ᠵᠠᠰᠠᠭ᠎ᠤᠨ ᠤᠷᠳᠤᠨ᠎ᠤ ᠠᠯᠪᠠᠨ ᠰᠦᠯᠵᠢᠶ᠎ᠠ᠎ᠠᠴᠠ)