ᠲᠦᠷᠦᠭᠦᠬᠡᠨ᠂ ᠲᠦᠩᠯᠢᠶᠤᠤ ᠬᠤᠳᠠ᠎ᠶ᠋ᠢᠨ᠎ᠬᠢᠨ ᠭᠤᠷᠪᠠᠨ ᠬᠢᠴᠢᠶᠡᠯ ᠲᠦᠷᠦᠯ᠎ᠤᠨ ᠨᠢᠭᠡᠳᠤᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠳᠠ᠎ᠶ᠋ᠢᠨ ᠪᠤᠯᠪᠠᠰᠤᠷᠠᠯ ᠦᠷᠨᠢᠭᠦᠯᠵᠤ᠂ ᠪᠤᠯᠪᠠᠰᠤᠷᠠᠯ᠎ᠢ ᠸᠢᠳᠢᠣ᠋ ᠬᠤᠷᠠᠯ᠎ᠤᠨ ᠬᠡᠯᠪᠡᠷᠢ᠎ᠪᠠᠷ ᠶᠠᠪᠤᠭ᠍ᠳᠠᠭᠤᠯᠵᠤ᠂ ᠭᠤᠤᠯ ᠬᠤᠷᠠᠯ᠎ᠤᠨ ᠳᠠᠯᠠᠪᠠᠢ᠎ᠶ᠋ᠢ ᠦᠪᠦᠷ ᠮᠤᠩᠭᠤᠯ᠎ᠤᠨ ᠦᠨᠳᠦᠰᠦᠳᠡᠨ᠎ᠤ ᠶᠡᠭᠡ ᠰᠤᠷᠭᠠᠭᠤᠯᠢ᠎ᠳᠤ ᠲᠤᠬᠢᠷᠠᠭᠤᠯᠵᠤ᠂ ᠭᠢᠷᠢᠨ᠎ᠤ ᠪᠠᠭ᠍ᠰᠢ᠎ᠶ᠋ᠢᠨ ᠶᠡᠭᠡ ᠰᠤᠷᠭᠠᠭᠤᠯᠢ ᠵᠢᠴᠢ ᠳᠦᠩᠯᠢᠶᠤᠤ ᠬᠤᠳᠠ᠎ᠶ᠋ᠢᠨ ᠡᠯ᠎ᠠ ᠬᠤᠱᠢᠭᠤ ᠱᠢᠶᠠᠨ᠎ᠳᠤ ᠬᠤᠪᠢᠶᠠᠷᠢ ᠬᠤᠷᠠᠯ᠎ᠤᠨ ᠳᠠᠯᠠᠪᠠᠢ ᠲᠤᠬᠢᠷᠠᠭᠤᠯᠵᠤ᠂ ᠪᠦᠬᠦ᠌ ᠬᠤᠳᠠ᠎ᠶ᠋ᠢᠨ ᠪᠠᠭ᠎ᠠ ᠰᠤᠷᠭᠠᠭᠤᠯᠢ ᠪᠤᠯᠤᠨ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ 300 ᠭᠠᠷᠤᠢ ᠬᠡᠯᠡ ᠪᠢᠴᠢᠭ᠎ᠤᠨ ᠪᠠᠭ᠍ᠰᠢ ᠪᠤᠯᠪᠠᠰᠤᠷᠠᠯ᠎ᠳᠤ ᠤᠷᠤᠯᠴᠠᠵᠠᠢ᠃
ᠲᠦᠩᠯᠢᠶᠤᠤ᠎ᠶ᠋ᠢᠨ ᠮᠤᠩᠭᠤᠯ ᠦᠨᠳᠦᠰᠦᠳᠡᠨ᠎ᠤ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠪᠤᠤ ᠱᠤᠸᠠᠩ ᠰᠢ ᠰᠦᠯᠵᠢᠶᠡᠨ ᠲᠠᠪᠴᠠᠩ᠎ᠢᠶᠠᠷ ᠪᠤᠯᠪᠠᠰᠤᠷᠠᠯ᠎ᠳᠤ ᠤᠷᠤᠯᠴᠠᠵᠠᠢ᠂ ᠲᠡᠷᠡ᠄ 《ᠲᠤᠰᠭᠠᠢ ᠮᠡᠷᠭᠡᠵᠢᠯᠳᠡᠨ᠎ᠤ ᠲᠠᠢᠯᠤᠮᠵᠢ᠎ᠶ᠋ᠢ ᠰᠤᠨᠤᠰᠭᠤ᠎ᠪᠠᠷ ᠳᠠᠮᠵᠢᠭᠠᠳ ᠪᠢᠳᠡ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲᠧᠷᠢᠶᠠᠯ᠎ᠤᠨ ᠦᠷᠳᠡᠭ᠎ᠤᠨ ᠬᠠᠨᠳᠤᠰᠢ ᠪᠤᠯᠤᠨ ᠭᠤᠤᠯ ᠦᠵᠡᠯ ᠰᠠᠨᠠᠭ᠎ᠠ᠎ᠶ᠋ᠢ ᠨᠡᠩ ᠤᠨᠤᠪᠴᠢᠳᠠᠢ ᠤᠢ᠍ᠢᠯᠠᠭᠠᠵᠤ᠂ ᠵᠢᠭᠠᠨ ᠰᠤᠷᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠠᠢ》 ᠭᠡᠵᠤ ᠬᠡᠯᠡᠪᠡ᠃ ᠭᠤᠷᠪᠠᠨ ᠬᠢᠴᠢᠶᠡᠯ ᠲᠦᠷᠦᠯ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠲᠤᠬᠠᠢ ᠪᠤᠤ ᠱᠤᠸᠠᠩ ᠰᠢ᠄ 《ᠬᠡᠯᠡ ᠪᠢᠴᠢᠭ᠎ᠢᠶᠠᠷ ᠵᠢᠱ᠌ᠢᠶᠡᠯᠡᠬᠦ᠌᠎ᠳᠤ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠨᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠳᠤ ᠰᠤᠶᠤᠯ᠂ ᠬᠤᠪᠢᠰᠭᠠᠯ᠎ᠤᠨ ᠤᠯᠠᠮᠵᠢᠯᠠᠯ᠎ᠤᠨ ᠬᠦᠮᠦᠵᠢᠯ ᠪᠤᠯᠤᠨ ᠤᠯᠤᠰ᠎ᠤᠨ ᠡᠷᠬᠡ ᠮᠡᠳᠡᠯ᠎ᠤᠨ ᠤᠬᠠᠮᠰᠠᠷ᠎ᠤᠨ ᠬᠦᠮᠦᠵᠢᠯ ᠵᠡᠷᠭᠡ ᠲᠠᠯ᠎ᠠ᠎ᠶ᠋ᠢᠨ ᠠᠭᠤᠯᠭ᠎ᠠ᠎ᠶ᠋ᠢ ᠴᠢᠩᠭᠠᠳᠭᠠᠵᠤ᠂ ᠵᠢᠭᠠᠨ ᠰᠤᠷᠭᠠᠯᠳᠠ᠎ᠶ᠋ᠢᠨ ᠪᠦᠲᠦᠴᠡ᠎ᠶ᠋ᠢᠨ ᠲᠤᠬᠢᠷᠠᠭᠤᠯᠤᠯᠳᠠ᠂ ᠵᠤᠬᠢᠶᠠᠯ᠎ᠤᠨ ᠳᠤᠬᠢᠷᠠᠭᠤᠯᠤᠯᠳᠠ ᠵᠡᠷᠭᠡ ᠲᠠᠯ᠎ᠠ᠎ᠪᠠᠷ ᠪᠠᠰᠠ ᠱᠢᠨᠡᠴᠢᠯᠡᠯᠳᠠᠲᠠᠢ᠂ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠵᠤ᠂ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠦᠮᠦᠵᠢᠯ᠎ᠢ ᠴᠢᠩᠭᠠᠳᠭᠠᠬᠤ᠎ᠨᠢ ᠦᠨᠳᠦᠰᠦᠳᠡᠨ᠎ᠤ ᠬᠡᠯᠡ᠎ᠪᠠᠷ ᠬᠢᠴᠢᠶᠡᠯᠯᠡᠵᠤ ᠪᠠᠢᠭ᠎ᠠ ᠰᠤᠷᠤᠭ᠍ᠴᠢ᠎ᠶ᠋ᠢᠨ ᠬᠡᠯᠡ ᠪᠢᠴᠢᠭ᠎ᠤᠨ ᠮᠡᠳᠡᠯᠭᠡ ᠬᠤᠷᠠᠮᠳᠤᠭᠤᠯᠬᠤ᠂ ᠤᠩᠱᠢᠬᠤ ᠪᠠ ᠵᠤᠬᠢᠶᠠᠨ ᠪᠢᠴᠢᠬᠦ᠌ ᠴᠢᠳᠠᠪᠤᠷᠢ᠎ᠶ᠋ᠢ ᠪᠤᠯᠪᠠᠰᠤᠷᠠᠭᠤᠯᠬᠤ᠎ᠳᠤ ᠨᠡᠩ ᠲᠤᠰᠠᠲᠠᠢ᠂ ᠦᠨᠳᠦᠰᠦᠳᠡᠨ᠎ᠤ ᠬᠡᠯᠡ᠎ᠪᠠᠷ ᠬᠢᠴᠢᠶᠡᠯᠯᠡᠵᠤ ᠪᠠᠢᠭ᠎ᠠ ᠰᠤᠷᠤᠭ᠍ᠴᠢ᠎ᠶ᠋ᠢᠨ ᠬᠤᠵᠢᠮ ᠬᠤᠢᠱᠢᠳᠠ ᠨᠡᠩ ᠦᠷᠭᠡᠨ ᠳᠡᠯᠭᠡᠷ ᠤᠳᠤ ᠦᠶ᠎ᠠ᠎ᠶ᠋ᠢᠨ ᠱᠢᠨᠵᠢᠯᠡᠬᠦ᠌ ᠤᠬᠠᠭᠠᠨ ᠰᠤᠶᠤᠯ᠎ᠤᠨ ᠮᠡᠳᠡᠯᠭᠡ᠎ᠶ᠋ᠢ ᠰᠤᠷᠤᠯᠴᠠᠨ᠂ ᠠᠵᠢᠯ ᠤᠯᠵᠤ ᠦᠢᠯᠡᠰ ᠪᠤᠰᠭᠠᠬᠤ᠎ᠳᠤ ᠨᠡᠩ ᠠᠱᠢᠭ᠍ᠳᠠᠢ ᠶᠤᠮ》 ᠭᠡᠵᠤ ᠬᠡᠯᠡᠪᠡ᠃
ᠲᠦᠩᠯᠢᠶᠤᠤ ᠬᠤᠲᠠ᠎ᠶ᠋ᠢᠨ ᠮᠤᠩᠭᠤᠯ ᠦᠨᠲᠦᠰᠦᠲᠠᠠ᠎ᠤ ᠰᠤᠷᠭᠠᠭᠤᠯᠢ᠎ᠶ᠋ᠢᠨ ᠠᠩᠬ᠎ᠠ ᠲᠤᠮᠲᠠᠲᠤ᠎ᠶ᠋ᠢᠨ ᠨᠢᠭᠡᠲᠦᠭᠡᠷ ᠤᠨ᠎ᠤ ᠰᠤᠷᠤᠭ᠍ᠴᠢ ᠳ᠋ᠠᠢ ᠨᠢᠩᠵᠢᠨ ᠡᠷᠲᠡᠡᠤ ᠱᠢᠯᠦᠭ᠎ᠲᠤ ᠲᠤᠷ᠎ᠠ ᠪᠠᠬᠠᠲᠠᠢ᠂ ᠲᠡᠷᠡ᠄ 《〈ᠠᠨᠠᠪᠠᠳ ᠲᠠᠯᠠᠢ᠎ᠶ᠋ᠢ ᠠᠵᠢᠠᠠᠯᠠᠬᠤᠢ〉 〈ᠱᠢᠭᠦᠮᠵᠢᠯᠡᠯ ᠦᠭᠦᠯᠡᠯ ᠠᠷᠪᠠᠠ ᠬᠤᠶᠠᠷ ᠪᠦᠯᠦᠭ〉 ᠪᠤᠯ ᠮᠢᠨᠦ᠍ ᠪᠠᠢᠩᠭᠤ ᠤᠩᠱᠢᠲᠠᠭ ᠱᠢᠯᠦᠭ ᠪᠤᠯᠤᠨ᠎ᠠ᠂ ᠨᠢᠭᠡ ᠬᠤᠭᠤᠴᠠᠭ᠎ᠠ ᠰᠤᠷᠤᠯᠴᠠᠭᠠᠳ᠂ ᠮᠢᠨᠦ᠍ ᠬᠢᠲᠠᠳ ᠬᠡᠯᠡᠡ᠎ᠤ ᠤᠩᠱᠢᠠ ᠤᠢ᠍ᠢᠯᠠᠭᠠᠬᠤ ᠴᠢᠲᠠᠪᠤᠷᠢ ᠲᠡᠭᠡᠭ᠌ᠰᠢᠯᠡᠵᠠᠢ᠂ ᠡᠨᠡ᠎ᠨᠢ ᠮᠢᠨᠤ ᠤᠩᠱᠢᠯᠭ᠎ᠠ᠎ᠶ᠋ᠢᠨ ᠬᠦᠷᠢᠶ᠎ᠠ ᠬᠡᠪᠴᠢᠶ᠎ᠠ᠎ᠶ᠋ᠢ ᠦᠷᠭᠡᠳᠭᠡᠵᠦ᠍᠂ ᠤᠩᠱᠢᠯᠭ᠎ᠠ᠎ᠶ᠋ᠢᠨ ᠬᠡᠮᠵᠢᠶ᠎ᠠ᠎ᠶ᠋ᠢ ᠨᠡᠮᠡᠭ᠌ᠲᠡᠭᠦᠯᠦᠭ᠌ᠰᠡᠨ ᠪᠦᠭᠡᠳ ᠠᠮᠢᠲᠤ ᠪᠤᠲᠠᠰ᠂ ᠭᠠᠵᠠᠷ ᠵᠦᠢ ᠵᠡᠷᠭᠡ ᠬᠢᠴᠢᠶᠡᠯ ᠲᠦᠷᠦᠯ᠎ᠤᠨ ᠬᠢᠴᠢᠶᠡᠯ᠎ᠤᠨ ᠭᠠᠲᠠᠨᠠᠬᠢ ᠮᠠᠲ᠋ᠧᠷᠢᠶᠠᠯ᠎ᠢ ᠨᠡᠩ ᠰᠠᠢᠨ ᠰᠤᠷᠤᠯᠴᠠᠬᠤ᠎ᠳᠤ ᠲᠤᠰᠠ ᠪᠤᠯᠵᠠᠢ》 ᠭᠡᠵᠦ᠍ ᠬᠡᠯᠡᠨ᠎ᠠ᠃
ᠲᠦᠩᠯᠢᠶᠤᠤ ᠬᠤᠲᠠ᠎ᠶ᠋ᠢᠨ ᠮᠤᠩᠭᠤᠯ ᠦᠨᠲᠦᠰᠦᠲᠠᠠ᠎ᠤ ᠰᠤᠷᠭᠠᠭᠤᠯᠢ᠎ᠶ᠋ᠢᠨ ᠪᠠᠭ᠍ᠰᠢ ᠰᠠᠷᠠᠭᠤᠯ᠂ ᠤᠯᠤᠰ᠎ᠤᠨ ᠨᠡᠢᠲᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠯᠠᠪᠲᠠᠭᠤᠨ ᠪᠠᠲᠤᠲᠠᠢ ᠰᠠᠭᠤᠷᠢᠨ᠎ᠢ ᠰᠤᠷᠤᠭ᠍ᠴᠢᠳ᠎ᠤᠨ ᠡᠯ᠎ᠠ ᠬᠢᠴᠢᠶᠡᠯ ᠲᠦᠷᠦᠯ᠎ᠤᠨ ᠮᠡᠲᠡᠯᠭᠡ᠎ᠶ᠋ᠢᠨ ᠴᠡᠭ᠂ ᠬᠦᠴᠢᠷ ᠬᠡᠰᠡᠭ᠎ᠢ ᠡᠵᠡᠮᠱᠢᠬᠦ᠌᠎ᠳᠤ ᠲᠤᠰᠠ ᠪᠤᠯᠵᠦ᠍᠂ ᠰᠠᠲᠦᠪ ᠬᠠᠷᠢᠭᠤᠯᠬᠤ ᠬᠤᠷᠲᠤᠴᠠ᠎ᠶ᠋ᠢ ᠲᠦᠷᠭᠡᠳᠭᠡᠨ᠂ ᠰᠤᠷᠤᠭ᠍ᠴᠢᠳ᠎ᠤᠨ ᠰᠤᠷᠤᠯᠴᠠᠬᠤ ᠴᠢᠲᠠᠪᠤᠷᠢ᠎ᠶ᠋ᠢ ᠲᠡᠭᠡᠭ᠌ᠰᠢᠯᠡᠭᠦᠯᠦᠨ᠎ᠠ ᠭᠡᠵᠦ᠍ ᠲᠠᠨᠢᠯᠴᠠᠭᠤᠯᠪᠠ᠃
ᠨᠢᠲᠤᠨᠤᠨᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠠᠴᠠ ᠡᠬᠢᠯᠡᠵᠦ᠍᠂ ᠲᠦᠩᠯᠢᠶᠤᠤ ᠬᠤᠲᠠ ᠵᠢᠭᠠᠠ ᠰᠤᠷᠭᠠᠯᠳᠠ᠎ᠶ᠋ᠢᠨ ᠲᠦᠰᠦᠯ᠎ᠢᠶᠠᠨ ᠲᠡᠭᠦᠯᠲᠡᠷᠵᠢᠭᠦᠯᠬᠦ᠂ ᠪᠠᠭ᠍ᠰᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠂ ᠵᠢᠭᠠᠠ ᠰᠤᠲᠤᠯᠬᠤ ᠬᠦᠴᠤᠨ᠎ᠢ ᠵᠤᠬᠢᠶᠠᠠ ᠪᠠᠢᠭᠤᠯᠬᠤ ᠵᠡᠷᠭᠡ ᠠᠷᠭ᠎ᠠ᠎ᠪᠠᠷ ᠲᠠᠮᠵᠢᠭᠤᠯᠤᠨ᠂ ᠦᠨᠲᠦᠰᠦᠲᠠᠠ᠎ᠤ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠤᠯᠤᠰ᠎ᠤᠨ ᠨᠢᠭᠡᠲᠦᠯᠲᠡᠢ ᠨᠠᠢᠷᠠᠭᠤᠯᠤᠭ᠍ᠰᠠᠠ ᠵᠢᠭᠠᠬᠤ ᠮᠠᠲ᠋ᠧᠷᠢᠶᠠᠯ᠎ᠢ ᠬᠡᠷᠡᠭ᠌ᠯᠡᠨ ᠵᠢᠭᠠᠠ ᠰᠤᠷᠭᠠᠬᠤ ᠠᠵᠢᠯ᠎ᠢ ᠲᠠᠰᠤᠷᠠᠯᠲᠠ ᠦᠭᠡᠢ ᠠᠬᠢᠭᠤᠯᠵᠦ᠍᠂ ᠦᠨᠲᠦᠰᠦᠲᠠᠠ᠎ᠤ ᠰᠤᠷᠭᠠᠠ ᠬᠦᠮᠦᠵᠢᠯ᠎ᠤᠨ ᠶᠠᠰᠤ ᠴᠢᠨᠠᠷ᠎ᠢ ᠲᠡᠭᠡᠭ᠌ᠰᠢᠯᠡᠭᠦᠯᠤᠨ᠂ 《ᠪᠠᠭ᠎ᠠ ᠰᠤᠷᠭᠠᠭᠤᠯᠢ᠎ᠠᠴᠠ ᠠᠩᠬ᠎ᠠ ᠵᠡᠷᠭᠡ᠎ᠶ᠋ᠢᠨ ᠲᠤᠮᠲᠠᠲᠤ ᠰᠤᠷᠭᠠᠭᠤᠯᠢ᠎ᠳᠤ ᠲᠠᠪᠱᠢᠬᠤ》 ᠪᠠ 《ᠠᠩᠬ᠎ᠠ ᠵᠡᠷᠭᠡ᠎ᠶ᠋ᠢᠨ ᠲᠤᠮᠲᠠᠲᠤ ᠰᠤᠷᠭᠠᠭᠤᠯᠢ᠎ᠠᠴᠠ ᠦᠨᠲᠦᠷ ᠵᠡᠷᠭᠡ᠎ᠶ᠋ᠢᠨ ᠲᠤᠮᠲᠠᠲᠤ ᠰᠤᠷᠭᠠᠭᠤᠯᠢ᠎ᠳᠤ ᠲᠡᠪᠱᠢᠬᠤ》 ᠱᠠᠲᠤᠠᠤ ᠵᠢᠭᠠᠠ ᠰᠤᠷᠭᠠᠯᠲᠠ᠎ᠶ᠋ᠢ ᠵᠤᠯᠭᠠᠭᠤᠯᠬᠤ ᠠᠵᠢᠯ᠎ᠢ ᠰᠠᠢᠳᠦᠷ ᠬᠢᠵᠦ᠍᠂ ᠰᠤᠷᠭᠠᠠ ᠬᠦᠮᠦᠵᠢᠯ ᠵᠢᠭᠠᠠ ᠰᠤᠷᠭᠠᠯᠲᠠ᠎ᠶ᠋ᠢᠨ ᠠᠵᠢᠯ᠎ᠤᠨ ᠡᠮᠬᠢ ᠲᠠᠷᠠᠭ᠎ᠠ᠎ᠲᠠᠢ ᠦᠷᠨᠢᠭᠦ᠎ᠶ᠋ᠢ ᠪᠦᠬᠦ᠌ ᠲᠠᠯ᠎ᠠ᠎ᠪᠠᠷ ᠪᠠᠲᠤᠯᠠᠭ᠍ᠰᠠᠠ ᠪᠠᠢᠨ᠎ᠠ᠃ ᠤᠢ᠍ᠢᠯᠠᠭᠠᠭ᠍ᠰᠠᠠᠢᠶᠠᠷ᠂ ᠲᠠᠷᠠᠭᠠᠴᠢ᠎ᠶ᠋ᠢᠨ ᠠᠯᠬᠤᠮ᠎ᠳᠤ᠂ ᠲᠦᠩᠯᠢᠶᠤᠤ ᠬᠤᠲᠠ ᠴᠢᠲᠠᠪᠤᠷᠢᠲᠠᠠ ᠤᠷᠢᠵᠤ ᠠᠪᠴᠢᠷᠠᠬᠤ᠂ ᠢᠯᠡ᠎ᠪᠠᠷ ᠤᠷᠢᠵᠦ᠍ ᠡᠯᠰᠡᠬᠦ᠂ ᠤᠠᠴᠠᠭᠠᠢ ᠠᠵᠢᠯ᠎ᠤᠨ ᠪᠠᠢᠷᠢ᠎ᠶ᠋ᠢᠨ ᠲᠦᠯᠦᠪᠯᠡᠭᠡ᠂ ᠬᠤᠱᠢᠭᠤ ᠱᠢᠶᠠᠨ᠎ᠤ ᠲᠤᠳᠤᠷ᠎ᠠ᠎ᠪᠠᠨ ᠳᠤᠬᠢᠷᠠᠭᠤᠯᠤᠨ ᠵᠤᠬᠢᠴᠠᠭᠤᠯᠬᠤ ᠵᠡᠷᠭᠡ ᠤᠯᠠᠠ ᠵᠦᠢᠯ᠎ᠤᠨ ᠠᠷᠭ᠎ᠠ᠎ᠪᠠᠷ ᠪᠠᠭ᠍ᠰᠢ᠎ᠶ᠋ᠢᠨ ᠡᠩᠨᠡᠭᠡᠨ᠎ᠤ ᠪᠠᠲᠤᠯᠠᠭ᠎ᠠ᠎ᠶ᠋ᠢ ᠴᠢᠩᠭᠠᠳᠭᠠᠨ᠂ ᠤᠲᠤ ᠪᠠᠢᠭ᠎ᠠ ᠪᠠᠭ᠍ᠰᠢ᠎ᠶ᠋ᠢᠨ ᠡᠩᠨᠡᠭᠡ᠎ᠶ᠋ᠢᠨ ᠪᠦᠲᠦᠴᠡ᠎ᠶ᠋ᠢ ᠲᠠᠰᠤᠷᠠᠯᠲᠠ ᠦᠭᠡᠢ ᠱᠢᠯᠢᠲᠡᠭ᠌ᠵᠢᠭᠦᠯᠪᠠ᠃ ᠡᠭᠦᠨ᠎ᠤ ᠬᠠᠮᠳᠤ᠂ ᠤᠯᠤᠰ᠎ᠤᠨ ᠪᠤᠯᠪᠠᠰᠤᠷᠠᠯ᠂ ᠤᠷᠤᠨ᠎ᠤ ᠪᠤᠯᠪᠠᠰᠤᠷᠠᠯ᠂ ᠬᠤᠱᠢᠭᠤ ᠱᠢᠶᠠᠠᠤ ᠪᠤᠯᠪᠠᠰᠤᠷᠠᠯ᠂ ᠰᠤᠷᠭᠠᠭᠤᠯᠢ᠎ᠶ᠋ᠢᠨ ᠪᠤᠯᠪᠠᠰᠤᠷᠠᠯ ᠵᠡᠷᠭᠡ ᠪᠤᠯᠪᠠᠰᠤᠷᠠᠯ᠎ᠤᠨ ᠱᠢᠰᠲ᠋ᠧᠮ᠎ᠳᠤ ᠲᠦᠱᠢᠭ᠌ᠯᠡᠵᠦ᠍᠂ ᠰᠠᠭᠤᠷᠢ ᠴᠢᠨᠠᠷᠳᠠᠢ᠂ ᠬᠦᠲᠦᠯᠦᠨ ᠲᠠᠭᠠᠭᠤᠯᠬᠤ ᠴᠢᠨᠠᠷᠳᠠᠢ᠂ ᠭᠡᠷᠡᠭ᠌ᠴᠡᠭᠡ᠎ᠳᠤ ᠴᠢᠨᠠᠷᠲᠠᠢ ᠪᠤᠯᠪᠠᠰᠤᠷᠠᠯ᠎ᠢ ᠴᠢᠨᠠᠷ ᠰᠠᠢᠲᠠᠢ ᠠᠬᠢᠭᠤᠯᠤᠨ᠂ ᠵᠠᠯᠠᠭᠤ ᠪᠠᠭ᠍ᠰᠢ ᠨᠠᠷ᠎ᠤᠨ ᠰᠤᠷᠭᠠᠠ ᠬᠦᠮᠦᠵᠢᠭᠦᠯᠬᠦ᠌ ᠵᠢᠭᠠᠠ ᠰᠤᠷᠭᠠᠬᠤ ᠴᠢᠲᠠᠪᠤᠷᠢ᠎ᠶ᠋ᠢ ᠶᠡᠭᠡ᠎ᠪᠠᠷ ᠲᠡᠭᠡᠭ᠌ᠰᠢᠯᠡᠭᠦᠯᠪᠠ᠃ ᠤᠲᠤᠬᠠᠠ᠎ᠳᠤ᠂ ᠪᠠᠭ᠍ᠰᠢ ᠤᠷᠢᠵᠦ᠍ ᠡᠯᠰᠡᠬᠦ᠂ ᠪᠤᠯᠪᠠᠰᠤᠷᠠᠯ ᠬᠦᠷᠳᠡᠬᠡᠬᠦ᠌ ᠵᠡᠷᠭᠡ ᠠᠵᠢᠯ᠎ᠢ ᠨᠢᠭᠡᠨᠲᠡ ᠵᠠᠯᠭᠠᠭ᠎ᠠ᠎ᠪᠠᠷ ᠦᠷᠨᠢᠭᠦᠯᠵᠦ᠍ ᠡᠬᠢᠯᠡᠪᠡ᠃