ᠴᠠᠭᠠᠨ ᠰᠠᠷ᠎ᠠ᠎ᠶ᠋ᠢᠨ ᠠᠮᠠᠷᠠᠯᠳᠠ᠎ᠶ᠋ᠢᠨ ᠲᠠᠷᠠᠭ᠎ᠠ᠂ ᠬᠠᠮᠳᠤ ᠠᠵᠢᠯᠯᠠᠬ᠍ᠰᠠᠳ᠎ᠲᠠᠭᠠᠨ 《ᠤᠳᠤ ᠦᠶ᠎ᠠ᠎ᠶ᠋ᠢᠨ ᠨᠡᠭᠡᠮᠡᠯᠴᠢᠨ ᠬᠡᠤᠭᠡᠨ》 ᠬᠡᠮᠡᠭ᠌ᠳᠡᠭ᠌ᠰᠡᠨ ᠹᠸᠡᠭ ᠶᠠᠨ ᠯᠢ ᠶᠠᠭᠠᠷᠠᠵᠦ᠍ ᠡᠬᠢᠯᠡᠪᠡ᠃ ᠱᠢᠨᠵᠢᠯᠡᠬᠦ᠌ ᠣᠬᠠᠭᠠᠨ᠎ᠤ ᠰᠤᠳᠤᠯᠭᠠᠨ᠎ᠤ ᠠᠵᠢᠯ᠎ᠠᠴᠠ᠎ᠪᠠᠨ ᠭᠠᠳᠠᠨ᠎ᠠ᠂ ᠲᠡᠷᠡ ᠪᠠᠰᠠ ᠪᠦᠭᠦ᠌ ᠤᠯᠤᠰ᠎ᠤᠨ ᠬᠤᠶᠠᠷ ᠬᠤᠷᠠᠯ᠎ᠳᠤ ᠲᠡᠪᠱᠢᠭᠦᠯᠭᠦ᠌ ᠭᠡᠵᠦ᠍ ᠪᠠᠢᠭ᠎ᠠ ᠭᠤᠷᠪᠠᠨ ᠬᠤᠪᠢ ᠰᠠᠨᠠᠭᠤᠯᠭ᠎ᠠ᠎ᠪᠠᠨ ᠲᠡᠭᠦᠯᠳᠡᠷᠵᠢᠭᠦᠯᠵᠦ᠍ ᠶᠠᠭᠠᠷᠠᠨ᠎ᠠ᠃
ᠭᠤᠷᠪᠠᠨ ᠬᠤᠪᠢ ᠰᠠᠨᠠᠭᠤᠯᠭ᠎ᠠ᠎ᠶ᠋ᠢᠨ ᠬᠢᠨᠢ ᠲᠤᠳᠤᠷ᠎ᠠ᠂ ᠨᠢᠭᠡ ᠬᠤᠪᠢ ᠰᠠᠨᠠᠭᠤᠯᠭ᠎ᠠ᠎ᠨᠢ ᠲᠡᠭᠦᠨ᠎ᠤ ᠤᠳᠠᠭᠠᠨ ᠵᠢᠯ᠎ᠤᠨ ᠰᠤᠳᠤᠯᠭᠠᠨᠲᠠᠢᠨᠢ ᠬᠤᠯᠪᠤᠭ᠎ᠠ᠎ᠲᠠᠢ᠂ ᠲᠡᠷᠡ ᠤᠯᠤᠰ᠎ᠠᠴᠠ ᠦᠨᠳᠤᠷ ᠴᠢᠳᠠᠪᠭᠢᠳᠤ ᠹᠠᠨᠭ᠌ ᠯᠦᠨᠤ ᠠᠵᠢᠯ ᠲᠦᠷᠦᠯ᠎ᠤᠨ ᠬᠦᠭ᠌ᠵᠢᠯᠳᠠ᠎ᠶ᠋ᠢ ᠲᠡᠮᠵᠢᠭᠦ᠌ ᠡᠷᠴᠢᠮ᠎ᠢ ᠴᠢᠩᠭᠠᠷᠠᠭᠤᠯᠬᠤ ᠲᠤᠬᠠᠢ ᠰᠠᠨᠠᠭᠤᠯᠭ᠎ᠠ ᠲᠤᠷᠠᠳᠭᠤᠪᠠᠷ ᠪᠡᠯᠡᠳᠭᠡᠵᠦ᠍᠂ ᠨᠦᠭᠦᠭᠡ ᠬᠤᠶᠠᠷ ᠬᠤᠪᠢ ᠰᠠᠨᠠᠭᠤᠯᠭ᠎ᠠ᠎ᠨᠢ ᠴᠦᠮ ᠤᠯᠠᠨ ᠲᠦᠮᠡᠨ᠎ᠤ ᠠᠮᠢᠳᠤᠷᠠᠯ᠎ᠲᠠᠢ ᠬᠤᠯᠪᠤᠭ᠎ᠠ᠎ᠲᠠᠢ᠃ 《ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ᠎ᠪᠠᠷ ᠰᠤᠩᠭᠤᠬ᠍ᠳᠠᠬ᠍ᠰᠠᠨ ᠠᠩᠬᠠᠨ᠎ᠤ ᠵᠢᠯ᠎ᠳᠡᠭᠡᠨ ᠪᠢ ᠦᠪᠡᠷ᠎ᠤᠨ ᠲᠤᠰᠭᠠᠢ ᠮᠡᠷᠭᠡᠵᠢᠯ᠎ᠤᠨ ᠬᠦᠷᠢᠶᠠᠲᠠᠢᠪᠠᠨ ᠬᠤᠯᠪᠤᠬ᠍ᠳᠠᠭᠤᠯᠵᠦ᠍ ᠭᠤᠤᠯ ᠰᠠᠨᠠᠭᠤᠯᠭ᠎ᠠ᠎ᠪᠠᠨ ᠲᠤᠷᠠᠳᠪᠠ᠃ ᠤᠳᠤ ᠪᠢ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠨᠡᠩ ᠬᠠᠯᠠᠮᠵᠢᠯᠠᠬᠤ ᠪᠤᠯᠪᠠ》 ᠭᠡᠵᠦ᠍ ᠹᠸᠡᠭ ᠶᠠᠨ ᠯᠢ ᠬᠡᠯᠡᠨ᠎ᠠ᠃ ᠲᠡᠷᠡ ᠪᠠᠰᠠ ᠡᠨᠡ ᠪᠤᠯ ᠠᠷᠠᠳ᠎ᠤᠨ ᠲᠦᠯᠦᠭᠡᠯᠡᠭ᠌ᠴᠢ ᠪᠤᠯᠤᠬ᠍ᠰᠠᠨ ᠲᠡᠭᠦᠨ᠎ᠤ ᠡᠭᠦᠷᠭᠡ ᠬᠠᠷᠢᠭᠤᠴᠠᠯᠭ᠎ᠠ ᠪᠣᠯᠣᠨ᠎ᠠ ᠭᠡᠵᠦ᠍ ᠶᠠᠷᠢᠵᠦ᠍ ᠪᠠᠢᠯ᠎ᠠ᠃
ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢᠨ ᠲᠦᠯᠦᠭᠡᠯᠡᠭ᠌ᠴᠢ᠎ᠶ᠋ᠢᠨ ᠪᠤᠯᠪᠠᠰᠤᠷᠠᠯ᠎ᠳᠤ ᠤᠷᠤᠯᠴᠠᠬᠤ ᠦᠶ᠎ᠠ᠎ᠶ᠋ᠢᠨ 《ᠲᠢᠶᠠᠨ ᠠᠨ ᠮᠧᠨ ᠲᠠᠯᠠᠪᠠᠢ ᠲᠡᠭᠡᠷ᠎ᠠ ᠵᠤᠬ᠍ᠰᠤᠵᠦ᠍ ᠠᠰᠠᠭᠤᠳᠠᠯ᠎ᠢ ᠱᠢᠨᠵᠢᠵᠦ᠍᠂ ᠲᠠᠷᠢᠶᠠᠨ ᠱᠠᠩ᠎ᠤᠨ ᠲᠡᠷᠭᠡᠳᠡ᠎ᠠᠴᠠ ᠲᠦᠷᠦᠭ᠌ᠳᠡᠯ᠎ᠢᠶᠠᠨ ᠡᠷᠢᠨ᠎ᠠ》 ᠭᠡᠳᠡᠭ ᠦᠭᠡ ᠹᠸᠡᠭ ᠶᠠᠨ ᠯᠢᠳᠤ ᠮᠠᠰᠢ ᠬᠦᠨ ᠰᠠᠭᠤᠬ᠍ᠳᠠᠯ ᠦᠯᠡᠳᠡᠭᠡᠪᠡ᠃ 《ᠡᠨᠡ ᠪᠤᠯ ᠦᠨᠳᠦᠰᠦᠨ ᠱᠠᠳᠤᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ᠎ᠳᠤ ᠲᠠᠯᠪᠢᠬ᠍ᠰᠠᠨ ᠬᠠᠮᠤᠭ᠎ᠤᠨ ᠲᠦᠷᠰᠦᠯᠢᠭ ᠱᠠᠭᠠᠷᠳᠠᠯᠭ᠎ᠠ ᠪᠣᠯᠣᠨ᠎ᠠ᠂ ᠨᠠᠮ᠎ᠤᠨ ᠲᠦᠪ ᠬᠤᠷᠢᠶ᠎ᠠ᠎ᠲᠠᠢ ᠴᠠᠭ ᠢᠮᠠᠬ᠍ᠳᠠ ᠨᠢᠭᠡᠳᠦᠯᠳᠡᠢ ᠪᠠᠢᠵᠦ᠍᠂ ᠲᠠᠰᠤᠷᠠᠯᠳᠠ ᠦᠭᠡᠢ ᠦᠨᠳᠦᠰᠦᠨ ᠱᠠᠳᠤᠨ᠎ᠳᠤ ᠬᠦᠨᠵᠡᠭᠡᠢᠷᠡᠨ᠂ ᠤᠯᠠᠨ ᠲᠦᠮᠡᠨ᠎ᠲᠠᠢ ᠤᠢ᠍ᠢᠷᠠᠳᠴᠦ᠍᠂ ᠤᠯᠠᠨ ᠲᠦᠮᠡᠨ᠎ᠤ ᠬᠦᠰᠡᠯ ᠰᠠᠨᠠᠯ᠎ᠢ ᠤᠢ᠍ᠢᠯᠠᠭᠠᠨ᠎ᠠ》 ᠭᠡᠵᠦ᠍ ᠲᠡᠷᠡ ᠬᠡᠯᠡᠨ᠎ᠠ᠃
ᠡᠳᠦᠷ ᠲᠤᠳᠤᠮ᠎ᠤᠨ ᠠᠵᠢᠯ ᠲᠤᠮᠳᠠ᠎ᠪᠠᠨ᠂ ᠱᠢᠨᠵᠢᠯᠡᠬᠦ᠌ ᠣᠬᠠᠭᠠᠨ᠎ᠤ ᠰᠤᠳᠤᠯᠭᠠᠨ᠎ᠤ ᠠᠵᠢᠯ᠎ᠠᠴᠠ᠎ᠪᠠᠨ ᠭᠠᠳᠠᠨ᠎ᠠ᠂ ᠹᠸᠡᠭ ᠶᠠᠨ ᠯᠢ ᠪᠠᠰᠠ ᠦᠢᠯᠡᠳᠪᠤᠷᠢᠯᠡᠯ᠎ᠤᠨ ᠨᠢᠭᠡᠳᠦᠭᠡᠷ ᠹᠷᠤᠨᠲ᠎ᠲᠤ ᠬᠦᠨᠵᠡᠭᠡᠢᠷᠡᠭᠦ᠌ ᠲᠤᠬᠢᠶᠠᠯ᠎ᠢᠶᠠᠨ ᠠᠱᠢᠬ᠍ᠯᠠᠵᠦ᠍᠂ ᠪᠠᠢᠭᠤᠯᠭ᠎ᠠ᠎ᠶ᠋ᠢᠨ᠎ᠢᠶᠠᠨ ᠡᠯ᠎ᠠ ᠬᠡᠯᠳᠡᠰ᠎ᠤᠨ ᠦᠨᠳᠤᠰᠤᠨ ᠱᠠᠳᠤᠨ᠎ᠤ ᠠᠵᠢᠯᠳᠠᠳ᠎ᠤᠨ ᠪᠠᠢᠳᠠᠯ᠎ᠢ ᠤᠢ᠍ᠢᠯᠠᠭᠠᠵᠦ᠍᠂ ᠲᠤᠳᠤᠷ᠎ᠠ᠎ᠠᠴᠠ᠎ᠨᠢ ᠲᠤᠬᠢᠷᠠᠮᠵᠢᠳᠠᠢ ᠰᠡᠳᠦᠪ᠎ᠢ᠎ᠨᠢ ᠰᠤᠩᠭᠤᠵᠦ᠍ ᠦᠪᠡᠷ᠎ᠤᠨ᠎ᠢᠶᠠᠨ ᠰᠠᠨᠠᠭᠤᠯᠭ᠎ᠠ ᠪᠤᠯᠭᠠᠳᠠᠬ᠃
ᠦᠡᠭ᠌ᠭᠡᠷᠡᠭ᠌ᠰᠡᠨ ᠨᠢᠭᠡ ᠵᠢᠯ᠎ᠳᠤ᠂ ᠹᠸᠡᠭ ᠶᠠᠨ ᠯᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢᠨ ᠵᠤᠬᠢᠶᠠᠨ ᠪᠠᠢᠭᠤᠯᠤᠬ᠍ᠰᠠᠨ ᠲᠤᠰᠭᠠᠢ ᠰᠡᠳᠦᠪ᠎ᠢᠶᠠᠷ ᠪᠠᠢᠴᠠᠭᠠᠨ ᠰᠤᠳᠤᠯᠬᠤ ᠠᠵᠢᠯᠯᠠᠭ᠎ᠠ᠎ᠳᠤ ᠤᠷᠤᠯᠴᠠᠵᠦ᠍᠂ ᠬᠦᠯᠦᠨ ᠪᠤᠢᠷ᠂ ᠬᠢᠨᠭ᠌ᠭᠠᠨ᠂ ᠲᠦᠡᠭ᠌ᠯᠢᠶᠤᠤ᠂ ᠤᠯᠠᠭᠠᠨᠬᠠᠳᠠ ᠵᠡᠷᠭᠡ ᠠᠢᠮᠠᠬ ᠬᠤᠳᠠ᠎ᠳᠤ ᠬᠦᠷᠴᠦ᠍᠂ ᠬᠠᠮᠢᠶ᠎ᠠ ᠪᠦᠭᠦᠢ ᠭᠠᠵᠠᠷ ᠤᠷᠤᠨ᠎ᠤ ᠨᠤᠳᠤᠬ ᠪᠡᠯᠴᠢᠭᠡᠷ᠎ᠤᠨ ᠠᠮᠢ ᠠᠬᠤᠢ᠎ᠶ᠋ᠢ ᠬᠠᠮᠠᠭᠠᠯᠠᠬᠤ ᠨᠦᠭᠦᠪᠦᠷᠢ ᠦᠭ᠌ᠴᠦ ᠱᠠᠩᠨᠠᠬᠤ ᠲᠦᠷᠦ᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠂ ᠦᠪᠡᠷᠳᠡᠭᠡᠨ ᠵᠠᠰᠠᠬᠤ ᠤᠷᠤᠨ᠎ᠤ ᠪᠤᠬᠢᠷᠳᠤᠯ ᠦᠭᠡᠢ ᠲᠠᠷᠢᠶᠠᠯᠠᠩ᠎ᠤᠨ ᠪᠦᠲᠦᠭᠡᠭ᠌ᠳᠡᠭᠦᠨ ᠮᠠᠯ᠎ᠤᠨ ᠠᠱᠢᠭ ᠱᠢᠮ᠎ᠠ᠎ᠶ᠋ᠢᠨ ᠬᠠᠨᠭ᠌ᠭᠠᠯᠭ᠎ᠠ᠎ᠶ᠋ᠢ ᠠᠬᠢᠭᠤᠯᠬᠤ ᠲᠠᠪᠠᠭᠤᠯᠢᠭ ᠵᠢᠴᠢ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠳᠤᠯᠠᠵᠣ ᠪᠠᠢᠭ᠎ᠠ ᠪᠠᠢᠳᠠᠯ᠎ᠢ ᠤᠢ᠍ᠢᠯᠠᠭᠠᠪᠠ᠃
ᠬᠠᠮᠳᠤ᠎ᠳᠤᠨᠢ᠂ ᠲᠡᠷᠡ ᠪᠠᠰᠠ ᠬᠦᠬᠡᠬᠤᠳᠠ᠎ᠶ᠋ᠢᠨ ᠶᠡᠭᠡ ᠰᠤᠷᠭᠠᠭᠤᠯᠢ ᠵᠡᠭᠦᠨ ᠵᠠᠮ᠎ᠤᠨ ᠨᠡᠢᠭᠡᠮ ᠲᠤᠭᠤᠷᠢᠭ᠎ᠤᠨ ᠠᠷᠠᠳ᠎ᠤᠨ ᠲᠦᠯᠦᠭᠡᠯᠡᠭ᠌ᠴᠢ᠎ᠶ᠋ᠢᠨ ᠭᠡᠷ᠎ᠤᠨ ᠠᠵᠢᠯᠯᠠᠭ᠎ᠠ᠎ᠳᠤ ᠤᠷᠤᠯᠴᠠᠵᠦ᠍᠂ ᠨᠡᠢᠭᠡᠮ ᠲᠤᠭᠤᠷᠢᠭ᠎ᠢᠶᠠᠷ ᠬᠦᠨᠵᠡᠭᠡᠢᠷᠡᠨ ᠤᠯᠠᠨ ᠲᠦᠮᠡᠨ᠎ᠤ ᠪᠤᠭᠢᠨᠢᠳᠤᠯ᠂ ᠲᠦᠪᠡᠭ᠌ᠳᠡᠯ ᠪᠠ ᠬᠦᠴᠢᠷᠳᠠᠯ᠎ᠢ ᠤᠢ᠍ᠢᠯᠠᠭᠠᠬᠤ᠎ᠶ᠋ᠢᠨ ᠬᠠᠮᠳᠤ᠂ ᠠᠢᠯ ᠡᠷᠦᠭᠡ ᠪᠤᠯᠭᠠᠨ᠎ᠲᠠᠢ ᠬᠤᠯᠪᠤᠬ᠍ᠳᠠᠬᠤ ᠠᠳᠠᠯ ᠠᠬᠤᠢ ᠪᠠ ᠲᠤᠯᠠᠭᠠᠯᠠᠭ᠎ᠠ᠎ᠶ᠋ᠢᠨ ᠰᠦᠢᠳᠭᠡᠯ᠎ᠤᠨ ᠠᠰᠠᠭᠤᠳᠠᠯ᠎ᠢ ᠱᠢᠢᠳᠪᠤᠷᠢᠯᠡᠭᠦᠪᠠᠷ ᠴᠢᠷᠮᠠᠢᠪᠠ᠃
ᠶᠠᠭ ᠡᠢᠮᠦᠷᠭᠦᠤ ᠤᠯᠠᠨ ᠲᠦᠮᠡᠨ᠎ᠲᠠᠢ ᠤᠢ᠍ᠢᠷᠠᠳᠭᠤ ᠲᠤᠬᠢᠶᠠᠯ᠎ᠢᠶᠠᠨ ᠠᠱᠢᠬ᠍ᠯᠠᠨ᠂ ᠹᠸᠡᠭ ᠶᠠᠨ ᠯᠢ ᠡᠨᠡ ᠵᠢᠯ᠎ᠤᠨ ᠪᠦᠭᠦ᠌ ᠤᠯᠤᠰ᠎ᠤᠨ ᠬᠤᠶᠠᠷ ᠬᠤᠷᠠᠯ᠎ᠳᠤ ᠲᠡᠪᠱᠢᠭᠦᠯᠭᠦ᠌ ᠭᠤᠤᠯ ᠰᠠᠨᠠᠭᠤᠯᠭ᠎ᠠ᠎ᠪᠠᠨ ᠲᠤᠬ᠍ᠳᠠᠭᠠᠪᠠ᠃ ᠲᠡᠷᠡ᠂ ᠲᠦᠪ᠎ᠤᠨ ᠵᠤᠬᠢᠶᠠᠨ ᠪᠠᠢᠭᠤᠯᠬᠤ ᠬᠡᠯᠳᠡᠰ᠂ ᠬᠦᠮᠦᠨ᠎ᠤ ᠬᠦᠴᠤᠨ᠎ᠤ ᠡᠭᠢ ᠪᠠᠶᠠᠯᠢᠭ ᠪᠠ ᠨᠡᠢᠭᠡᠮ᠎ᠤᠨ ᠪᠠᠳᠤᠯᠠᠭ᠎ᠠ᠎ᠶ᠋ᠢᠨ ᠶᠠᠮᠤᠨ᠎ᠠᠴᠠ ᠪᠢᠴᠢᠡ ᠮᠠᠲ᠋ᠧᠷᠢᠶᠠᠯ ᠪᠠᠭᠤᠯᠭᠠᠵᠣ᠂ ᠨᠠᠮ ᠵᠠᠰᠠᠬ᠎ᠤᠨ ᠪᠠᠢᠭᠤᠯᠭ᠎ᠠ᠂ ᠠᠷᠠᠳ᠎ᠤᠨ ᠪᠦᠯᠭᠦᠮ᠎ᠤᠨ ᠭᠠᠵᠠᠷ᠎ᠤᠨ ᠲᠡᠰ᠎ᠤᠨ ᠡᠮᠡᠭ᠌ᠳᠡᠢ ᠺᠠᠳ᠋ᠷ ᠪᠠ ᠲᠡᠭᠡᠳᠤ ᠳᠡᠰ᠎ᠤᠨ ᠮᠡᠷᠭᠡᠵᠢᠯ᠎ᠤᠨ ᠴᠤᠯᠠᠲᠠᠢ ᠡᠮᠡᠭ᠌ᠳᠡᠢ ᠲᠤᠰᠭᠠᠢ ᠮᠡᠷᠭᠡᠵᠢᠯ᠎ᠤᠨ ᠠᠵᠢᠯᠳᠠᠨ 60 ᠪᠦᠭᠦᠯᠢ ᠨᠠᠰᠤ ᠬᠦᠷᠪᠡᠯ ᠠᠵᠢᠯ᠎ᠠᠴᠠ᠎ᠪᠠᠨ ᠠᠮᠠᠷᠠᠵᠦ᠍ ᠪᠤᠯᠤᠨ᠎ᠠ ᠭᠡᠵᠤ ᠲᠤᠳᠤᠷᠬᠠᠢᠯᠠᠪᠠ᠂ ᠭᠡᠪᠡᠴᠤ᠌ ᠠᠵᠦ᠍ ᠠᠬᠤᠢ᠍ᠢᠯᠠᠯ ᠡᠭᠦᠪᠡᠷ ᠯᠠᠪᠯᠠᠯᠳᠠ ᠪᠤᠯᠭᠠᠨ ᠬᠡᠷᠡᠭ᠌ᠵᠢᠭᠦᠯᠵᠦ᠍ ᠪᠤᠯᠬᠤ ᠡᠰᠡᠭᠦ᠎ᠶ᠋ᠢ ᠪᠢᠴᠢᠡ ᠮᠠᠲ᠋ᠧᠷᠢᠶᠠᠯ᠎ᠳᠤ ᠲᠤᠳᠤᠷᠬᠠᠢᠯᠠᠬ᠍ᠰᠠᠨ ᠦᠭᠡᠢ ᠭᠡᠵᠦ᠍ ᠬᠡᠯᠡᠨ᠎ᠡ᠃ ᠡᠢᠮᠦ᠎ᠠᠴᠠ ᠲᠡᠷᠡ ᠤᠯᠤᠰ᠎ᠠᠴᠠ ᠡᠨᠡ ᠲᠤᠬᠠᠢ ᠲᠤᠳᠤᠷᠬᠠᠢ ᠳᠣᠭ᠍ᠳᠠᠭᠠᠯ ᠭᠠᠷᠭᠠᠵᠣ᠂ ᠠᠵᠦ᠍ ᠠᠬᠤᠢ᠍ᠢᠯᠠᠯ ᠴᠦ᠍ ᠡᠭᠦᠨ᠎ᠢᠶᠠᠷ ᠯᠠᠪᠯᠠᠯᠳᠠ ᠪᠤᠯᠭᠠᠨ ᠬᠡᠷᠡᠭ᠌ᠵᠢᠭᠦᠯᠭᠦᠶ᠋ᠢ ᠬᠦᠰᠡᠭ᠌ᠰᠡᠨ ᠰᠠᠨᠠᠭᠤᠯᠭ᠎ᠠ ᠲᠡᠪᠱᠢᠭᠦᠯᠭᠦ᠎ᠪᠠᠷ ᠪᠡᠯᠡᠳᠭᠡᠵᠦ᠍ ᠪᠠᠢᠨ᠎ᠠ᠃
《ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ ᠪᠤᠯᠤᠬ᠍ᠰᠠᠨ᠎ᠤ ᠬᠤᠪᠢ᠎ᠳᠤ᠂ ᠪᠢ ᠲᠡᠷᠭᠡᠳᠡᠭᠢ ᠤᠯᠠᠨ ᠲᠦᠮᠡᠨ᠎ᠤ᠎ᠪᠠᠨ ᠲᠤᠯᠭᠠᠷᠠᠵᠦ᠍ ᠪᠠᠢᠭ᠎ᠠ ᠬᠦᠴᠢᠷᠳᠠᠯ᠎ᠲᠠᠢ ᠠᠰᠠᠭᠤᠳᠠᠯ᠎ᠢ ᠴᠠᠬ ᠢᠮᠠᠬ᠍ᠳᠠ ᠠᠩᠬᠠᠷᠤᠨ ᠬᠠᠯᠠᠮᠵᠢᠯᠠᠨ᠎ᠠ᠃ ᠠᠷᠠᠳ ᠲᠦᠮᠡᠨ᠎ᠠᠴᠠ ᠨᠠᠳᠠ ᠠᠷᠠᠳ᠎ᠤᠨ ᠲᠦᠯᠦᠭᠡᠯᠡᠭ᠌ᠴᠢ᠎ᠶ᠋ᠢᠨ ᠡᠷᠭᠢᠮ ᠲᠡᠭᠡᠳᠤ ᠡᠭᠦᠷᠭᠡ ᠬᠠᠷᠢᠭᠤᠴᠠᠯᠭ᠎ᠠ᠎ᠶ᠋ᠢ ᠤᠯᠭᠤᠵᠠᠢ᠂ ᠪᠢ ᠤᠯᠠᠨ ᠲᠦᠮᠡᠨ᠎ᠤ ᠬᠦᠰᠡᠯ ᠰᠠᠨᠠᠯ᠎ᠢ ᠨᠠᠮ ᠪᠠ ᠵᠠᠰᠠᠬ᠎ᠤᠨ ᠤᠷᠳᠤᠨ᠎ᠳᠤ ᠲᠠᠮᠵᠢᠭᠤᠯᠤᠨ᠎ᠠ》 ᠭᠡᠵᠦ᠍ ᠹᠸᠡᠭ ᠶᠠᠨ ᠯᠢ ᠬᠡᠯᠡᠨ᠎ᠠ᠃