ᠳ᠋ᠦ᠋ ᠮᠢᠩ ᠶᠠᠨ ᠬᠡᠱᠢᠬᠦᠨ᠄ ᠲᠦᠯᠦᠪᠯᠡᠭᠡᠲᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ᠎ᠶ᠋ᠢ ᠬᠠᠢᠷᠠᠯᠠᠨ ᠬᠠᠯᠠᠮᠵᠢᠯᠠᠨ᠎ᠠ
2021-02-24 11:44:22
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠮᠠᠨ᠎ᠤ ᠤᠷᠤᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ᠂ ᠵᠠᠯᠠᠨ ᠠᠢᠯ ᠬᠤᠲᠠ᠎ᠶ᠋ᠢᠨ ᠳᠡᠳ᠋ ᠳᠠᠷᠤᠭ᠎ᠠ ᠳ᠋ᠦ᠋ ᠮᠢᠩ ᠶᠠᠨ ᠨᠢᠳᠤᠨᠤᠨ ᠲᠦᠯᠦᠪᠯᠡᠭᠡᠲᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ᠎ᠶ᠋ᠢᠨ ᠭᠤᠷᠪᠠᠳᠤᠭᠠᠷ ᠦᠶ᠎ᠡ᠎ᠶ᠋ᠢᠨ ᠦᠷ᠎ᠡ ᠬᠡᠥᠭᠡᠳ᠎ᠢ ᠠᠰᠠᠷᠠᠨ ᠲᠡᠵᠢᠭᠡᠬᠦ᠌ ᠠᠰᠠᠭᠤᠳᠠᠯ᠎ᠤᠨ ᠲᠤᠬᠠᠢ ᠰᠠᠨᠠᠯ ᠳᠣᠷᠠᠳᠣᠯᠭ᠎ᠠ ᠳᠡᠪᠱᠢᠬᠦᠯᠦᠭ᠌ᠰᠡᠨ᠎ᠤ᠎ᠪᠠᠨ ᠳᠠᠷᠠᠭ᠎ᠠ᠂ ᠡᠨᠡ ᠵᠢᠯ ᠮᠦᠨ ᠯᠡ ᠲᠤᠰ ᠠᠰᠠᠭᠤᠳᠠᠯ᠎ᠤᠨ ᠲᠤᠭᠤᠷᠢᠨ᠎ᠳᠤ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠲᠦᠷᠪᠡᠳᠦᠭᠡᠷ ᠬᠤᠷᠠᠯ᠎ᠳᠤ ᠳᠡᠪᠱᠢᠬᠦᠯᠬᠦ᠌ ᠰᠠᠨᠠᠯ ᠳᠤᠷᠠᠳᠤᠯᠭ᠎ᠠ᠎ᠪᠠᠨ ᠪᠡᠯᠡᠳᠭᠡᠵᠦ᠍᠂ ᠬᠠᠮᠢᠶ᠎ᠠ ᠪᠦᠬᠦᠢ ᠲᠦᠷᠢᠮ ᠲᠤᠬ᠍ᠲᠠᠴᠠ᠎ᠶ᠋ᠢ ᠴᠢᠨᠠᠬ᠍ᠰᠢᠲᠠ ᠲᠡᠬᠦᠯᠳᠡᠷᠵᠢᠬᠦᠯᠬᠦ᠌᠎ᠳᠤ ᠬᠦᠰᠡᠯ ᠡᠪᠦᠷᠯᠡᠨ᠎ᠡ᠃

ᠦᠩᠭᠡᠷᠡᠭ᠌ᠰᠡᠨ ᠨᠢᠭᠡ ᠵᠢᠯ᠎ᠳᠤ᠂ ᠳ᠋ᠦ᠋ ᠮᠢᠩ ᠶᠠᠨ ᠨᠡᠢᠬᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠢᠳᠡᠪᠬᠢᠲᠡᠢ ᠲᠤᠰᠭᠠᠵᠦ᠍᠂ ᠪᠦᠬᠦ᠌ ᠤᠯᠤᠰ᠎ᠤᠨ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠦ᠍᠂ ᠬᠡᠱᠢᠬᠦᠳ᠎ᠤᠨ ᠰᠤᠷᠤᠯᠴᠠᠯᠭ᠎ᠠ ᠪᠤᠯᠪᠠᠰᠤᠷᠠᠯ᠂ ᠪᠠᠢᠴᠠᠭᠠᠨ ᠰᠤᠳᠤᠯᠤᠯᠲᠠ ᠵᠡᠷᠭᠡ᠎ᠳᠤ ᠢᠳᠡᠪᠬᠢᠳᠡᠢ ᠤᠷᠤᠯᠴᠠᠵᠠᠢ᠃ ᠣᠯᠣᠰ ᠲᠦᠷᠦ᠎ᠶ᠋ᠢᠨ ᠬᠡᠱᠢᠬᠦᠳ ᠦᠨᠳᠦᠰᠦᠨ ᠱᠠᠲᠦᠨ᠎ᠳᠤ ᠬᠦᠨᠵᠡᠬᠡᠢᠷᠡᠵᠦ᠍᠂ ᠤᠯᠠᠨ ᠲᠦᠮᠡᠨ᠎ᠲᠠᠢ ᠨᠢᠬ᠍ᠲᠠ ᠬᠠᠷᠢᠯᠴᠠᠵᠦ᠍ ᠤᠯᠠᠨ ᠲᠦᠮᠡᠨ᠎ᠤ ᠬᠦᠰᠡᠯ ᠰᠠᠨᠠᠯ᠎ᠢ ᠲᠤᠰᠭᠠᠵᠦ᠍ ᠴᠢᠳᠠᠪᠠᠯ ᠰᠠᠢ ᠠᠰᠠᠭᠤᠳᠠᠯ᠎ᠢ ᠤᠨᠤᠪᠴᠢᠲᠠᠢ ᠡᠷᠢᠨ ᠭᠠᠷᠭᠠᠵᠦ᠍᠂ ᠠᠷᠭᠠᠴᠠᠭᠠᠬᠤ ᠠᠷᠭ᠎ᠠ ᠪᠤᠳᠤᠯᠭ᠎ᠠ ᠰᠠᠨᠠᠭᠤᠯᠭ᠎ᠠ᠎ᠨᠢ ᠰᠠᠢ ᠵᠠᠩᠬᠢᠯᠠᠭ᠎ᠠ᠎ᠶ᠋ᠢ ᠠᠳᠭᠤᠵᠦ᠍ ᠴᠢᠳᠠᠨ᠎ᠠ ᠭᠡᠳᠡᠭ᠎ᠢ ᠲᠡᠷᠡ ᠬᠡᠳᠦᠨ ᠵᠢᠯ᠎ᠤᠨ ᠲᠤᠷᠱᠢᠬᠢ ᠲᠤᠱᠢᠶᠠᠯ᠎ᠢᠶᠠᠨ ᠬᠦᠢᠴᠡᠳᠭᠡᠭ᠌ᠰᠡᠨ ᠦᠩᠭᠡᠷᠡᠯᠲᠡ᠎ᠠᠴᠠ᠎ᠪᠠᠨ ᠬᠦᠨᠵᠡᠬᠡᠢ ᠤᠯᠵᠣ ᠳᠠᠨᠢᠵᠠᠢ᠃

《ᠨᠢᠳᠤᠨᠤᠨ ᠮᠢᠨᠦ᠍ ᠲᠡᠪᠱᠢᠬᠦᠯᠦᠭ᠌ᠰᠡᠨ ᠲᠦᠯᠦᠪᠯᠡᠭᠡᠲᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ᠎ᠶ᠋ᠢᠨ ᠭᠤᠷᠪᠠᠳᠤᠭᠠᠷ ᠦᠶ᠎ᠡ᠎ᠶ᠋ᠢᠨ ᠦᠷ᠎ᠡ ᠬᠡᠥᠭᠡᠳ᠎ᠢ ᠠᠰᠠᠷᠠᠨ ᠲᠡᠵᠢᠭᠡᠬᠦ᠌ ᠠᠰᠠᠭᠤᠳᠠᠯ᠎ᠤᠨ ᠲᠤᠬᠠᠢ ᠰᠠᠨᠠᠭᠤᠯᠭ᠎ᠠ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠴᠢᠬᠤᠯᠠᠴᠢᠯᠠᠯ᠎ᠢ ᠤᠯᠣᠭ᠍ᠰᠠᠨ᠂ ᠬᠤᠢᠱᠢᠲᠠ ᠡᠨᠡ ᠰᠠᠭᠤᠷᠢᠨ ᠳᠡᠭᠡᠷ᠎ᠡ ᠪᠠᠲᠤᠯᠠᠭ᠎ᠠ᠎ᠶ᠋ᠢᠨ ᠲᠤᠬ᠍ᠲᠠᠴᠠ᠎ᠶ᠋ᠢ ᠴᠢᠨᠠᠬ᠍ᠰᠢᠲᠠ ᠲᠡᠬᠦᠯᠳᠡᠷᠵᠢᠬᠦᠯᠵᠦ᠍᠂ ᠨᠠᠢᠳᠠᠪᠤᠷᠢᠵᠢᠭᠤᠯᠬᠤ ᠡᠷᠴᠢᠮ᠎ᠢᠶᠠᠨ ᠴᠢᠩᠭᠠᠷᠠᠭᠤᠯᠬᠤ᠎ᠶ᠋ᠢ ᠬᠦᠰᠡᠵᠦ᠍ ᠪᠠᠢᠨ᠎ᠡ》 ᠭᠡᠵᠦ᠍ ᠳ᠋ᠦ᠋ ᠮᠢᠩ ᠶᠠᠨ ᠬᠡᠯᠡᠨ᠎ᠡ᠃ ᠡᠨᠡ ᠵᠢᠯ ᠲᠡᠷᠡ ᠪᠠᠢᠴᠠᠭᠠᠨ ᠰᠤᠳᠤᠯᠬᠤ ᠭᠤᠤᠯᠳᠠᠯᠭ᠎ᠠ᠎ᠪᠠᠨ ᠮᠦᠨ ᠲᠦᠯᠦᠪᠯᠡᠭᠡᠲᠦ ᠦᠷᠡᠵᠢᠯ᠎ᠤᠨ ᠤᠨᠴᠠ ᠶᠠᠳᠠᠭᠤ ᠬᠦᠴᠢᠷᠳᠡᠯᠲᠡᠢ ᠭᠡᠷ ᠪᠦᠯᠢ᠎ᠶ᠋ᠢᠨ ᠳᠣᠬᠠᠢ ᠠᠰᠠᠭᠤᠳᠠᠯ ᠳᠡᠭᠡᠷ᠎ᠡ ᠲᠠᠯᠪᠢᠵᠠᠢ᠃

《ᠲᠦᠯᠦᠪᠯᠡᠭᠡᠲᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ ᠭᠡᠳᠡᠭ᠎ᠨᠢ ᠭᠠᠭ᠍ᠴᠠ ᠬᠡᠥᠬᠡᠳ᠎ᠨᠢ ᠦᠬᠦᠭ᠌ᠰᠡᠨ᠂ ᠠᠪᠤ ᠡᠵᠢ᠎ᠨᠢ ᠲᠠᠬᠢᠭᠠᠳ ᠬᠡᠦᠬᠡᠳ ᠠᠪᠬᠤ ᠦᠭᠡᠢ᠂ ᠳᠠᠬᠢᠭᠠᠳ ᠬᠡᠦᠬᠡᠳ ᠠᠪᠴᠣ ᠳᠡᠢᠯᠬᠦ᠌ ᠦᠬᠡᠢ ᠪᠠ ᠦᠷ᠎ᠡ ᠬᠡᠥᠬᠡᠳ ᠠᠷᠠᠴᠢᠯᠠᠨ ᠲᠡᠵᠢᠭᠡᠬᠦ᠌ ᠲᠤᠷ᠎ᠠ ᠦᠬᠡᠢ ᠭᠡᠷ ᠪᠦᠯᠢ᠎ᠶ᠋ᠢ ᠵᠢᠭᠠᠵᠣ ᠪᠣᠢ᠃ ᠵᠠᠯᠠᠨ ᠠᠢᠯ ᠬᠤᠲᠠ᠎ᠪᠠᠷ ᠠᠪᠴᠦ᠍ ᠬᠡᠯᠡᠬᠦ᠌᠎ᠳᠤ᠂ ᠤᠳᠤ ᠲᠦᠯᠦᠪᠯᠡᠭᠡᠳᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ 207 ᠡᠷᠦᠭᠡ 295 ᠬᠦᠮᠦᠨ ᠪᠠᠢᠵᠦ᠍᠂ ᠠᠪᠤᠷᠠᠨ ᠲᠤᠰᠠᠯᠠᠬᠤ ᠪᠠᠷᠢᠮᠵᠢᠶ᠎ᠠ᠎ᠶ᠋ᠢ ᠦᠨᠳᠦᠰᠦᠯᠡᠵᠦ᠍ ᠵᠢᠯ ᠪᠦᠷᠢ ᠠᠪᠤᠷᠠᠨ ᠲᠤᠰᠠᠯᠠᠬᠤ ᠨᠦᠬᠦᠪᠦᠷᠢ ᠲᠠᠷᠬᠠᠭᠠᠵᠦ᠍ ᠪᠤᠢ᠃ ᠲᠦᠯᠦᠪᠯᠡᠭᠡᠳᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ᠎ᠳᠤ᠂ ᠭᠠᠭ᠍ᠴᠠ ᠬᠡᠥᠬᠡᠳ᠎ᠢᠶᠠᠨ ᠠᠯᠳᠠᠬ᠍ᠰᠠᠳ ᠦᠷ᠎ᠡ ᠬᠡᠥᠭᠡᠳ᠎ᠢᠶᠠᠨ ᠠᠯᠳᠠᠬ᠍ᠰᠠᠨ ᠭᠤᠨᠢᠭ ᠵᠤᠪᠠᠯᠠᠩ᠎ᠢ ᠬᠦᠯᠢᠴᠡᠨ ᠲᠠᠭᠠᠭᠠᠬᠤ ᠪᠦᠭᠡᠳ ᠭᠤᠷᠪᠠᠳᠤᠭᠠᠷ ᠦᠶ᠎ᠡ᠎ᠪᠠᠨ ᠬᠠᠷᠠᠭᠠᠯᠵᠠᠬᠤ ᠬᠦᠨᠳᠦ ᠡᠬᠦᠷᠭᠡ᠎ᠶ᠋ᠢ ᠡᠬᠦᠷᠭᠡᠯᠡᠵᠦ᠍ ᠪᠠᠢᠳᠠᠭ᠃ ᠡᠬᠦᠨ᠎ᠳᠤ ᠲᠦᠯᠦᠪᠯᠡᠭᠡᠳᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ᠎ᠶ᠋ᠢᠨ ᠭᠤᠷᠪᠠᠳᠤᠭᠠᠷ ᠦᠶ᠎ᠡ᠎ᠶ᠋ᠢᠨ᠎ᠬᠢᠨ᠎ᠤ ᠬᠤᠵᠢᠮ ᠢᠷᠡᠭᠡᠳᠦᠢ᠎ᠨᠢ ᠮᠦᠨ ᠬᠦᠮᠦᠰ᠎ᠢ ᠰᠠᠨᠠᠭᠠᠱᠢᠷᠠᠭᠤᠯᠣᠨ᠎ᠠ》 ᠭᠡᠵᠦ᠍ ᠳ᠋ᠦ᠋ ᠮᠢᠩ ᠶᠡᠨ ᠬᠡᠯᠡᠨ᠎ᠡ᠃

ᠠᠰᠠᠭᠤᠳᠠᠯ ᠠᠪᠣᠨ ᠳᠣᠣᠷ᠎ᠠ᠎ᠪᠠᠨ ᠱᠢᠢᠳᠪᠦᠷᠢᠯᠡᠭ᠌ᠳᠡᠴᠢᠭᠡᠬᠦ᠌ ᠪᠢᠰᠢ᠃ ᠳ᠋ᠦ᠋ ᠮᠢᠩ ᠶᠠᠨ᠎ᠤ ᠦᠵᠡᠬᠦ᠌᠎ᠪᠠᠷ᠂ ᠲᠦᠯᠦᠪᠯᠡᠭᠡᠳᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ ᠠᠵᠦ᠍ ᠠᠬᠤᠢ ᠪᠤᠯᠤᠨ ᠤᠶᠤᠨ ᠰᠠᠨᠠᠭᠠᠨ᠎ᠤ ᠲᠠᠯ᠎ᠠ᠎ᠶ᠋ᠢᠨ ᠲᠦᠱᠢᠭ ᠲᠤᠯᠭᠠᠭᠤᠷᠢ᠎ᠪᠠᠨ ᠠᠯᠳᠠᠬ᠍ᠰᠠᠨ ᠲᠤᠯᠠ ᠵᠠᠰᠠᠭ᠎ᠤᠨ ᠤᠷᠲᠦᠨ᠎ᠠᠴᠠ ᠠᠪᠤᠷᠠᠨ ᠲᠤᠰᠠᠯᠠᠬᠤ᠎ᠶ᠋ᠢ ᠱᠠᠭᠠᠷᠳᠠᠬᠤ ᠮᠦᠷᠲᠡᠭᠡᠨ ᠪᠦᠬᠦ᠌ ᠨᠡᠢᠬᠡᠮ᠎ᠤᠨ ᠬᠠᠯᠠᠮᠵᠢᠯᠠᠯ ᠳᠡᠮᠵᠢᠯᠬᠡ᠎ᠶ᠋ᠢ ᠴᠦ᠍ ᠲᠤᠯᠭᠠᠮ ᠱᠠᠭᠠᠷᠳᠠᠨ᠎ᠠ᠃

ᠳ᠋ᠦ᠋ ᠮᠢᠩ ᠶᠠᠨ ᠠᠵᠢᠯ᠎ᠤᠨ ᠰᠡᠯᠡᠬᠦᠦ ᠴᠠᠭ᠎ᠢᠶᠠᠷ᠎ᠢᠶᠠᠨ ᠲᠦᠯᠦᠪᠯᠡᠭᠡᠳᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ᠎ᠶ᠋ᠢᠨ ᠭᠤᠷᠪᠠᠳᠤᠭᠠᠷ ᠦᠶ᠎ᠡ᠎ᠶ᠋ᠢᠨ ᠦᠷ᠎ᠡ ᠬᠡᠥᠬᠡᠳ᠎ᠢ ᠠᠰᠠᠷᠠᠨ ᠲᠡᠵᠢᠭᠡᠬᠦ᠌ ᠠᠰᠠᠭᠤᠳᠠᠯ᠎ᠤᠨ ᠲᠤᠬᠠᠢ ᠰᠠᠨᠠᠯ ᠳᠤᠷᠠᠳᠤᠯᠭ᠎ᠠ᠎ᠳᠠᠭᠠᠨ ᠵᠠᠰᠠᠪᠤᠷᠢ ᠤᠷᠤᠭᠤᠯᠵᠦ᠍ ᠶᠠᠭᠠᠷᠠᠨ᠎ᠠ᠃ ᠲᠡᠷᠡ ᠡᠨᠡ ᠵᠢᠯ᠎ᠤᠨ ᠬᠤᠷᠠᠯ ᠳᠡᠭᠡᠷ᠎ᠡ᠂ ᠡᠯ᠎ᠡ ᠱᠠᠲᠦᠨ᠎ᠤ ᠬᠠᠮᠢᠶ᠎ᠠ ᠪᠦᠬᠦᠢ ᠨᠢᠭᠡᠴᠢ ᠲᠦᠯᠦᠪᠯᠡᠭᠡᠲᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ᠎ᠶ᠋ᠢᠨ ᠭᠤᠷᠪᠠᠳᠤᠭᠠᠷ ᠦᠶ ᠎ᠡ᠎ᠶ᠋ᠢᠨ᠎ᠬᠢᠨ᠎ᠯᠦᠭᠡ ᠬᠠᠪᠰᠤᠷᠤᠯᠴᠠᠭ᠎ᠠ ᠪᠠᠢᠭᠤᠯᠵᠦ᠍᠂ ᠠᠮᠢᠳᠤᠷᠠᠯ᠎ᠤᠨ ᠲᠠᠯ᠎ᠠ᠎ᠪᠠᠷ ᠵᠠᠷᠤᠳᠠᠯ ᠨᠦᠬᠦᠪᠦᠷᠢ ᠤᠯᠭᠤᠬᠤ᠎ᠶ᠋ᠢᠨ ᠬᠠᠮᠳᠦ᠂ ᠬᠠᠢᠷ᠎ᠠ ᠰᠡᠳᠭᠢᠯᠭᠡ᠎ᠶ᠋ᠢᠨ ᠬᠠᠯᠠᠮᠵᠢᠯᠠᠯ᠂ ᠲᠠᠰᠭᠠᠯ ᠳᠠᠭᠠᠭᠠᠯᠭᠠᠪᠤᠷᠢ᠎ᠶ᠋ᠢᠨ ᠵᠢᠯᠤᠭᠤᠳᠤᠯᠭ᠎ᠠ ᠪᠤᠯᠤᠨ ᠠᠵᠢᠯ ᠤᠯᠭᠤᠯᠲᠠ᠎ᠶ᠋ᠢᠨ ᠲᠠᠯ᠎ᠠ᠎ᠪᠠᠷ᠎ᠬᠢ ᠳᠡᠮᠵᠢᠯᠭᠡ ᠬᠠᠩᠭᠠᠬᠤ ᠲᠤᠬᠠᠢ; ᠲᠦᠯᠦᠪᠯᠡᠭᠡᠳᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ᠎ᠳᠤ ᠦᠢᠯᠡᠴᠢᠯᠡᠭᠡ ᠬᠠᠩᠭᠠᠬᠤ ᠨᠡᠢᠬᠡᠮ᠎ᠤᠨ ᠵᠤᠬᠢᠶᠠᠨ ᠪᠠᠢᠭᠤᠯᠤᠯᠲᠠ᠎ᠶ᠋ᠢ ᠬᠦᠮᠦᠵᠢᠬᠦᠯᠵᠦ᠍᠂ ᠰᠡᠳᠭᠢᠴᠡ᠎ᠶ᠋ᠢᠨ ᠯᠠᠪᠯᠠᠭ᠎ᠠ ᠬᠠᠩᠭᠠᠬᠤ ᠨᠡᠢᠲᠡ᠎ᠶ᠋ᠢᠨ ᠠᠰᠠᠷᠠᠮᠵᠢ᠎ᠶ᠋ᠢᠨ ᠠᠵᠢᠯ᠎ᠤᠨ ᠪᠠᠢᠷᠢ ᠭᠠᠷᠭᠠᠵᠦ᠍᠂ ᠨᠢᠭᠡ ᠨᠢᠭᠡ᠎ᠪᠠᠷ ᠰᠡᠳᠭᠢᠴᠡ᠎ᠶ᠋ᠢᠨ ᠵᠢᠯᠤᠭᠤᠳᠤᠯᠭ᠎ᠠ ᠪᠤᠯᠤᠨ ᠠᠮᠢᠳᠤᠷᠠᠯ᠎ᠤᠨ ᠳᠡᠮᠵᠢᠯᠭᠡ ᠬᠠᠩᠭᠠᠬᠤ ᠲᠤᠬᠠᠢ; ᠤᠮᠪᠤᠯᠣ᠎ᠪᠠᠨ ᠠᠰᠠᠷᠠᠨ ᠲᠡᠵᠢᠭᠡᠬᠦ᠌ ᠴᠢᠳᠠᠯ ᠦᠬᠡᠢ ᠲᠦᠯᠦᠪᠯᠡᠭᠡᠳᠦ ᠦᠷᠡᠵᠢᠯ᠎ᠤᠨ ᠤᠨᠴᠠ ᠬᠦᠴᠢᠷᠳᠡᠯᠲᠡᠢ ᠭᠡᠷ ᠪᠦᠯᠢ᠎ᠳᠤ ᠴᠢᠭ᠌ᠯᠡᠬᠦᠯᠵᠦ᠍᠂ ᠬᠠᠮᠢᠶ᠎ᠠ ᠪᠦᠬᠦᠢ ᠰᠠᠯᠠᠭ᠎ᠠ ᠮᠦᠴᠢᠷ᠎ᠠᠴᠠ ᠲᠠᠩᠰᠠ ᠡᠪᠬᠡᠮᠡᠯ ᠪᠠᠢᠭᠤᠯᠵᠦ᠍᠂ ᠮᠦᠷᠲᠡᠨ ᠬᠠᠷᠢᠯᠴᠠᠵᠦ᠍᠂ ᠤᠨᠴᠠᠭᠠᠢ ᠬᠠᠷᠠᠭᠠᠯᠵᠠᠯ ᠦᠵᠡᠬᠦᠯᠵᠦ᠍᠂ ᠭᠠᠭ᠍ᠴᠠ ᠬᠡᠥᠬᠡᠳ᠎ᠢᠶᠠᠨ ᠠᠯᠳᠠᠬ᠍ᠰᠠᠨ ᠨᠠᠰᠤᠲᠠᠢᠴᠤᠳ᠎ᠤᠨ ᠬᠤᠵᠢᠮ᠎ᠤᠨ ᠰᠠᠨᠠᠭᠠᠱᠢᠷᠠᠯ᠎ᠢ ᠠᠯᠳᠠᠷᠠᠭᠠᠬᠤ ᠲᠤᠬᠠᠢ ᠵᠡᠷᠭᠡ ᠰᠠᠨᠠᠭᠤᠯᠭ᠎ᠠ ᠲᠤᠷᠠᠳᠭᠤ᠎ᠪᠠᠷ ᠪᠣᠢ᠃

《ᠬᠤᠷᠠᠯ᠎ᠳᠤ ᠲᠡᠪᠱᠢᠬᠦᠯᠬᠦ᠌ ᠰᠠᠨᠠᠭᠤᠯᠭ᠎ᠠ ᠮᠠᠨᠢ ᠨᠡᠢᠬᠡᠮ ᠨᠡᠢᠲᠡ᠎ᠶ᠋ᠢ ᠤᠷᠢᠶᠠᠯᠠᠨ᠂ ᠡᠳᠡᠭᠡᠷ ᠤᠨᠴᠠ ᠬᠦᠴᠢᠷᠳᠡᠯᠲᠡᠢ ᠤᠯᠠᠨ ᠲᠦᠮᠡᠨ᠎ᠳᠤ ᠨᠡᠩ ᠤᠯᠠᠨ ᠬᠠᠢᠷ᠎ᠠ ᠬᠠᠯᠠᠮᠵᠢ ᠬᠠᠪᠰᠣᠷᠤᠯᠭ᠎ᠠ ᠳᠡᠮᠵᠢᠯᠭᠡ ᠦᠵᠡᠬᠦᠯᠬᠦ᠌ ᠪᠣᠯᠣᠭᠠᠰᠠᠢ》 ᠭᠡᠵᠦ᠍ ᠳ᠋ᠦ᠋ ᠮᠢᠩ ᠶᠠᠨ ᠬᠡᠯᠡᠨ᠎ᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号