2021 ᠣᠨ᠎ᠤ ᠲᠥᠪ᠎ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠎ᠳᠤ ᠡᠳᠡᠭᠡᠷ ᠠᠷᠭ᠎ᠠ ᠬᠡᠮᠵᠢᠶ᠎ᠡ᠎ᠶ᠋ᠢ ᠳᠤᠷᠠᠳᠪᠠ!
2021-02-25 16:14:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

● ᠶᠠᠳᠠᠭᠤ᠎ᠠᠴᠠ ᠠᠩᠭᠢᠵᠢᠷᠠᠭ᠍ᠰᠠᠨ ᠱᠢᠶᠠᠨ᠎ᠳᠤ ᠶᠠᠳᠠᠭᠤ᠎ᠠᠴᠠ ᠠᠩᠭᠢᠵᠢᠷᠠᠭ᠍ᠰᠠᠨ ᠡᠳᠦᠷ᠎ᠠᠴᠠ ᠡᠬᠢᠯᠡᠨ 5 ᠵᠢᠯ᠎ᠤᠨ ᠱᠢᠯᠵᠢᠯᠲᠡ᠎ᠶ᠋ᠢᠨ ᠬᠤᠭᠤᠴᠠᠭ᠎ᠠ ᠲᠤᠬᠢᠷᠠᠭᠤᠯᠤᠨ᠎ᠠ᠃ ᠱᠢᠯᠵᠢᠯᠲᠡ᠎ᠶ᠋ᠢᠨ ᠬᠤᠭᠤᠴᠠᠭᠠᠨ᠎ᠳᠤ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠭᠤᠤᠯ ᠪᠣᠯᠬᠤ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠨ᠎ᠠ᠃

● ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠳᠤ ᠨᠢᠭᠡ ᠪᠦᠯᠦᠭ ᠣᠷᠣᠨ ᠪᠦᠰᠡ᠎ᠶ᠋ᠢᠨ ᠴᠢᠨᠠᠷᠲᠠᠢ ᠪᠠ ᠣᠷᠣᠨ ᠪᠦᠰᠡ ᠠᠯᠤᠰᠯᠠᠭ᠍ᠰᠠᠨ ᠴᠢᠬᠤᠯᠠ ᠶᠡᠭᠡ ᠰᠠᠭᠤᠷᠢ ᠲᠥᠬᠦᠭᠡᠷᠦᠮᠵᠢ᠎ᠶ᠋ᠢᠨ ᠢᠨᠵᠧᠨᠧᠷᠢᠩ᠎ᠢ ᠭᠤᠣᠯᠳᠠᠯᠭ᠎ᠠ᠎ᠲᠠᠢ ᠪᠦᠲᠦᠭᠡᠨ ᠪᠠᠢᠭᠤᠯᠵᠤ᠂ ᠶᠠᠳᠠᠭᠤ᠎ᠠᠴᠠ ᠠᠩᠭᠢᠵᠢᠷᠠᠭ᠍ᠰᠠᠨ ᠱᠢᠶᠠᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠤᠨ᠎ᠠ᠃

● ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠮᠵᠢᠳᠤ ᠣᠷᠣᠨ ᠪᠠ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠬᠠᠮᠠᠭᠠᠯᠠᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠨᠥᠬᠦᠪᠥᠷᠢ᠎ᠶ᠋ᠢ ᠲᠣᠭ᠍ᠲᠠᠪᠤᠷᠢᠵᠢᠭᠤᠯᠤᠨ᠎ᠠ᠃ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭᠠᠳᠤ ᠵᠠᠬ᠎ᠠ᠎ᠶ᠋ᠢᠨ ᠦᠨ᠎ᠡ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢ ᠪᠠᠷᠢᠮᠲᠠᠯᠠᠨ ᠲᠡᠭᠦᠯᠳᠡᠷᠵᠢᠭᠦᠯᠵᠦ᠍᠂ ᠡᠷᠳᠡᠨᠢ ᠱᠢᠰᠢ᠂ ᠱᠢᠷ᠎ᠠ ᠪᠤᠷᠴᠠᠭ ᠦᠢᠯᠡᠳᠪᠦᠷᠢᠯᠡᠭ᠌ᠴᠢᠳ᠎ᠲᠤ ᠨᠥᠬᠦᠪᠥᠷᠢ ᠥᠭ᠌ᠬᠦ ᠲᠦᠷᠦ᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ᠃

● ᠦᠷ᠎ᠡ ᠪᠠ ᠡᠭᠦᠯᠳᠡᠷ᠎ᠤᠨ ᠦᠢᠯᠡᠰ᠎ᠢ ᠬᠦᠭ᠌ᠵᠢᠭᠦᠯᠵᠦ᠍᠂ ᠲᠠᠷᠢᠶᠠᠯᠠᠩ᠎ᠤᠨ ᠦᠷ᠎ᠡ ᠡᠭᠦᠯᠳᠡᠷ᠎ᠤᠨ ᠡᠬᠢ ᠪᠠᠶᠠᠯᠢᠭ᠎ᠢ ᠬᠠᠮᠠᠭᠠᠯᠠᠵᠤ ᠨᠡᠭᠡᠭᠡᠨ ᠠᠱᠢᠬ᠍ᠯᠠᠬᠤ᠎ᠶ᠋ᠢ ᠴᠢᠩᠭᠠᠳᠭᠠᠨ᠎ᠠ᠃ ᠲᠠᠷᠢᠮᠠᠯ ᠪᠠ ᠮᠠᠯ ᠵᠢᠭᠦᠷᠲᠡᠨ᠎ᠤ ᠰᠠᠢᠨ ᠡᠭᠦᠯᠳᠡᠷ᠎ᠤᠨ ᠪᠣᠭᠤᠮᠲᠠ ᠱᠢᠪᠲᠤᠯᠤᠯᠳᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠱᠢᠨ᠎ᠡ ᠨᠢᠭᠡᠨ ᠡᠭᠡᠯᠵᠢ᠎ᠶ᠋ᠢᠨ ᠮᠠᠯ ᠵᠢᠭᠦᠷᠲᠡᠨ᠎ᠤ ᠤᠳᠤᠮᠯᠠᠯ᠎ᠢ ᠰᠠᠢᠵᠢᠷᠠᠭᠤᠯᠬᠤ ᠲᠥᠯᠥᠪᠵᠢᠭᠦᠯᠭᠡ ᠪᠠ ᠤᠳᠤ ᠦᠶ᠎ᠡ᠎ᠶ᠋ᠢᠨ ᠦᠷ᠎ᠡ ᠪᠠ ᠡᠭᠦᠯᠳᠡᠷ᠎ᠤᠨ ᠦᠢᠯᠡᠰ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠂ ᠦᠷ᠎ᠡ ᠪᠤᠢᠵᠢᠭᠤᠯᠬᠤ ᠰᠠᠭᠤᠷᠢᠨ ᠭᠠᠵᠠᠷ ᠪᠣᠯᠤᠨ ᠰᠠᠢᠨ ᠡᠭᠦᠯᠳᠡᠷ ᠪᠤᠢᠵᠢᠭᠤᠯᠬᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃

●18 ᠳ᠋ᠦᠩᠱᠢᠭᠤᠷ ᠮᠦ᠍ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠪᠠᠲᠤ ᠰᠠᠬᠢᠵᠤ᠂ ᠭᠠᠵᠠᠷ ᠱᠢᠷᠣᠢ᠎ᠶ᠋ᠢᠨ ᠬᠡᠷᠡᠭ᠌ᠯᠡᠯᠲᠡ᠎ᠶ᠋ᠢᠨ ᠬᠠᠮᠢᠶᠠᠷᠤᠯᠲᠠ᠎ᠶ᠋ᠢ ᠴᠢᠩᠭ᠎ᠠ ᠬᠡᠷᠡᠭ᠌ᠵᠢᠭᠦᠯᠦᠨ᠎ᠡ᠃ ᠲᠥᠪ ᠪᠠ ᠣᠷᠣᠨ ᠨᠤᠲᠤᠭ᠎ᠤᠨ᠎ᠬᠢᠨ ᠬᠠᠮᠲᠤᠪᠡᠷ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠳᠠᠬᠢ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ 2021 ᠣᠨ᠎ᠳᠤ ᠭᠠᠩᠳᠠᠵᠤ ᠤᠰᠤᠲᠤᠬ᠍ᠰᠠᠨ ᠴᠤ᠌ ᠬᠤᠷᠢᠶᠠᠯᠲᠠ᠎ᠶ᠋ᠢ ᠪᠠᠲᠤᠯᠠᠬᠤ᠂ ᠥᠨᠳᠥᠷ ᠲᠣᠭ᠍ᠲᠠᠭᠤᠨ ᠬᠤᠷᠢᠶᠠᠯᠲᠠ᠎ᠲᠠᠢ 1 ᠳ᠋ᠦᠩᠱᠢᠭᠤᠷ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠥᠲᠥᠭᠡᠨ ᠪᠠᠢᠭᠤᠯᠤᠨ᠎ᠠ᠃

● ᠣᠳᠣ ᠦᠶ᠎ᠡ᠎ᠶ᠋ᠢᠨ ᠬᠥᠳᠡᠭᠡ ᠲᠣᠰᠭᠤᠨ᠎ᠤ ᠠᠵᠤ ᠦᠢᠯᠡᠰ᠎ᠤᠨ ᠱᠢᠰᠲ᠋ᠧᠮ᠎ᠢ ᠪᠠᠢᠭᠤᠯᠵᠤ᠂ ᠬᠥᠳᠡᠭᠡ ᠲᠣᠰᠭᠤᠨ᠎ᠤ ᠣᠨᠴᠠᠯᠢᠭ᠍ᠲᠤ ᠳᠠᠪᠠᠭᠤᠯᠢᠭ ᠡᠬᠢ ᠪᠠᠶᠠᠯᠢᠭ᠎ᠲᠤ ᠲᠦᠱᠢᠭ᠌ᠯᠡᠨ᠂ ᠬᠦᠳᠡᠭᠡ ᠠᠵᠤ ᠠᠬᠤᠢ᠎ᠶ᠋ᠢᠨ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠪᠠᠢᠭᠤᠯᠵᠤ᠂ 2025 ᠣᠨ ᠪᠣᠯᠬᠤ᠎ᠳᠤ 500 ᠣᠷᠴᠢᠮ᠎ᠤᠨ ᠬᠦᠳᠡᠭᠡ ᠠᠵᠤ ᠠᠬᠤᠢ᠎ᠶ᠋ᠢᠨ ᠤᠳᠤᠬᠢᠴᠢᠯᠠᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠡᠭᠦᠳᠦᠨ ᠪᠠᠢᠭᠤᠯᠤᠨ᠎ᠠ᠃

● ᠬᠥᠳᠡᠭᠡ ᠲᠣᠰᠭᠤᠨ᠎ᠤ ᠣᠯᠠᠨ ᠨᠡᠢᠲᠡ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠬᠥᠳᠡᠭᠡ ᠲᠣᠰᠭᠤᠨ᠎ᠤ ᠵᠠᠮ᠎ᠢ ᠰᠠᠭᠠᠳ ᠦᠭᠡᠢ ᠨᠡᠪᠲᠡᠷᠡᠭᠦᠯᠬᠦ᠌ ᠢᠨᠵᠧᠨᠧᠷᠢᠩ᠂ ᠬᠥᠳᠡᠭᠡ ᠲᠣᠰᠭᠤᠨ᠎ᠤ ᠤᠰᠤᠨ᠎ᠤ ᠬᠠᠩᠭᠠᠯᠭ᠎ᠠ᠎ᠶ᠋ᠢ ᠪᠠᠲᠤᠯᠠᠬᠤ ᠢᠨᠵᠧᠨᠧᠷᠢᠩ᠂ ᠬᠥᠳᠡᠭᠡ ᠲᠣᠰᠭᠤᠨ᠎ᠤ ᠴᠡᠪᠡᠷ ᠡᠨᠧᠷᠭᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠂ ᠲᠤᠭᠠᠴᠢᠯᠠᠭ᠍ᠰᠠᠨ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢ ᠬᠥᠭ᠌ᠵᠢᠭᠦᠯᠬᠦ᠌ ᠢᠨᠵᠧᠨᠧᠷᠢᠩ᠂ ᠲᠤᠰᠭᠤᠨ᠎ᠤ ᠱᠠᠲᠤᠨ᠎ᠤ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠥᠬᠦᠭᠡᠷᠦᠮᠵᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃

● ᠬᠥᠳᠡᠭᠡ ᠲᠣᠰᠭᠤᠨ᠎ᠢ ᠤᠷᠢᠳ᠎ᠢᠶᠠᠷ ᠬᠥᠭ᠌ᠵᠢᠭᠦᠯᠬᠦ᠌ ᠣᠷᠣᠭᠤᠯᠤᠯᠲᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠵᠤ᠂ ᠬᠥᠳᠡᠭᠡ ᠲᠣᠰᠭᠤᠨ᠎ᠢ ᠦᠷᠭᠦᠯᠵᠢᠯᠡᠨ ᠡᠩ᠎ᠤᠨ ᠣᠯᠠᠨ ᠨᠡᠢᠲᠡ᠎ᠶ᠋ᠢᠨ ᠲᠥᠰᠦᠪ᠎ᠤᠨ ᠤᠷᠢᠳ᠎ᠢᠶᠠᠷ ᠪᠠᠲᠤᠯᠠᠬᠤ ᠬᠦᠷᠢᠶ᠎ᠡ ᠬᠡᠪᠴᠢᠶᠡᠨ᠎ᠳᠤ ᠤᠷᠤᠭᠤᠯᠵᠤ᠂ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ᠎ᠶ᠋ᠢ ᠬᠥᠳᠡᠭᠡ ᠲᠣᠰᠭᠤᠨ ᠲᠡᠢᠰᠢ ᠤᠯᠠᠮ ᠨᠢᠭᠡ ᠠᠯᠬᠤᠮ ᠬᠡᠯᠪᠠᠢᠯᠭᠡᠨ᠂ ᠡᠳ᠋᠎ᠤᠨ ᠵᠠᠰᠠᠭ᠎ᠤᠨ ᠣᠷᠣᠭᠤᠯᠤᠯᠲᠠ᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠬᠡᠯᠪᠡᠷᠢ᠎ᠪᠠᠷ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠰᠠᠭᠤᠷᠢ ᠮᠥᠩᠭᠦ᠌ ᠪᠠᠢᠭᠤᠯᠬᠤ᠎ᠶ᠋ᠢ ᠳᠡᠮᠵᠢᠨ᠎ᠡ᠃

● ᠲᠠᠪᠤᠨ ᠱᠠᠲᠤᠨ᠎ᠤ ᠱᠦᠵᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠳᠭᠤᠬᠤ ᠠᠵᠢᠯ᠎ᠤᠨ ᠲᠣᠭ᠍ᠲᠠᠴᠠ᠎ᠶ᠋ᠢ ᠴᠢᠩᠭᠠᠳᠭᠠᠵᠤ᠂ ᠳᠡᠭᠡᠳᠦ ᠳᠣᠤᠷᠠᠳᠤ ᠱᠠᠲᠤ᠎ᠪᠠᠷ᠎ᠢᠶᠠᠨ ᠨᠡᠪᠲᠡᠷᠡᠯᠴᠡᠭ᠌ᠰᠡᠨ᠂ ᠣᠨᠣᠪᠴᠢᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠦᠭ᠌ᠰᠡᠨ᠂ ᠡᠴᠦᠰ᠎ᠲᠤᠨᠢ ᠲᠤᠯᠲᠠᠯ᠎ᠠ ᠠᠳᠭᠤᠭ᠍ᠰᠠᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠤᠨ ᠱᠢᠰᠲ᠋ᠧᠮ᠎ᠢ ᠪᠠᠢᠭᠤᠯᠤᠨ ᠪᠦᠷᠢᠨᠱᠢᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号