ᠲᠦᠷᠦᠭᠦᠬᠡᠨ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠯᠪᠠᠨ ᠲᠢᠩᠭᠢᠮ᠂ ᠵᠠᠰᠠᠭ᠎ᠤᠨ ᠤᠷᠳᠤᠨ᠎ᠤ ᠠᠯᠪᠠᠨ ᠲᠢᠩᠭᠢᠮ 《ᠪᠦᠬᠦ᠌ ᠤᠷᠤᠨ᠎ᠤ ᠦᠨᠳᠦᠰᠦᠳᠡᠨ᠎ᠤ ᠦᠭᠡ ᠬᠡᠯᠡ᠎ᠪᠠᠷ ᠬᠢᠴᠢᠶᠡᠯᠯᠡᠵᠤ ᠪᠠᠢᠭ᠎ᠠ ᠰᠤᠷᠭᠠᠭᠤᠯᠢ᠎ᠳᠤ ᠭᠤᠷᠪᠠᠨ ᠬᠢᠴᠢᠶᠡᠯ ᠲᠦᠷᠦᠯ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠵᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠦᠮᠦᠵᠢᠯ᠎ᠤᠨ ᠵᠢᠭᠠᠨ ᠰᠤᠷᠭᠠᠬᠤ ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠬᠤ᠎ᠶ᠋ᠢᠨ ᠬᠡᠷᠡᠭ᠌ᠵᠢᠭᠦᠯᠬᠦ᠌ ᠲᠦᠰᠦᠯ》 ᠢ ᠳᠠᠷᠤᠮᠠᠯᠯᠠᠨ ᠲᠠᠷᠬᠠᠭᠠᠪᠠ᠃ 2 ᠰᠠᠷ᠎ᠠ᠎ᠶ᠋ᠢᠨ 23 ᠤ ᠡᠳᠦᠷ᠂ ᠰᠤᠷᠪᠤᠯᠵᠢᠯᠠᠭ᠍ᠴᠢ ᠭᠤᠷᠪᠠᠨ ᠬᠢᠴᠢᠶᠡᠯ ᠲᠦᠷᠦᠯ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠵᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠦᠮᠦᠵᠢᠯ᠎ᠤᠨ ᠵᠢᠭᠠᠨ ᠰᠤᠷᠭᠠᠬᠤ ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠬᠤ ᠲᠤᠬᠠᠢ ᠦᠪᠦᠷ ᠮᠤᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠬᠠᠤᠯᠢ᠎ᠶ᠋ᠢᠨ ᠤᠬᠠᠭᠠᠨ᠎ᠤ ᠵᠢᠭᠠᠨ ᠰᠤᠳᠤᠯᠬᠤ ᠬᠡᠯᠳᠡᠰ᠎ᠤᠨ ᠳᠡᠳ᠋ ᠫᠷᠣᠹᠧᠰᠰᠣᠷ ᠯᠢ ᠹᠧᠩ᠎ᠢ ᠰᠤᠷᠪᠤᠯᠵᠢᠯᠠᠵᠠᠢ᠃
ᠯᠢ ᠹᠧᠩ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠤᠯ ᠮᠠᠨ᠎ᠤ ᠤᠯᠤᠰ᠎ᠤᠨ ᠦᠨᠳᠦᠰᠦᠨ ᠬᠠᠤᠯᠢ᠎ᠳᠤ ᠲᠤᠭ᠍ᠳᠠᠭᠠᠭ᠍ᠰᠠᠨ ᠬᠠᠷᠢᠭᠤᠴᠠᠯᠭ᠎ᠠ ᠪᠤᠯᠤᠨ᠎ᠠ᠃ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 ᠶ᠋ᠢᠨ ᠠᠷᠪᠠ ᠶᠢᠰᠦᠳᠦᠭᠡᠷ ᠵᠦᠢᠯ᠎ᠳᠤ᠄ 《ᠤᠯᠤᠰ᠎ᠠᠴᠠ ᠪᠦᠬᠦ᠌ ᠤᠯᠤᠰ᠎ᠲᠤ ᠨᠡᠢᠳᠡᠮ ᠬᠡᠷᠡᠭ᠌ᠯᠡᠬᠦ᠌ ᠨᠡᠢᠳᠡᠯᠢᠭ ᠬᠡᠯᠡ᠎ᠶ᠋ᠢ ᠳᠡᠯᠭᠡᠷᠡᠭᠦᠯᠦᠨ᠎ᠠ》 ᠭᠡᠵᠤ ᠲᠤᠭ᠍ᠳᠠᠭᠠᠪᠠ᠃ ᠡᠨᠡ᠎ᠨᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠬᠦᠭ᠌ᠵᠢᠯᠳᠡ᠎ᠶ᠋ᠢ ᠠᠬᠢᠭᠤᠯᠬᠤ᠎ᠳᠤ ᠦᠨᠳᠦᠰᠦᠨ ᠬᠠᠤᠯᠢ᠎ᠶ᠋ᠢᠨ ᠵᠢᠷᠤᠮᠯᠡᠯ ᠬᠠᠩᠭᠠᠪᠠ᠃ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠠᠤᠯᠢ》 ᠶ᠋ᠢᠨ ᠭᠤᠷᠪᠠᠳᠤᠭᠠᠷ ᠵᠦᠢᠯ᠎ᠳᠤ᠄ 《ᠤᠯᠤᠰ᠎ᠠᠴᠠ ᠨᠡᠢᠳᠡᠯᠢᠭ ᠬᠡᠯᠡ᠎ᠶ᠋ᠢ ᠳᠡᠯᠭᠡᠷᠡᠭᠦᠯᠵᠤ᠂ ᠳᠦᠷᠢᠮᠵᠢᠭ᠌ᠰᠡᠨ ᠬᠢᠳᠠᠳ ᠦᠰᠦᠭ᠎ᠢ ᠳᠡᠯᠭᠡᠷᠡᠭᠦᠯᠤᠨ ᠬᠡᠷᠡᠭ᠌ᠯᠡᠨ᠎ᠠ》 ᠭᠡᠵᠤ ᠲᠤᠭ᠍ᠳᠠᠭᠠᠪᠠ᠂ ᠳᠦᠷᠪᠡᠳᠦᠭᠡᠷ ᠵᠦᠢᠯ᠎ᠳᠤ᠄ 《ᠢᠷᠭᠡᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠪᠠ ᠬᠡᠷᠡᠭ᠌ᠯᠡᠬᠦ᠌ ᠡᠷᠬᠡ᠎ᠲᠠᠢ᠃ ᠤᠯᠤᠰ᠎ᠠᠴᠠ ᠢᠷᠭᠡᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠪᠠ ᠬᠡᠷᠡᠭ᠌ᠯᠡᠬᠦ᠌᠎ᠳᠤ ᠨᠦᠬᠦᠴᠡᠯ ᠬᠠᠩᠭᠠᠵᠤ ᠦᠭ᠌ᠭᠦᠨ᠎ᠠ᠃ ᠤᠷᠤᠨ ᠨᠤᠲᠤᠭ᠎ᠤᠨ ᠡᠯ᠎ᠠ ᠱᠠᠳᠤᠨ᠎ᠤ ᠵᠠᠰᠠᠭ᠎ᠤᠨ ᠤᠷᠳᠤᠨ ᠵᠢᠴᠢ ᠬᠤᠯᠪᠤᠭ᠍ᠳᠠᠯ ᠪᠦᠬᠦᠢ ᠰᠠᠯᠠᠭ᠎ᠠ ᠮᠦᠴᠢᠷ ᠠᠷᠭ᠎ᠠ ᠬᠡᠮᠵᠢᠶ᠎ᠠ ᠬᠡᠷᠡᠭ᠌ᠵᠢᠭᠦᠯᠵᠤ ᠪᠠᠢᠭᠠᠳ ᠨᠡᠢᠳᠡᠯᠢᠭ ᠬᠡᠯᠡ ᠪᠤᠯᠤᠨ ᠳᠦᠷᠢᠮᠵᠢᠭ᠌ᠰᠡᠨ ᠬᠢᠳᠠᠳ ᠬᠡᠯᠡ᠎ᠶ᠋ᠢ ᠳᠡᠯᠭᠡᠷᠡᠭᠦᠯᠤᠨ ᠬᠡᠷᠡᠭ᠌ᠯᠡᠬᠦ᠌ ᠬᠡᠷᠡᠭ᠌ᠳᠠᠢ》 ᠭᠡᠵᠤ ᠲᠤᠭ᠍ᠳᠠᠭᠠᠵᠠᠢ᠃ ᠢᠷᠭᠡᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠪᠠ ᠬᠡᠷᠡᠭ᠌ᠯᠡᠬᠦ᠌ ᠬᠠᠤᠯᠢ ᠶᠤᠰᠤᠨ᠎ᠤ ᠡᠷᠬᠡ᠎ᠶ᠋ᠢ ᠡᠷᠬᠡᠪᠰᠢ ᠪᠠᠳᠤᠯᠠᠨ ᠬᠠᠮᠠᠭᠠᠯᠠᠬᠤ ᠬᠡᠷᠡᠭ᠌ᠳᠠᠢ᠂ ᠶᠠᠮᠠᠷᠪᠠ ᠵᠤᠬᠢᠶᠠᠨ ᠪᠠᠢᠭᠤᠯᠤᠯᠳᠠ ᠪᠤᠯᠤᠨ ᠬᠤᠪᠢ ᠬᠦᠮᠦᠨ᠎ᠠᠴᠠ ᠪᠤᠰᠤᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠪᠠ ᠬᠡᠷᠡᠭ᠌ᠯᠡᠬᠦ᠌᠎ᠶ᠋ᠢ ᠬᠠᠷᠱᠢᠯᠠᠬᠤ᠎ᠨᠢ ᠴᠦᠮ ᠬᠠᠤᠯᠢ᠎ᠠᠴᠠ ᠵᠦᠷᠢᠴᠡᠭ᠌ᠰᠡᠨ ᠠᠵᠢᠯᠯᠠᠭ᠎ᠠ ᠪᠤᠯᠤᠨ᠎ᠠ᠂ ᠬᠠᠷᠠᠭᠠᠯᠵᠠᠭ᠍ᠰᠠᠨ ᠬᠠᠤᠯᠢ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠬᠡᠷᠡᠭ᠌ᠳᠠᠢ᠂ ᠡᠭᠦᠨ᠎ᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠠᠤᠯᠢ》 ᠶ᠋ᠢᠨ ᠬᠤᠷᠢᠨ ᠳᠤᠯᠤᠳᠤᠭᠠᠷ ᠵᠦᠢᠯ᠎ᠳᠤ ᠳᠤᠳᠤᠷᠬᠠᠢ ᠲᠤᠭ᠍ᠳᠠᠭᠠᠭ᠍ᠰᠠᠨ ᠶᠤᠮ ᠭᠡᠵᠤ ᠬᠡᠯᠡᠪᠡ᠃
ᠯᠢ ᠹᠧᠩ᠎ᠤᠨ ᠦᠵᠡᠬᠦ᠌᠎ᠪᠠᠷ᠂ ᠰᠤᠷᠭᠠᠭᠤᠯᠢ ᠪᠤᠯ ᠤᠯᠤᠰ᠎ᠤᠨ ᠨᠡᠢᠲᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭ᠌ᠯᠡᠬᠦ᠌ ᠭᠤᠤᠯ ᠪᠠᠬᠢᠯᠡᠯᠲᠡ ᠪᠤᠯᠬᠤ ᠪᠦᠭᠡᠳ ᠠᠷᠠᠳ ᠢᠷᠭᠡᠳ᠎ᠤᠨ ᠤᠯᠤᠰ᠎ᠤᠨ ᠨᠡᠢᠲᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠴᠤ᠌ ᠡᠵᠡᠮᠱᠢᠬᠦ᠌ ᠴᠢᠬᠤᠯᠠ ᠲᠠᠯᠠᠪᠤᠷ ᠮᠦᠨ᠃ ᠢᠯᠠᠩᠭᠤᠶ᠎ᠠ ᠠᠯᠪᠠᠠ ᠵᠢᠷᠤᠮ᠎ᠤᠨ ᠰᠤᠷᠭᠠᠠ ᠬᠦᠮᠦᠵᠢᠯ᠎ᠤᠨ ᠱᠠᠲᠤᠨ᠎ᠤ ᠲᠤᠮᠲᠠᠲᠤ ᠪᠠᠭ᠎ᠠ ᠰᠤᠷᠭᠠᠭᠤᠯᠢ ᠦᠭᠡ ᠬᠡᠯᠡ ᠦᠰᠦᠭ ᠪᠢᠴᠢᠭ᠎ᠤᠨ ᠰᠠᠭᠤᠷᠢ ᠰᠤᠷᠭᠠᠠ ᠬᠦᠮᠦᠵᠢᠯ᠎ᠤᠨ ᠴᠢᠬᠤᠯᠠ ᠡᠬᠦᠷᠭᠡ᠎ᠶ᠋ᠢ ᠡᠭᠦᠷᠭᠡᠯᠡᠵᠦ᠍ ᠪᠠᠢᠳᠠᠭ᠃ 《ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ᠎ᠤᠨ ᠤᠯᠤᠰ᠎ᠤᠨ ᠨᠡᠢᠲᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠠᠤᠯᠢ》 ᠶ᠋ᠢᠨ ᠠᠷᠪᠠᠲᠤᠭᠠᠷ ᠵᠦᠢᠯ᠎ᠳᠤ 《ᠰᠤᠷᠭᠠᠭᠤᠯᠢ ᠵᠢᠴᠢ ᠪᠤᠰᠤᠳ ᠰᠤᠷᠭᠠᠠ ᠬᠦᠮᠦᠵᠢᠯ᠎ᠤᠨ ᠪᠠᠢᠭᠤᠯᠤᠮᠵᠢ ᠨᠡᠢᠲᠡᠯᠢᠭ ᠬᠡᠯᠡ ᠪᠤᠯᠤᠨ ᠳᠦᠷᠢᠮᠵᠢᠭ᠌ᠰᠡᠨ ᠬᠢᠲᠠᠳ ᠦᠰᠦᠭ᠎ᠢᠶᠠᠷ ᠦᠨᠲᠦᠰᠦᠨ ᠰᠤᠷᠭᠠᠠ ᠬᠦᠮᠦᠵᠢᠯ᠎ᠤᠨ ᠵᠢᠭᠠᠠ ᠰᠤᠷᠭᠠᠯᠲᠠ᠎ᠶ᠋ᠢᠨ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠤᠯᠭᠠᠨ᠎ᠠ》 ᠭᠡᠵᠦ᠍ ᠲᠤᠭ᠍ᠲᠠᠭᠠᠵᠠᠢ᠃ ᠡᠭᠦᠨ᠎ᠠᠴᠠ ᠭᠠᠲᠠᠨ᠎ᠠ᠂ 《ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ᠎ᠤᠨ ᠰᠤᠷᠭᠠᠠ ᠬᠦᠮᠦᠵᠢᠯ᠎ᠤᠨ ᠬᠠᠤᠯᠢ》 ᠵᠡᠷᠭᠡ ᠬᠠᠤᠯᠢ᠎ᠳᠤ ᠪᠠᠰᠠ ᠤᠯᠤᠰ᠎ᠤᠨ ᠨᠡᠢᠲᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ ᠵᠢᠴᠢ ᠲᠡᠭᠦᠨ᠎ᠤ ᠬᠡᠷᠡᠭ᠌ᠯᠡᠭᠡ᠎ᠶ᠋ᠢᠨ ᠲᠤᠬᠠᠢ ᠲᠤᠭ᠍ᠲᠠᠭᠠᠯ ᠪᠠᠢᠨ᠎ᠠ᠃ ᠵᠢᠱ᠌ᠢᠶᠡᠯᠡᠪᠡᠯ᠂ 《ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ᠎ᠤᠨ ᠰᠤᠷᠭᠠᠠ ᠬᠦᠮᠦᠵᠢᠯ᠎ᠤᠨ ᠬᠠᠤᠯᠢ》 ᠶ᠋ᠢᠨ ᠠᠷᠪᠠᠠ ᠬᠤᠶᠠᠲᠤᠭᠠᠷ ᠵᠦᠢᠯ᠎ᠳᠤ᠄ 《ᠤᠯᠤᠰ᠎ᠤᠨ ᠨᠡᠢᠲᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠤᠯ ᠰᠤᠷᠭᠠᠭᠤᠯᠢ ᠵᠢᠴᠢ ᠪᠤᠰᠤᠳ ᠰᠤᠷᠭᠠᠠ ᠬᠦᠮᠦᠵᠢᠯ᠎ᠤᠨ ᠪᠠᠢᠭᠤᠯᠤᠮᠵᠢ᠎ᠶ᠋ᠢᠨ ᠦᠨᠲᠦᠰᠦᠨ ᠰᠤᠷᠭᠠᠠ ᠬᠦᠮᠦᠵᠢᠯ᠎ᠤᠨ ᠵᠢᠭᠠᠠ ᠰᠤᠷᠭᠠᠯᠲᠠ᠎ᠶ᠋ᠢᠨ ᠦᠭᠡ ᠬᠡᠯᠡ ᠦᠰᠦᠭ ᠪᠢᠴᠢᠭ ᠪᠤᠯᠤᠨ᠎ᠠ᠂ ᠰᠤᠷᠭᠠᠭᠤᠯᠢ ᠵᠢᠴᠢ ᠪᠤᠰᠤᠳ ᠰᠤᠷᠭᠠᠠ ᠬᠦᠮᠦᠵᠢᠯ᠎ᠤᠨ ᠪᠠᠢᠭᠤᠯᠤᠮᠵᠢ ᠤᠯᠤᠰ᠎ᠤᠨ ᠨᠡᠢᠲᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠰᠤᠷᠭᠠᠠ ᠬᠦᠮᠦᠵᠢᠯ᠎ᠤᠨ ᠵᠢᠭᠠᠠ ᠰᠤᠷᠭᠠᠯᠲᠠ ᠬᠢᠬᠦ᠌ ᠭᠡᠷᠡᠭ᠌ᠲᠡᠢ》 ᠭᠡᠵᠦ᠍ ᠲᠤᠭ᠍ᠲᠠᠭᠠᠭ᠍ᠰᠠᠠ ᠪᠠᠢᠨ᠎ᠠ᠃
ᠯᠢ ᠹᠧᠩ᠂ ᠤᠯᠤᠰ᠎ᠤᠨ ᠨᠡᠢᠲᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠡᠷᠡᠭ᠌ᠯᠡᠯᠳᠡ᠎ᠶ᠋ᠢ ᠬᠠᠤᠯᠢ ᠶᠤᠰᠤᠭᠠᠷ ᠠᠬᠢᠭᠤᠯᠬᠤ ᠪᠤᠯ ᠨᠠᠮ ᠪᠠ ᠤᠯᠤᠰ᠎ᠠᠴᠠ ᠦᠨᠲᠦᠰᠦᠲᠠᠠ᠎ᠤ ᠤᠷᠤᠨ᠎ᠢ ᠬᠠᠯᠠᠮᠵᠢᠯᠠᠵᠦ᠍ ᠪᠠᠢᠬᠤ ᠶᠠᠪᠤᠳᠠᠯ ᠪᠤᠯᠬᠤ ᠪᠦᠭᠡᠳ ᠨᠡᠢᠭᠡᠮ᠎ᠤᠨ ᠪᠤᠯᠪᠠᠰᠤᠨ᠎ᠤ ᠲᠠᠪᠱᠢᠯᠲᠠ ᠪᠤᠯᠤᠨ ᠡᠯ᠎ᠠ ᠦᠨᠲᠦᠰᠦᠲᠠᠠ᠎ᠤ ᠬᠠᠮᠲᠤ᠎ᠪᠠᠷ ᠴᠡᠴᠡᠭ᠌ᠯᠡᠡ ᠬᠦᠭ᠌ᠵᠢᠭᠦᠶ᠋ᠢᠨ ᠵᠠᠢᠯᠠᠰᠢ ᠦᠭᠡᠢ ᠬᠠᠨᠲᠤᠰᠢ ᠪᠤᠯᠤᠨ᠎ᠠ᠂ ᠦᠨᠲᠦᠰᠦᠲᠠᠠ᠎ᠤ ᠰᠤᠷᠭᠠᠠ ᠬᠦᠮᠦᠵᠢᠯ᠎ᠤᠨ ᠴᠢᠨᠠᠷ ᠰᠠᠢᠲᠠᠢ ᠬᠦᠭ᠌ᠵᠢᠯᠲᠠ᠎ᠶ᠋ᠢ ᠠᠬᠢᠭᠤᠯᠬᠤ᠎ᠳᠤ ᠠᠱᠢᠠᠠᠲᠠᠢ᠂ ᠲᠤᠮᠲᠠᠲᠤ᠎ᠶ᠋ᠢᠨ ᠦᠨᠲᠦᠰᠦᠲᠠᠠ᠎ᠤ ᠬᠠᠮᠲᠤ ᠴᠤᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠬᠤᠳᠤ ᠠᠱᠢᠠᠠᠲᠠᠢ᠃ ᠦᠨᠲᠦᠰᠦᠲᠠᠠ᠎ᠤ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠳᠤ ᠤᠯᠤᠰ᠎ᠤᠨ ᠨᠢᠭᠡᠲᠦᠯᠲᠡᠢ ᠨᠠᠢᠷᠠᠭᠤᠯᠤᠭ᠍ᠰᠠᠠ ᠵᠢᠭᠠᠬᠤ ᠮᠠᠲ᠋ᠧᠷᠢᠶᠠᠯ᠎ᠢ ᠭᠡᠷᠡᠭ᠌ᠯᠡᠬᠦ᠌ ᠪᠤᠯ ᠦᠨᠲᠦᠰᠦᠨ ᠬᠠᠤᠯᠢ ᠪᠠ ᠬᠠᠤᠯᠢ ᠴᠠᠭᠠᠵᠠ᠎ᠶ᠋ᠢ ᠭᠡᠷᠡᠭ᠌ᠵᠢᠭᠦᠯᠵᠦ᠍ ᠪᠠᠢᠭ᠎ᠠ ᠠᠵᠢᠯᠯᠠᠭ᠎ᠠ ᠮᠦᠨ᠂ ᠬᠠᠤᠯᠢ ᠴᠠᠭᠠᠵᠠ᠎ᠶ᠋ᠢᠨ ᠦᠨᠲᠦᠰᠦᠯᠡᠯᠲᠠᠢ ᠶᠤᠮ ᠭᠡᠵᠥ᠍ ᠬᠡᠯᠡᠪᠡ᠃