ᠤᠯᠤᠰ᠎ᠤᠨ ᠨᠡᠢᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠰᠠᠢᠳᠤᠷ ᠰᠤᠷᠤᠯᠴᠠᠬᠤ᠎ᠨᠢ ᠬᠡᠤᠬᠡᠳ᠎ᠤᠨ ᠦᠰᠤᠯᠳᠠ ᠪᠤᠢᠵᠢᠯᠳᠠ᠎ᠳᠤ ᠶᠡᠭᠡ ᠲᠤᠰᠠᠳᠠᠢ
2021-02-26 15:05:36
ᠵᠣᠬᠢᠶᠠᠭ᠍ᠴᠢ᠄
ᠰᠦ᠋ ᠶᠦᠩ ᠱᠧᠩ
ᠣᠩᠱᠢᠭ᠍ᠰᠠᠨ ᠣᠳᠠᠭ᠎ᠠ᠄
★★★☆☆

《ᠮᠢᠨᠤ ᠦᠵᠡᠬᠦ᠌᠎ᠪᠠᠷ ᠤᠯᠤᠰ᠎ᠤᠨ ᠨᠢᠬᠡᠳᠤᠯᠳᠠᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢᠶᠠᠷ ᠰᠤᠷᠬᠤ᠂ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠰᠠᠢᠳᠤᠷ ᠰᠤᠷᠤᠯᠴᠠᠬᠤ᠎ᠨᠢ ᠬᠡᠤᠬᠡᠳ᠎ᠤᠨ ᠮᠡᠳᠡᠯᠬᠡ᠎ᠶ᠋ᠢᠨ ᠬᠡᠪᠴᠢᠶ᠎ᠠ᠎ᠶ᠋ᠢ ᠦᠷᠬᠡᠳᠭᠡᠨ ᠶᠠᠷᠤᠩᠬᠡᠢ ᠬᠡᠪ ᠪᠤᠯᠪᠠᠰᠤᠷᠠᠯ᠎ᠢ ᠲᠡᠭᠡᠭ᠌ᠰᠢᠯᠡᠬᠦᠯᠵᠤ᠂ ᠬᠤᠵᠢᠮ ᠨᠡᠢᠬᠡᠮ ᠲᠡᠭᠡᠷ᠎ᠠ ᠭᠠᠷᠬᠤ᠎ᠳᠤ ᠶᠡᠭᠡ ᠲᠤᠰᠠᠳᠠᠢ ᠶᠤᠮ》 ᠬᠡᠵᠤ ᠦᠪᠤᠷ ᠮᠤᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠬᠠᠷᠢᠶᠠᠳᠤ ᠳᠤᠮᠳᠠᠳᠤ ᠰᠤᠷᠭᠠᠭᠤᠯᠢ᠎ᠶ᠋ᠢᠨ ᠰᠤᠷᠤᠬ᠍ᠴᠢ᠎ᠶ᠋ᠢᠨ ᠬᠡᠷ᠎ᠤᠨ ᠠᠬᠠᠮᠠᠳ ᠵᠶ᠋ᠢ ᠬᠤᠩ ᠬᠡᠯᠡᠨ᠎ᠠ᠃

《ᠮᠢᠨᠤ ᠬᠡᠤᠬᠡᠳ ᠤᠳᠤ ᠠᠩᠬ᠎ᠠ ᠳᠤᠮᠳᠠᠳᠤ᠎ᠶ᠋ᠢᠨ ᠨᠢᠬᠡᠳᠤᠭᠡᠷ ᠤᠨ᠎ᠳᠤ ᠪᠠᠢᠨ᠎ᠠ᠂  ᠨᠢᠳᠤᠨᠤᠨ ᠎ᠤ  9 ᠰᠠᠷ᠎ᠠ ᠎ᠳᠤ  ᠰᠤᠷᠭᠠᠭᠤᠯᠢ ᠎ᠠᠴᠠ ᠎ᠨᠢ  〈ᠬᠡᠯᠡ ᠪᠢᠴᠢᠭ〉 ᠎ᠤᠨ ᠨᠢᠬᠡᠳᠤᠯᠳᠠᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠵᠤ ᠡᠬᠢᠯᠡᠵᠠᠢ᠃ ᠬᠡᠷ᠎ᠤᠨ ᠠᠬᠠᠮᠠᠳ ᠪᠤᠯᠤᠬ᠍ᠰᠠᠨ᠎ᠤ ᠬᠤᠪᠢ᠎ᠳᠤ᠂ ᠪᠢ ᠭᠤᠤᠯᠳᠠᠭᠤ ᠬᠡᠤᠬᠡᠳ᠎ᠢᠶᠠᠨ ᠬᠠᠪᠰᠤᠷᠤᠨ ᠰᠠᠢᠨ ᠰᠠᠢᠬᠠᠨ ᠰᠤᠷᠤᠯᠴᠠᠬᠤ ᠤᠪᠤᠷ᠎ᠲᠠᠢ ᠪᠤᠯᠭᠠᠨ᠂ ᠰᠠᠢᠨ ᠰᠠᠢᠬᠠᠨ ᠰᠤᠷᠤᠯᠴᠠᠬᠤ ᠲᠠᠳᠭᠠᠯ᠎ᠢ᠎ᠨᠢ ᠬᠦᠮᠤᠵᠢᠬᠦᠯᠵᠤ᠂ ᠬᠢᠴᠢᠶᠡᠯ ᠲᠦᠷᠦᠯ᠎ᠤᠨ ᠰᠤᠷᠤᠯᠴᠠᠬᠤ ᠱᠠᠭᠠᠷᠳᠠᠯᠭ᠎ᠠ᠎ᠳᠤ ᠨᠡᠩ ᠰᠠᠢᠨ ᠵᠤᠬᠢᠴᠠᠭᠤᠯᠤᠨ᠎ᠠ》 ᠬᠡᠵᠤ ᠵᠶ᠋ᠢ ᠬᠤᠩ ᠬᠡᠯᠡᠨ᠎ᠠ᠃ ᠵᠶ᠋ᠢ ᠬᠤᠩ ᠪᠤᠯ ᠬᠦᠬᠡᠬᠤᠳᠠ᠎ᠶ᠋ᠢᠨ ᠠᠵᠢᠯ ᠮᠡᠷᠬᠡᠵᠢᠯ᠎ᠤᠨ ᠲᠡᠭᠡᠳᠤ ᠰᠤᠷᠭᠠᠭᠤᠯᠢ᠎ᠶ᠋ᠢᠨ ᠪᠠᠭ᠍ᠰᠢ ᠶᠤᠮᠰᠠᠨ᠃ 《ᠪᠢ ᠲᠦᠩᠯᠢᠶᠤᠤ ᠬᠤᠳᠠ᠎ᠶ᠋ᠢᠨ ᠬᠤᠷᠴᠢᠨ ᠵᠡᠬᠦᠨ ᠭᠠᠷᠤᠨ ᠬᠤᠢᠳᠤ ᠬᠤᠱᠢᠭᠤᠨ᠎ᠳᠤ ᠨᠤᠳᠤᠭ᠎ᠲᠠᠢ᠂ ᠦᠨᠳᠤᠷ ᠳᠤᠮᠳᠠᠳᠤ᠎ᠪᠠᠨ ᠲᠡᠬᠦᠰᠤᠭᠡᠳ ᠬᠠᠷᠡᠮᠦᠷᠡᠨ ᠶᠡᠭᠡ ᠰᠤᠷᠭᠠᠭᠤᠯᠢ᠎ᠳᠤ ᠱᠢᠯᠭᠠᠨ ᠤᠷᠤᠵᠤ᠂ ᠰᠤᠷᠭᠠᠭᠤᠯᠢ᠎ᠠᠴᠠ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢᠶᠠᠷ ᠬᠢᠴᠢᠶᠠᠯᠯᠠᠳᠡᠭ ᠪᠠᠢᠯ᠎ᠠ᠂ ᠰᠠᠢᠳᠦᠷ ᠴᠢᠷᠮᠠᠢᠬ᠍ᠰᠠᠨ᠎ᠢᠶᠠᠷ ᠪᠢ ᠶᠡᠭᠡ ᠰᠤᠷᠭᠠᠭᠤᠯᠢ᠎ᠪᠠᠨ ᠤᠷᠤᠭ᠍ᠰᠢᠳᠠᠢ ᠲᠡᠬᠦᠰᠭᠡᠵᠤ᠂ ᠠᠩᠬᠠᠨ᠎ᠳᠠᠭᠠᠨ ᠬᠠᠷᠪᠢᠨ᠎ᠳᠤ ᠠᠵᠢᠯᠯᠠᠵᠤ᠂ ᠬᠤᠵᠢᠮ᠎ᠨᠢ ᠶᠠᠫᠤᠨ᠎ᠳᠤ ᠬᠦᠷᠴᠤ᠌ ᠰᠤᠷᠤᠯᠴᠠᠵᠤ ᠠᠮᠢᠳᠤᠷᠠᠪᠠ᠃ 2008 ᠤᠨ᠎ᠳᠤ ᠬᠦᠬᠡᠬᠤᠳᠠ᠎ᠶ᠋ᠢᠨ ᠠᠵᠢᠯ ᠮᠡᠷᠬᠡᠵᠢᠯ᠎ᠤᠨ ᠲᠡᠭᠡᠳᠤ ᠰᠤᠷᠭᠠᠭᠤᠯᠢ᠎ᠳᠤ ᠢᠷᠡᠵᠦ᠍ ᠠᠵᠢᠯᠯᠠᠵᠤ᠂ 〈ᠠᠵᠤ ᠠᠬᠤᠢ᠍ᠢᠯᠠᠯ᠎ᠤᠨ ᠬᠠᠮᠢᠶᠠᠷᠤᠯᠳᠠ〉᠂ 〈ᠵᠤᠬᠢᠶᠠᠨ ᠪᠠᠢᠭᠤᠯᠬᠤ  ᠠᠵᠢᠯᠯᠠᠭ᠎ᠠ᠎ᠶ᠋ᠢᠨ ᠤᠬᠠᠭᠠᠨ〉 ᠵᠡᠷᠬᠡ ᠬᠢᠴᠢᠶᠠᠯ ᠲᠦᠷᠦᠯ ᠎ᠢ ᠵᠢᠭᠠᠵᠤ᠂ ᠤᠳᠤ ᠰᠤᠷᠤᠬ᠍ᠴᠢᠳ ᠎ᠤᠨ ᠲᠠᠳᠤᠯᠭ᠎ᠠ ᠪᠤᠯᠪᠠᠰᠤᠷᠠᠯ ᠎ᠤᠨ  ᠬᠠᠮᠢᠶᠠᠷᠤᠯᠳᠠ᠎ᠶ᠋ᠢᠨ ᠠᠵᠢᠯ ᠎ᠢ  ᠬᠠᠷᠢᠭᠤᠴᠠᠵᠤ ᠪᠠᠢᠨ᠎ᠠ》 ᠬᠡᠵᠤ   ᠲᠡᠷᠡ   ᠬᠡᠯᠡᠨ᠎ᠠ᠃

《ᠮᠢᠨᠤ ᠬᠤᠪᠢ ᠬᠦᠮᠤᠨ᠎ᠤ ᠦᠰᠤᠨ ᠪᠤᠢᠵᠢᠯᠳᠠ᠎ᠶ᠋ᠢᠨ ᠶᠠᠪᠤᠴᠠ᠎ᠠᠴᠠ ᠦᠵᠡᠬᠦ᠌᠎ᠳᠤ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠰᠠᠢᠨ ᠰᠤᠷᠬᠤ᠎ᠨᠢ ᠬᠡᠤᠬᠡᠳ᠎ᠤᠨ ᠦᠰᠤᠯᠳᠠ ᠪᠤᠢᠵᠢᠯᠳᠠ᠎ᠳᠤ ᠲᠦᠢᠯ᠎ᠤᠨ ᠴᠢᠬᠤᠯᠠ ᠶᠤᠮ᠃ ᠤᠯᠤᠰ᠎ᠠᠴᠠ ᠪᠦᠬᠦ᠌ ᠤᠷᠤᠨ᠎ᠤ ᠦᠨᠳᠤᠰᠤᠳᠠᠨ᠎ᠤ ᠦᠬᠡ ᠬᠡᠯᠡ᠎ᠪᠠᠷ ᠬᠢᠴᠢᠶᠠᠯᠯᠠᠵᠤ ᠪᠠᠢᠭ᠎ᠠ ᠰᠤᠷᠭᠠᠭᠤᠯᠢ᠎ᠳᠤ ᠭᠤᠷᠪᠠᠨ ᠬᠢᠴᠢᠶᠠᠯ ᠲᠦᠷᠦᠯ᠎ᠤᠨ ᠨᠢᠬᠡᠳᠤᠯᠳᠠᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠲᠡᠯᠬᠡᠷᠡᠬᠦᠯᠤᠨ ᠭᠡᠷᠡᠭ᠌ᠯᠡᠵᠤ᠂ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠤᠨ ᠰᠤᠷᠭᠠᠨ ᠬᠦᠮᠤᠵᠢᠯ᠎ᠤᠨ ᠵᠢᠭᠠᠨ ᠰᠤᠷᠭᠠᠯᠳᠠ᠎ᠶ᠋ᠢᠨ ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠵᠤ ᠪᠠᠢᠬᠤ᠎ᠨᠢ ᠬᠡᠤᠬᠡᠳ᠎ᠤᠳ᠎ᠤᠨ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠰᠠᠢᠨ ᠰᠤᠷᠬᠤ᠎ᠳᠤ ᠨᠦᠬᠦᠴᠠᠯ ᠪᠦᠷᠢᠯᠳᠤᠬᠦᠯᠵᠤ ᠦᠭ᠌ᠴᠠᠢ᠃ ᠬᠡᠷ᠎ᠤᠨ ᠠᠬᠠᠮᠠᠳ ᠪᠤᠯᠤᠬ᠍ᠰᠠᠨ᠎ᠤ ᠬᠤᠪᠢ᠎ᠳᠤ᠂ ᠪᠢ ᠬᠡᠤᠬᠡᠳ᠎ᠢᠶᠠᠨ ᠤᠯᠤᠰ᠎ᠤᠨ ᠨᠡᠢᠳᠡᠮ ᠭᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠢ ᠰᠠᠢᠨ ᠡᠵᠡᠮᠱᠢᠭᠦᠯᠵᠦ᠍᠂ ᠦᠪᠡᠷ᠎ᠤᠨ ᠬᠢᠨᠢ ᠬᠦᠰᠡᠯ᠎ᠢ᠎ᠨᠢ ᠪᠡᠶᠡᠯᠡᠭᠦᠯᠦᠨ᠎ᠠ》 ᠬᠡᠵᠤ ᠵᠶ᠋ᠢ ᠬᠤᠩ ᠬᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号