ᠵᠠᠩ ᠯᠢᠩᠬᠤᠸ᠎ᠠ᠄ ᠰᠤᠷᠤᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠪᠠᠯ ᠨᠠᠰᠤᠨ ᠲᠤᠷᠱᠢᠳᠠ᠎ᠪᠠᠨ ᠠᠱᠢᠭ ᠬᠦᠷᠳᠡᠨ᠎ᠠ
2021-02-26 15:05:55
ᠵᠣᠬᠢᠶᠠᠭ᠍ᠴᠢ᠄
ᠯᠢᠦ ᠬᠤᠩ ᠵᠠᠩ
ᠣᠩᠱᠢᠭ᠍ᠰᠠᠨ ᠣᠳᠠᠭ᠎ᠠ᠄
★★★☆☆

 《ᠤᠯᠤᠰ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠨᠢ ᠤᠯᠤᠰ᠎ᠢᠶᠠᠨ ᠬᠠᠢᠷᠠᠯᠠᠬᠤ ᠦᠵᠡᠯ᠎ᠢᠶᠠᠷ ᠭᠤᠤᠯ ᠪᠤᠯᠭᠠᠭ᠍ᠰᠠᠨ ᠦᠨᠳᠦᠰᠦᠳᠡᠨ᠎ᠤ ᠵᠤᠷᠢᠭ ᠰᠠᠨᠠᠭ᠎ᠠ᠎ᠶ᠋ᠢ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠳᠡᠨ᠎ᠤ ᠨᠢᠭ᠍ᠳᠠᠷᠠᠯ᠎ᠤᠨ ᠬᠦᠴᠦᠨ᠎ᠢ ᠴᠢᠩᠭᠠᠳᠭᠠᠬᠤ᠎ᠳᠤ ᠠᠱᠢᠭ᠍ᠳᠠᠢ᠂ ᠦᠨᠳᠦᠰᠦᠳᠡᠨ᠎ᠨᠦᠭᠦᠳ᠎ᠤᠨ ᠰᠤᠷᠤᠭ᠍ᠴᠢᠳ᠎ᠤᠨ ᠨᠡᠩ ᠲᠦᠪ ᠭᠤᠤᠯᠴᠢ᠂ ᠨᠡᠩ ᠴᠢᠨᠠᠷ ᠰᠠᠢᠳᠠᠢ ᠰᠤᠷᠭᠠᠨ ᠬᠦᠮᠦᠵᠢᠯ ᠬᠦᠷᠳᠡᠵᠤ᠂ ᠨᠡᠩ ᠤᠯᠠᠨ ᠨᠡᠩ ᠦᠷᠭᠡᠨ ᠳᠡᠯᠭᠡᠷ ᠰᠤᠶᠤᠯ ᠮᠡᠳᠡᠯᠭᠡ᠎ᠶ᠋ᠢ ᠡᠵᠡᠮᠱᠢᠬᠦ᠌᠎ᠳᠤ ᠠᠱᠢᠭ᠍ᠳᠠᠢ ᠪᠠᠢᠵᠤ᠂ ᠬᠦᠮᠦᠨ᠎ᠤ ᠠᠮᠢᠳᠤᠷᠠᠯ᠎ᠢ᠎ᠨᠢ ᠨᠡᠩ ᠭᠡᠷᠡᠯ ᠭᠢᠯᠪᠠᠭ᠎ᠠ᠎ᠲᠠᠢ ᠪᠤᠯᠭᠠᠨ᠂ ᠢᠷᠡᠭᠡᠳᠦᠢ᠎ᠳᠤ ᠠᠵᠢᠯ ᠤᠯᠬᠤ ᠪᠠ ᠨᠡᠢᠭᠡᠮ᠎ᠳᠤ ᠠᠭᠤᠰᠤᠯᠴᠠᠬᠤ᠎ᠳᠤᠨᠢ ᠨᠡᠩ ᠰᠠᠢᠨ ᠰᠠᠭᠤᠷᠢ᠎ᠶ᠋ᠢ ᠲᠠᠯᠪᠢᠵᠤ ᠦᠭ᠌ᠭᠦ ᠶᠤᠮ》 ᠭᠡᠵᠤ ᠠᠯᠠᠱᠠ ᠪᠠᠷᠠᠭᠤᠨ ᠬᠤᠱᠢᠭᠤᠨ᠎ᠤ ᠱᠢᠭᠤᠳ ᠬᠠᠷᠢᠶ᠎ᠠ ᠮᠤᠩᠭᠤᠯ ᠦᠨᠳᠦᠰᠦᠳᠡᠨ᠎ᠤ ᠪᠦᠷᠢᠨ ᠪᠠᠭ᠎ᠠ ᠰᠤᠷᠭᠠᠭᠤᠯᠢ᠎ᠶ᠋ᠢᠨ ᠪᠠᠭ᠍ᠰᠢ ᠵᠠᠩ ᠯᠢᠩᠬᠤᠸ᠎ᠠ ᠬᠡᠯᠡᠨ᠎ᠠ᠃

ᠵᠠᠩ ᠯᠢᠩᠬᠤᠸ᠎ᠠ ᠮᠠᠯᠴᠢᠨ᠎ᠤ ᠭᠡᠷ᠎ᠲᠤ ᠲᠦᠷᠦᠵᠤ᠂ ᠪᠠᠭ᠎ᠠ᠎ᠳᠠᠭᠠᠨ ᠲᠤᠬᠠᠢ᠎ᠶ᠋ᠢᠨ ᠭᠠᠵᠠᠷ᠎ᠤᠨ᠎ᠢᠶᠠᠨ ᠮᠤᠩᠭᠤᠯ ᠦᠨᠳᠦᠰᠦᠳᠡᠨ᠎ᠤ ᠪᠠᠭ᠎ᠠ ᠰᠤᠷᠭᠠᠭᠤᠯᠢ᠎ᠳᠤ ᠰᠤᠷᠤᠯᠴᠠᠵᠠᠢ᠂ ᠬᠠᠷᠠᠬᠠᠨ ᠪᠠᠭ᠎ᠠ᠎ᠠᠴᠠ᠎ᠪᠠᠨ ᠢᠯᠡᠭᠦᠦ ᠨᠢᠭᠡ ᠲᠦᠷᠦᠯ᠎ᠤᠨ ᠦᠭᠡ ᠬᠡᠯᠡ ᠪᠠ ᠦᠰᠦᠭ ᠪᠢᠴᠢᠭ ᠰᠤᠷᠬᠤ᠎ᠶ᠋ᠢᠨ ᠴᠢᠬᠤᠯᠠ ᠴᠢᠨᠠᠷ᠎ᠢ ᠲᠡᠷᠡ ᠰᠤᠷᠤᠭ᠍ᠴᠢ ᠪᠠᠢᠭ᠍ᠰᠠᠨ᠎ᠠᠴᠠ᠎ᠪᠠᠨ ᠠᠵᠢᠯ᠎ᠳᠤ ᠭᠠᠷᠬᠤ ᠪᠤᠯᠳᠠᠯᠠᠬᠢ ᠤᠯᠠᠨ ᠵᠢᠯ᠎ᠤᠨ ᠰᠤᠷᠤᠯᠴᠠᠯᠭ᠎ᠠ ᠪᠠ ᠠᠵᠢᠯ᠎ᠤᠨ ᠶᠠᠪᠤᠴᠠ᠎ᠳᠠᠭᠠᠨ ᠮᠡᠳᠡᠷᠡᠵᠤ ᠤᠯᠤᠭ᠍ᠰᠠᠨ ᠶᠤᠮ᠃

《ᠬᠠᠷᠠᠬᠠᠨ ᠪᠠᠭ᠎ᠠ᠎ᠠᠴᠠ᠎ᠪᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠭ᠍ᠰᠠᠨ᠎ᠨᠢ ᠨᠠᠳᠠ᠎ᠳᠤ ᠲᠤᠩ ᠶᠡᠭᠡ ᠠᠱᠢᠭ ᠬᠦᠷᠳᠡᠭᠡᠪᠡ᠃ ᠰᠤᠷᠤᠯᠴᠠᠯᠭ᠎ᠠ ᠪᠠ ᠠᠵᠢᠯ᠎ᠤᠨ ᠦᠩᠭᠡᠷᠡᠯᠳᠡ ᠳᠤᠮᠳᠠ᠎ᠪᠠᠨ ᠪᠢ᠂ ᠦᠨᠳᠦᠰᠦᠳᠡᠨ᠎ᠤ ᠭᠠᠵᠠᠷ ᠤᠷᠤᠨ᠎ᠤ ᠦᠨᠳᠦᠰᠦᠳᠡᠨ᠎ᠤ ᠰᠤᠷᠤᠭ᠍ᠴᠢᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠭᠦᠯᠬᠦ᠌᠎ᠨᠢ ᠲᠤᠩ ᠴᠢᠬᠤᠯᠠ ᠪᠠᠢᠲᠠᠭ᠂ ᠰᠤᠷᠤᠭ᠍ᠴᠢᠳ᠎ᠲᠤ ᠨᠠᠰᠤᠨ ᠲᠤᠷᠱᠢᠳᠠ ᠠᠱᠢᠭ ᠬᠦᠷᠳᠡᠭᠡᠬᠦ᠌᠎ᠶ᠋ᠢ ᠮᠡᠳᠡᠭ᠌ᠰᠡᠨ ᠶᠤᠮ》 ᠭᠡᠵᠤ ᠵᠠᠩ ᠯᠢᠩᠬᠤᠸ᠎ᠠ ᠬᠡᠯᠡᠨ᠎ᠠ᠃ ᠲᠡᠬᠦᠨ᠎ᠤ ᠦᠵᠡᠬᠦ᠌᠎ᠪᠠᠷ᠂ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠪᠤᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠬᠤ ᠪᠤᠯ ᠦᠨᠳᠦᠰᠦᠳᠡᠨ᠎ᠤ ᠰᠤᠷᠤᠭ᠍ᠴᠢᠳ᠎ᠤᠨ ᠦᠷᠭᠡᠨ ᠠᠭᠤᠳᠠᠮ ᠮᠡᠳᠡᠯᠭᠡ᠎ᠶ᠋ᠢᠨ ᠶᠢᠷᠳᠢᠨᠴᠤ᠎ᠶ᠋ᠢ ᠨᠡᠬᠡᠬᠡᠬᠦ᠌ 《ᠠᠯᠳᠠᠨ ᠲᠦᠯᠬᠢᠭᠦᠷ》 ᠪᠤᠯᠤᠨ᠎ᠠ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠲᠦᠭᠡᠮᠡᠯᠵᠢᠭ᠌ᠰᠡᠨ ᠬᠡᠪᠴᠢᠶ᠎ᠠ ᠪᠠ ᠬᠡᠷᠡᠭ᠌ᠯᠡᠬᠦ᠌ ᠬᠡᠪᠴᠢᠶ᠎ᠠ ᠨᠡᠩ ᠦᠷᠭᠡᠨ᠂ ᠠᠴᠢᠶᠠᠯᠠᠵᠤ ᠪᠠᠢᠭ᠎ᠠ ᠮᠡᠳᠡᠯᠭᠡ᠎ᠨᠢ ᠨᠡᠩ ᠡᠯᠪᠡᠭ ᠪᠠᠶᠠᠯᠢᠭ᠂ ᠨᠡᠩ ᠦᠪ ᠵᠤᠵᠠᠭᠠᠨ ᠪᠠᠢᠲᠠᠭ; ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠴᠤ᠌ ᠭᠡᠷᠡᠭ᠌ᠯᠡᠬᠦ᠌᠎ᠨᠢ ᠦᠨᠳᠤᠰᠤᠳᠡᠨ᠎ᠤ ᠰᠤᠷᠤᠬ᠍ᠴᠢᠳ᠎ᠤᠨ ᠨᠡᠩ ᠦᠷᠭᠡᠨ ᠠᠭᠤᠳᠠᠮ ᠬᠦᠷᠢᠶᠠᠨ᠎ᠳᠤ ᠦᠰᠤᠨ ᠪᠤᠢᠵᠢᠵᠤ ᠴᠢᠳᠠᠪᠤᠷᠢᠳᠠᠨ ᠪᠤᠯᠬᠤ᠎ᠳᠤ ᠲᠦᠢᠯ᠎ᠤᠨ ᠴᠢᠬᠤᠯᠠ ᠪᠦᠭᠡᠳ ᠦᠨᠳᠤᠰᠤᠳᠡᠨ᠎ᠨᠦᠭᠦᠳ᠎ᠤᠨ ᠰᠡᠳᠭᠢᠯ ᠨᠢᠭᠡᠳᠤᠨ ᠬᠦᠰᠡᠯ ᠵᠡᠭᠦᠳᠦ᠎ᠪᠠᠨ ᠴᠤᠭ᠍ᠴᠠᠯᠠᠬᠤ᠂ ᠡᠷᠡᠮᠡᠭᠡᠢᠯᠡᠨ ᠲᠡᠮᠡᠴᠡᠵᠤ ᠬᠦᠰᠡᠯ ᠵᠡᠭᠦᠳᠦ᠎ᠪᠠᠨ ᠲᠡᠷᠭᠡᠯᠱᠢᠬᠦᠯᠬᠦ᠌᠎ᠶ᠋ᠢᠨ ᠴᠢᠬᠤᠯᠠ ᠰᠠᠭᠤᠷᠢ ᠪᠠ ᠴᠠᠭ ᠦᠶ᠎ᠡ᠎ᠶ᠋ᠢᠨ ᠱᠠᠭᠠᠷᠳᠠᠯᠭ᠎ᠠ ᠪᠠᠢᠵᠤ᠂ ᠦᠨᠳᠤᠰᠤᠳᠡᠨ᠎ᠤ ᠪᠦᠯᠬᠦᠮᠳᠡᠯ ᠲᠠᠪᠱᠢᠯᠳᠠ ᠪᠠ ᠬᠦᠭ᠌ᠵᠢᠯ ᠴᠡᠴᠡᠭ᠌ᠯᠡᠯ᠎ᠳᠤ ᠠᠱᠢᠬ᠍ᠳᠠᠢ᠂ ᠲᠤᠮᠳᠠᠳᠤ᠎ᠶ᠋ᠢᠨ ᠦᠨᠳᠤᠰᠤᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ᠎ᠳᠤ ᠠᠱᠢᠬ᠍ᠳᠠᠢ ᠶᠤᠮ᠃

ᠵᠠᠩ ᠯᠢᠩᠬᠤᠸ᠎ᠠ 1997 ᠤᠨ᠎ᠳᠤ ᠪᠠᠭ᠍ᠰᠢ᠎ᠶ᠋ᠢᠨ ᠰᠤᠷᠭᠠᠭᠤᠯᠢ᠎ᠠᠴᠠ ᠲᠡᠬᠦᠰᠦᠭ᠌ᠰᠡᠨ᠎ᠤ ᠲᠠᠷᠠᠭ᠎ᠠ᠂ ᠤᠷᠢᠳ ᠬᠤᠵᠢᠳ ᠦᠨᠳᠤᠰᠤᠨ ᠱᠠᠳᠤᠨ᠎ᠤ ᠰᠤᠷᠭᠠᠭᠤᠯᠢ ᠪᠠ ᠵᠢᠭᠠᠨ ᠰᠤᠷᠭᠠᠯᠳᠠ᠎ᠶ᠋ᠢᠨ ᠴᠡᠭ᠎ᠲᠤ ᠬᠢᠳᠠᠳ ᠬᠡᠯᠡ ᠪᠠ ᠮᠤᠩᠭᠤᠯ ᠬᠡᠯᠡ ᠵᠢᠭᠠᠵᠤ᠂ 2008 ᠤᠨ᠎ᠳᠤ ᠠᠯᠠᠱᠠ ᠪᠠᠷᠠᠭᠤᠨ ᠬᠤᠱᠢᠭᠤᠨ᠎ᠤ ᠱᠢᠭᠤᠳ ᠬᠠᠷᠢᠶ᠎ᠡ ᠮᠤᠩᠭᠤᠯ ᠦᠨᠳᠤᠰᠤᠳᠡᠨ᠎ᠤ ᠪᠦᠷᠢᠨ ᠪᠠᠭ᠎ᠠ ᠰᠤᠷᠭᠠᠭᠤᠯᠢ᠎ᠳᠤ ᠬᠢᠳᠠᠳ ᠬᠡᠯᠡᠨ᠎ᠤ ᠪᠠᠭ᠍ᠰᠢ᠎ᠶ᠋ᠢᠨ ᠠᠵᠢᠯ ᠪᠤᠯᠤᠨ ᠦᠨᠳᠤᠰᠤᠳᠡᠨ᠎ᠤ ᠬᠡᠯᠡᠨ᠎ᠤ ᠤᠷᠠᠨ ᠵᠢᠷᠤᠭ᠂ ᠲᠠᠭᠤᠤ ᠬᠦᠭ᠌ᠵᠢᠮ᠂ ᠶᠤᠰᠤ ᠰᠤᠷᠳᠠᠬᠤᠨ ᠪᠠ ᠬᠠᠤᠯᠢᠵᠢᠯ ᠵᠡᠷᠭᠡ ᠬᠢᠴᠢᠶᠠᠯ ᠲᠦᠷᠦᠯ᠎ᠤᠨ ᠵᠢᠭᠠᠨ ᠰᠤᠷᠭᠠᠯᠳᠠ᠎ᠶ᠋ᠢ ᠬᠠᠷᠢᠭᠤᠴᠠᠵᠤ ᠦᠡᠭ᠌ᠭᠡᠷᠡᠪᠡ᠃ ᠤᠳᠤ ᠲᠡᠬᠦᠨ᠎ᠤ ᠡᠷᠬᠢᠯᠡᠵᠤ ᠪᠠᠢᠭ᠎ᠠ ᠵᠢᠷᠭᠤᠳᠤᠭᠠᠷ ᠤᠨ᠎ᠤ ᠨᠢᠭᠡᠳᠤᠭᠡᠷ ᠠᠩᠭᠢ᠎ᠶ᠋ᠢᠨ ᠰᠤᠷᠤᠬ᠍ᠴᠢᠳ᠎ᠤᠨ ᠬᠢᠷᠢ ᠪᠦᠳᠦᠮᠵᠢ ᠯᠠᠪᠳᠠᠭᠤᠨ᠎ᠢᠶᠠᠷ ᠲᠡᠭᠡᠭ᠌ᠰᠢᠯᠡᠵᠤ᠂ ᠬᠢᠳᠡᠳ ᠬᠡᠯᠡ᠂ ᠦᠵᠡᠯ ᠰᠠᠨᠠᠭ᠎ᠠ ᠶᠤᠰᠤ ᠰᠤᠷᠳᠠᠬᠤᠨ᠎ᠤ ᠬᠢᠴᠢᠶᠠᠯ᠎ᠤᠨ ᠬᠢᠷᠢ ᠪᠦᠳᠦᠮᠵᠢ ᠤᠨ᠎ᠤ ᠲᠤᠮᠳᠠ᠎ᠪᠠᠨ ᠲᠡᠷᠢᠬᠦᠨ᠎ᠳᠤ ᠤᠷᠤᠵᠤ ᠪᠠᠢᠨ᠎ᠡ᠃

《ᠦᠨᠳᠤᠰᠤᠳᠡᠨ᠎ᠤ ᠪᠠᠭ᠎ᠠ ᠰᠤᠷᠭᠠᠭᠤᠯᠢ᠎ᠶ᠋ᠢᠨ ᠬᠢᠳᠠᠳ ᠬᠡᠯᠡᠨ᠎ᠤ ᠪᠠᠭ᠍ᠰᠢ ᠪᠤᠯᠤᠬ᠍ᠰᠡᠨ᠎ᠤ ᠬᠤᠪᠢ᠎ᠳᠤ᠂ ᠪᠢ ᠯᠠᠪᠳᠠᠢ ᠤᠯᠤᠰ᠎ᠤᠨ ᠨᠢᠭᠡᠳᠤᠯᠳᠠᠢ ᠨᠠᠢᠷᠠᠭᠤᠯᠤᠬ᠍ᠰᠡᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠤᠨ ᠭᠡᠷᠡᠭ᠌ᠯᠡᠬᠦ᠌ ᠰᠤᠷᠭᠠᠨ ᠬᠦᠮᠤᠵᠢᠯ᠎ᠤᠨ ᠬᠠᠷᠢᠭᠤᠴᠠᠯᠭ᠎ᠠ ᠪᠠ ᠡᠬᠦᠷᠭᠡ᠎ᠶ᠋ᠢ ᠡᠬᠦᠷᠭᠡᠯᠡᠵᠤ᠂ ᠰᠤᠷᠤᠬ᠍ᠴᠢᠳ ᠪᠠ ᠭᠡᠷ᠎ᠤᠨ ᠠᠬᠠᠮᠠᠳ᠎ᠢ ᠤᠯᠠᠮ ᠨᠢᠭᠡ ᠠᠯᠬᠤᠮ ᠬᠦᠳᠤᠯᠤᠨ ᠵᠢᠯᠤᠭᠤᠳᠴᠤ᠌ ᠪᠠᠢᠭᠠᠳ ᠤᠯᠤᠰ᠎ᠤᠨ ᠨᠠᠢᠳᠠᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠴᠤ᠌ ᠭᠡᠷᠡᠭ᠌ᠯᠡᠬᠦ᠌᠎ᠶ᠋ᠢᠨ ᠴᠢᠬᠤᠯᠠ ᠶᠡᠭᠡ ᠠᠴᠢ ᠬᠤᠯᠪᠤᠬ᠍ᠳᠠᠯ᠎ᠢ ᠬᠦᠢᠴᠡᠳ ᠲᠠᠨᠢᠭᠤᠯᠵᠤ᠂ ᠦᠪᠡᠷ᠎ᠤᠨ ᠬᠠᠷᠢᠭᠤᠴᠠᠯᠭᠠᠳᠤ ᠰᠡᠳᠭᠢᠯᠭᠡ ᠪᠡ ᠬᠠᠢᠷ᠎ᠡ ᠰᠡᠳᠭᠢᠯᠭᠡ᠎ᠪᠠᠷ᠎ᠢᠶᠠᠨ ᠭᠡᠤᠭᠡᠳ᠎ᠤᠳ᠎ᠲᠤ ᠨᠡᠩ ᠲᠦᠪ ᠭᠤᠤᠯᠴᠢ᠂ ᠨᠡᠩ ᠴᠢᠨᠠᠷ ᠰᠠᠢᠳᠠᠢ ᠰᠠᠢᠨ ᠰᠠᠢᠬᠠᠨ ᠰᠤᠷᠤᠯᠴᠠᠯᠭ᠎ᠠ᠎ᠶ᠋ᠢᠨ ᠤᠷᠴᠢᠨ ᠲᠤᠭᠤᠷᠢᠨ᠎ᠢ ᠪᠤᠢ ᠪᠤᠯᠭᠠᠨ ᠦᠭ᠌ᠴᠤ᠂ ᠭᠡᠤᠭᠡᠳ᠎ᠤᠳ᠎ᠢ ᠤᠯᠤᠰ᠎ᠤᠨ ᠨᠢᠭᠡᠳᠤᠯᠳᠠᠢ ᠨᠠᠢᠷᠠᠭᠤᠯᠤᠬ᠍ᠰᠡᠨ ᠵᠢᠭᠠᠬᠤ ᠮᠠᠲ᠋ᠧᠷᠢᠶᠠᠯ ᠪᠠ ᠤᠯᠤᠰ᠎ᠤᠨ ᠨᠡᠢᠳᠡᠮ ᠭᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠬᠤ᠂ ᠲᠡᠳᠡᠨ᠎ᠤ ᠬᠦᠮᠦᠨ᠎ᠤ ᠠᠮᠢᠳᠤᠷᠠᠯ᠎ᠢ᠎ᠨᠢ ᠭᠡᠷᠡᠯ ᠬᠢᠯᠪᠠᠭ᠎ᠠ᠎ᠲᠠᠢ ᠪᠤᠯᠭᠠᠬᠤ᠎ᠳᠤ ᠨᠡᠩ ᠦᠷᠭᠡᠨ ᠲᠠᠷᠲᠠᠩ ᠵᠠᠮ᠎ᠢ ᠲᠡᠪᠢᠰᠴᠤ᠌ ᠦᠭ᠌ᠬᠦᠨ᠎ᠡ》 ᠬᠡᠵᠤ ᠵᠠᠩ ᠯᠢᠩᠬᠤᠸ᠎ᠠ ᠬᠡᠯᠡᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号