ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠭᠦ᠌ ᠢᠳᠠ ᠭᠦᠴᠦᠨ ᠡᠷᠴᠢᠯᠡᠭ᠌ᠳᠠᠨ᠎ᠠ
2021-02-27 18:20:37
ᠵᠣᠬᠢᠶᠠᠭ᠍ᠴᠢ᠄
ᠵᠠᠩ ᠬᠤᠢ ᠯᠢᠩ ᠯᠢ ᠶᠠᠩ ᠶᠠᠩ
ᠣᠩᠱᠢᠭ᠍ᠰᠠᠨ ᠣᠳᠠᠭ᠎ᠠ᠄
★★★☆☆

 

ᠤᠨᠢᠨ ᠲᠡᠬᠡᠷ᠎ᠠ᠎ᠨᠢ ᠪᠤᠳᠤᠯᠭ᠎ᠠ ᠬᠡᠷᠡᠭ᠌ᠵᠢᠬᠦᠯᠵᠦ᠍ ᠬᠦᠴᠤ᠎ᠪᠠᠨ ᠬᠠᠮᠳᠤᠳᠭᠠᠵᠦ᠍ ᠪᠤᠭᠤᠮᠳᠠ ᠱᠢᠪᠲᠤᠯᠤᠯ᠎ᠠ

ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠡᠨᠡ ᠬᠦ᠌ ᠬᠠᠳᠠᠭᠤ ᠪᠡᠷᠬᠡ ᠡᠬᠦᠷᠬᠡ᠎ᠶ᠋ᠢ ᠪᠡᠶᠡᠯᠡᠬᠦᠯᠬᠦ᠌᠎ᠳᠤ᠂ ᠡᠷᠬᠡᠪᠰᠢ ᠤᠯᠠᠨ ᠲᠠᠯ᠎ᠠ ᠬᠠᠮᠵᠢᠯᠴᠠᠨ᠂ ᠬᠦᠴᠦ᠎ᠪᠠᠨ ᠨᠢᠬᠡᠳᠭᠡᠨ ᠪᠤᠭᠤᠮᠳᠠ ᠱᠢᠪᠲᠤᠯᠬᠤ ᠬᠡᠷᠡᠭ᠌ᠳᠡᠢ᠃

2019 ᠤᠨ᠎ᠳᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠬᠠᠷᠢᠭᠤᠴᠠᠯᠭ᠎ᠠ᠎ᠶ᠋ᠢ ᠴᠢᠨᠠᠬ᠍ᠰᠢᠳᠠ ᠪᠤᠳᠠᠳᠠᠢ ᠨᠠᠢᠳᠠᠪᠤᠷᠢᠵᠢᠭᠤᠯᠬᠤ᠎ᠶ᠋ᠢᠨ ᠲᠦᠯᠦᠬᠡ᠂ ᠦᠪᠡᠷᠳᠡᠭᠡᠨ ᠵᠠᠰᠠᠬᠤ ᠤᠷᠤᠨ᠎ᠤ ᠶᠠᠳᠠᠭᠤ᠎ᠶ᠋ᠢ ᠲᠡᠳᠬᠦᠬᠦ᠌ ᠨᠡᠬᠡᠬᠡᠯᠳᠡ᠎ᠶ᠋ᠢᠨ ᠤᠳᠤᠷᠢᠳᠭᠤ ᠲᠤᠭᠤᠢ᠍ᠢᠯᠠᠩ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠲᠤᠰᠭᠠᠢ ᠲᠦᠷᠦᠯ᠎ᠤᠨ ᠠᠵᠢᠯ᠎ᠤᠨ ᠠᠬᠢᠭᠤᠯᠬᠤ ᠲᠤᠭᠤᠢ᠍ᠢᠯᠠᠩ᠎ᠢ ᠲᠤᠬᠢᠷᠠᠭᠤᠯᠤᠨ ᠲᠡᠬᠦᠯᠳᠡᠷᠵᠢᠬᠦᠯᠵᠦ᠍᠂ ᠬᠦᠭ᠌ᠵᠢᠬᠦᠯᠤᠯᠳᠡ ᠪᠠ ᠦᠬᠡᠷᠡᠴᠢᠯᠡᠯᠳᠡ᠎ᠪᠠᠷ ᠶᠠᠳᠠᠭᠤ᠎ᠶ᠋ᠢ ᠲᠡᠳᠬᠦᠬᠦ᠂ ᠮᠠᠯ ᠠᠵᠦ᠍ ᠠᠬᠤᠢ ᠲᠠᠷᠢᠶᠠᠯᠠᠩ᠎ᠤᠨ ᠠᠵᠦ᠍ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠵᠡᠷᠬᠡ 18 ᠲᠤᠰᠭᠠᠢ ᠲᠦᠷᠦᠯ᠎ᠤᠨ ᠠᠵᠢᠯ᠎ᠤᠨ ᠠᠬᠢᠭᠤᠯᠬᠤ ᠲᠤᠭᠤᠢ᠍ᠢᠯᠠᠩ᠎ᠢ ᠪᠦᠷᠢᠯᠳᠤᠬᠦᠯᠵᠦ᠍᠂ ᠲᠤᠱᠢᠶᠠᠯ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠨᠠᠷᠢᠯᠢᠬ ᠲᠤᠳᠤᠷᠬᠠᠢᠯᠠᠵᠦ᠍᠂ ᠠᠵᠢᠯ᠎ᠤᠨ ᠲᠦᠷᠢᠮ᠎ᠢ ᠲᠤᠬ᠍ᠳᠠᠭᠠᠨ ᠪᠦᠷᠢᠨᠱᠢᠬᠦᠯᠵᠦ᠍᠂ ᠨᠡᠪᠳᠡᠷᠡᠯᠴᠡᠨ ᠬᠠᠷᠢᠯᠴᠠᠬᠤ ᠲᠤᠬ᠍ᠳᠠᠴᠠ᠎ᠶ᠋ᠢ ᠲᠡᠬᠦᠯᠳᠡᠷᠵᠢᠬᠦᠯᠵᠦ᠍᠂ ᠱᠢᠯᠭᠠᠨ ᠬᠢᠨᠠᠬᠤ ᠬᠢᠨᠠᠯᠳᠠ ᠲᠠᠯᠪᠢᠬᠤ᠎ᠶ᠋ᠢ ᠴᠢᠩᠭᠠᠳᠭᠠᠵᠦ᠍᠂ ᠡᠯ᠎ᠠ ᠲᠤᠰᠭᠠᠢ ᠲᠦᠷᠦᠯ᠎ᠤᠨ ᠠᠵᠢᠯ᠎ᠤᠨ ᠠᠬᠢᠭᠤᠯᠬᠤ ᠲᠤᠭᠤᠢ᠍ᠢᠯᠠᠩ᠎ᠤᠨ ᠲᠤᠰ ᠲᠤᠰ᠎ᠤᠨ ᠡᠬᠦᠷᠭᠡᠯᠡᠭ᠌ᠰᠡᠨ ᠪᠤᠭᠤᠮᠳᠠ ᠱᠢᠪᠲᠤᠯᠬᠤ ᠡᠬᠦᠷᠬᠡ᠎ᠪᠠᠨ ᠲᠤᠬ᠍ᠳᠠᠬ᠍ᠰᠠᠨ ᠬᠤᠭᠤᠴᠠᠭᠠᠨ᠎ᠳᠤ ᠪᠡᠶᠡᠯᠡᠬᠦᠯᠬᠦ᠌᠎ᠶ᠋ᠢ ᠠᠬᠢᠭᠤᠯᠵᠠᠢ᠃

ᠠᠵᠦ᠍ ᠦᠢᠯᠡᠰ᠎ᠢᠶᠠᠷ ᠲᠠᠢᠴᠢᠯᠠᠬᠤ᠂ ᠰᠤᠷᠭᠠᠨ ᠬᠦᠮᠦᠵᠢᠯ᠎ᠢᠶᠠᠷ ᠲᠡᠮᠵᠢᠬᠦ᠂ ᠡᠮᠴᠢᠯᠡᠭᠡ᠎ᠪᠠᠷ ᠠᠪᠤᠷᠠᠨ ᠲᠤᠰᠠᠯᠠᠬᠤ᠂ ᠠᠮᠢ ᠠᠬᠤᠢ᠎ᠶ᠋ᠢᠨ ᠨᠦᠬᠦᠪᠦᠷᠢ ᠦᠭ᠌ᠬᠦ ᠁ ᠡᠯ᠎ᠠ ᠠᠵᠢᠯ᠎ᠤᠨ ᠲᠤᠭᠤᠢ᠍ᠢᠯᠠᠩ᠎ᠤᠨ᠎ᠬᠢᠨ ᠤᠨᠢᠨ ᠲᠡᠬᠡᠷ᠎ᠠ᠎ᠨᠢ ᠪᠤᠳᠤᠯᠭ᠎ᠠ ᠬᠡᠷᠡᠭ᠌ᠵᠢᠬᠦᠯᠵᠦ᠍᠂ ᠤᠨᠢᠨ᠎ᠨᠢ ᠲᠡᠬᠡᠷ᠎ᠠ ᠬᠡᠬᠦ᠌ ᠡᠨᠡ ᠬᠦ᠌ 《ᠠᠯᠳᠠᠨ ᠲᠦᠯᠬᠢᠬᠦᠷ》 ᠎ᠢ ᠴᠢᠩᠭ᠎ᠠ ᠠᠳᠭᠤᠵᠦ᠍᠂ ᠡᠯ᠎ᠠ ᠠᠵᠢᠯ ᠲᠦᠷᠦᠯ᠎ᠤᠨ ᠰᠠᠯᠠᠭ᠎ᠠ ᠮᠦᠴᠢᠷ᠎ᠤᠨ ᠡᠬᠦᠷᠬᠡ ᠴᠢᠳᠠᠪᠬᠢ᠎ᠶ᠋ᠢᠨ ᠦᠢᠯᠡᠳᠦᠯ᠎ᠢ ᠬᠦᠢᠴᠡᠳ ᠪᠠᠳᠠᠷᠠᠭᠤᠯᠵᠦ᠍᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠲᠠᠢᠯᠠᠯᠳᠤᠭᠠᠨ᠎ᠤ ᠶᠠᠰᠤ ᠴᠢᠨᠠᠷ ᠪᠠ ᠦᠷ᠎ᠠ ᠪᠦᠲᠦᠮᠵᠢ᠎ᠶ᠋ᠢ ᠪᠠᠳᠤᠯᠠᠬ᠍ᠰᠠᠨ ᠪᠠᠢᠨ᠎ᠠ᠃

ᠴᠣ᠌ ᠱᠢᠨ᠎ᠠ ᠪᠠᠢᠱᠢᠩ᠎ᠤᠳ ᠵᠢᠭ᠌ᠳᠡᠷᠡᠨ᠂ ᠵᠠᠰᠠᠮᠠᠯ ᠵᠠᠮ ᠲᠦᠷᠪᠡᠨ ᠵᠦᠭ ᠨᠠᠢ᠍ᠮᠠᠨ ᠵᠤᠪᠬᠢᠰ᠎ᠲᠤ ᠨᠡᠪᠲᠡᠷᠡᠵᠦ᠍᠂ ᠬᠦᠳᠡᠭᠡ ᠲᠤᠰᠭᠤᠨ ᠵᠢᠷᠤᠭ ᠱᠢᠬ ᠭᠤᠶᠤᠬᠠᠨ ᠪᠤᠯᠵᠤ᠂ ᠠᠵᠦ᠍ ᠦᠢᠯᠡᠰ᠎ᠤᠨ ᠬᠦᠷᠢᠶᠡᠯᠡᠩ᠎ᠤᠳ ᠨᠤᠳᠤᠬ᠍ᠰᠢᠨ ᠰᠠᠭᠤᠷᠢᠱᠢᠵᠤ ᠁ ᠬᠠᠶᠠ ᠦᠬᠡᠢ ᠦᠷᠨᠢᠨ ᠬᠦᠭ᠌ᠵᠢᠭ᠌ᠰᠡᠨ᠂ ᠰᠦᠷ ᠲᠠᠯᠠᠢᠴᠠᠳᠠᠢ ᠶᠠᠳᠠᠭᠤ᠎ᠠᠴᠠ ᠠᠩᠬᠢᠵᠢᠷᠠᠭᠤᠯᠬᠤ ᠦᠵᠡᠮᠵᠢ ᠪᠠᠢᠳᠠᠯ ᠤᠮᠠᠷᠠᠳᠤ ᠬᠢᠯᠢ᠎ᠶ᠋ᠢᠨ ᠡᠬᠡ ᠭᠠᠵᠠᠷ᠎ᠲᠤ ᠭᠤᠢᠳᠠ ᠰᠠᠢᠬᠠᠨ ᠢᠯᠡᠷᠡᠵᠡᠢ᠃


 

ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠭᠦ᠌ ᠢᠳᠠ ᠭᠦᠴᠦᠨ ᠡᠷᠴᠢᠯᠡᠭ᠌ᠳᠠᠨ᠎ᠠ


ᠬᠢᠩᠭᠠᠨ ᠠᠢᠮᠠᠬ᠎ᠤᠨ ᠲᠦᠴᠢᠤᠧᠠᠨ ᠱᠢᠶᠠᠨ᠎ᠤ ᠵᠢᠷᠭᠤᠭᠠᠨᠬᠡᠷ ᠪᠠᠯᠭᠠᠰᠤᠨ᠎ᠤ ᠱᠤᠸᠠᠩ ᠱᠢᠩ ᠲᠤᠰᠭᠤᠨ᠎ᠤ ᠠᠷᠠᠳ ᠶᠠᠩ ᠴᠢᠩ ᠹᠦ᠋᠎ᠶ᠋ᠢᠨ ᠬᠡᠷ᠎ᠲᠤ ᠬᠦᠷᠬᠦ᠌᠎ᠳᠤ᠂ ᠡᠬᠦᠳᠡ᠎ᠶ᠋ᠢ᠎ᠨᠢ ᠠᠯᠬᠤᠨ ᠤᠷᠤᠬᠤ᠎ᠠᠴᠠ ᠡᠮᠦᠨ᠎ᠠ᠂ ᠦᠬᠡᠷ᠎ᠤᠨ ᠬᠢᠨᠢ ᠮᠦᠬᠡᠷᠡᠬᠦ᠌ ᠲᠠᠭᠤᠨ ᠲᠤᠭᠤᠯᠳᠠᠪᠠ᠃

《ᠮᠠᠨ᠎ᠤ ᠡᠨᠡ ᠬᠡᠳᠦᠨ ᠦᠬᠡᠷ ᠭᠤᠶᠤ ᠪᠢᠵᠡ᠂ ᠡᠳᠡᠬᠡᠷ ᠦᠬᠡᠷ᠎ᠲᠤ ᠲᠦᠱᠢᠭ᠌ᠯᠡᠵᠦ᠍ ᠪᠠᠢᠭᠠᠳ ᠪᠢ ᠰᠠᠶᠢ ᠶᠠᠳᠠᠭᠤ᠎ᠠᠴᠠ᠎ᠪᠠᠨ ᠠᠩᠬᠢᠵᠢᠷᠠᠬ᠍ᠰᠠᠨ ᠱᠢᠤ᠃ ᠡᠨᠡ ᠵᠢᠯ ᠪᠤᠯ ᠦᠬᠡᠷ ᠵᠢᠯ᠂ ᠪᠢ ᠨᠡᠩ ᠢᠯᠡᠬᠦᠦ ᠴᠢᠷᠮᠠᠢᠵᠦ᠍ ᠦᠬᠡᠷ᠎ᠢᠶᠠᠨ ᠰᠠᠢᠬᠠᠨ ᠲᠡᠵᠢᠬᠡᠨ᠂ ᠡᠷᠳᠡ ᠡᠳᠦᠷ ᠴᠢᠨᠡᠬᠡᠯᠢᠭ ᠠᠮᠢᠳᠤᠷᠠᠬᠤ᠎ᠪᠠᠷ ᠴᠢᠷᠮᠠᠢᠨ᠎ᠠ》 ᠬᠡᠵᠦ᠍ ᠶᠠᠩ ᠴᠢᠩ ᠹᠦ᠋ ᠦᠬᠡᠷ᠎ᠢᠶᠠᠨ ᠡᠪᠡᠰᠤᠯᠡᠬᠦ᠌᠎ᠶ᠋ᠢᠨ ᠲᠠᠭᠠᠤ ᠢᠨᠢᠶᠡᠮᠰᠦᠭ᠌ᠯᠡᠨ ᠬᠡᠯᠡᠪᠡ᠃

ᠶᠠᠩ ᠴᠢᠩ ᠹᠦ᠋ ᠡᠨᠡ ᠵᠢᠯ 69 ᠨᠠᠰᠤᠳᠠᠢ᠃ ᠦᠩᠬᠡᠷᠡᠭ᠌ᠰᠡᠨ᠎ᠳᠤ ᠲᠡᠷᠡ᠎ᠪᠠᠷ ᠲᠠᠷᠢᠶ᠎ᠠ ᠲᠠᠷᠢᠵᠦ᠍ ᠠᠮᠢᠳᠤᠷᠠᠯ᠎ᠢᠶᠠᠨ ᠠᠷᠭᠠᠴᠠᠭᠠᠵᠦ᠍᠂ ᠵᠢᠯ᠎ᠤᠨ ᠦᠩᠬᠡ ᠪᠠᠷᠤᠬ᠍ᠳᠠᠢ ᠪᠤᠯ᠂ ᠵᠤᠭᠤᠰ ᠤᠯᠬᠤ ᠦᠬᠡᠢ ᠮᠦᠷᠳᠡᠭᠡᠨ ᠬᠡᠳᠡᠷᠬᠦ᠌ ᠠᠯᠳᠠᠵᠦ᠍᠂ ᠠᠮᠢᠳᠤᠷᠠᠯ᠎ᠨᠢ ᠨᠡᠯᠢᠶᠡᠳ ᠬᠦᠴᠢᠷᠳᠡᠢ ᠪᠠᠢᠪᠠ᠃ 2015 ᠤᠨ᠎ᠳᠤ᠂ ᠡᠳᠡᠨᠡᠢᠬᠢᠨ᠎ᠢ ᠲᠠᠩᠰᠠᠯᠠᠵᠦ᠍ ᠺᠠᠷᠲᠯᠠᠬ᠍ᠰᠠᠨ ᠶᠠᠳᠠᠭᠤ ᠬᠦᠴᠢᠷᠳᠡᠯᠳᠡᠢ ᠡᠷᠦᠬᠡ᠎ᠪᠠᠷ ᠲᠤᠳᠤᠯᠠᠵᠠᠢ᠃

2017 ᠤᠨ᠎ᠤ 9 ᠰᠠᠷ᠎ᠠ᠎ᠳᠤ᠂ ᠶᠠᠩ ᠴᠢᠩ ᠹᠦ᠋ ᠲᠤᠰᠭᠤᠨ᠎ᠳᠤ ᠰᠠᠭᠤᠭ᠎ᠠ ᠠᠵᠢᠯᠯᠠᠬᠤ ᠠᠩᠬᠢ ᠪᠠ ᠲᠤᠰᠭᠤᠨ᠎ᠤ ᠨᠠᠮ᠎ᠤᠨ ᠡᠬᠦᠷ᠂ ᠲᠤᠰᠭᠤᠨ᠎ᠤ ᠠᠷᠠᠳ᠎ᠤᠨ ᠵᠦᠪᠯᠡᠯ᠎ᠤᠨ ᠬᠠᠪᠰᠤᠷᠤᠯᠭ᠎ᠠ ᠵᠢᠯᠤᠭᠤᠳᠤᠮᠵᠢ ᠲᠤᠤᠷ᠎ᠠ᠂ 4 ᠲᠦᠮᠡᠨ ᠲᠦᠬᠦᠷᠢᠭ᠎ᠤᠨ ᠵᠢᠬᠡᠯᠡᠯᠬᠡ ᠤᠯᠵᠦ᠍ 3 ᠦᠨᠢᠶ᠎ᠠ ᠬᠤᠳᠠᠯᠳᠤᠨ ᠠᠪᠴᠠᠢ᠃


33.png


ᠤᠢ᠍ᠢᠷ᠎ᠠ᠎ᠶ᠋ᠢᠨ ᠵᠢᠯ᠎ᠠᠴᠠ ᠨᠠᠭᠠᠰᠢ᠂ ᠲᠦᠴᠢᠤᠧᠠᠨ ᠱᠢᠶᠠᠨ ᠪᠦᠬᠦ᠌ ᠱᠢᠶᠠᠨ᠎ᠤ᠎ᠪᠠᠨ ᠬᠡᠪᠴᠢᠶᠡᠨ᠎ᠳᠤ 《ᠶᠠᠳᠠᠭᠤ᠎ᠶ᠋ᠢ ᠲᠡᠳᠬᠦᠬᠦ᠌᠎ᠳᠤ ᠠᠵᠦ᠍ ᠦᠢᠯᠡᠰ᠎ᠢᠶᠠᠷ ᠲᠡᠳᠬᠦᠨ᠎ᠠ · ᠮᠠᠯ ᠠᠵᠦ᠍ ᠠᠬᠤᠢ᠎ᠪᠠᠷ ᠲᠦᠴᠢᠤᠧᠠᠨ᠎ᠢᠶᠠᠨ ᠲᠠᠬᠢᠨ ᠱᠤᠭᠤᠨ᠎ᠠ》 ᠬᠡᠬᠦ᠌ ᠢᠨᠵᠧᠨᠧᠷᠢᠩ᠎ᠢ ᠬᠦᠴᠦᠳᠡᠢ ᠬᠡᠷᠡᠭ᠌ᠵᠢᠭᠦᠯᠵᠤ᠂ ᠲᠦᠷᠦ᠎ᠶ᠋ᠢᠨ ᠪᠤᠳᠤᠯᠭ᠎ᠠ᠎ᠪᠠᠷ ᠤᠷᠮᠠᠱᠢᠭᠤᠯᠤᠨ ᠵᠤᠷᠢᠬ᠍ᠵᠢᠭᠤᠯᠬᠤ᠂ ᠵᠢᠱ᠌ᠢᠶ᠎ᠠ ᠦᠵᠡᠬᠦᠯᠤᠨ ᠲᠠᠢᠴᠢᠯᠠᠬᠤ᠂ ᠦᠢᠯᠡᠴᠢᠯᠡᠭᠡ᠎ᠪᠠᠨ ᠱᠢᠯᠢᠳᠡᠭ᠌ᠵᠢᠬᠦᠯᠬᠦ᠌ ᠵᠡᠷᠬᠡ ᠠᠷᠭ᠎ᠠ ᠬᠡᠮᠵᠢᠶ᠎ᠠ ᠠᠪᠬᠤ᠎ᠪᠠᠷ ᠲᠠᠮᠵᠢᠵᠦ᠍᠂ ᠮᠠᠯ ᠠᠵᠦ᠍ ᠠᠬᠤᠢ᠎ᠪᠠᠷ ᠪᠦᠬᠦ᠌ ᠱᠢᠶᠠᠨ᠎ᠤ ᠮᠠᠯᠴᠢᠨ ᠲᠠᠷᠢᠶᠠᠴᠢᠨ᠎ᠤ ᠤᠷᠤᠯᠭ᠎ᠠ᠎ᠪᠠᠨ ᠨᠡᠮᠡᠭ᠌ᠳᠡᠬᠦᠯᠦᠨ ᠴᠢᠨᠡᠭᠡᠯᠢᠭ᠌ᠵᠢᠬᠦ᠌᠎ᠶ᠋ᠢ ᠠᠬᠢᠭᠤᠯᠵᠠᠢ᠃

ᠦᠬᠡᠷ᠎ᠢᠶᠠᠨ ᠨᠠᠷᠢᠨ ᠨᠢᠮᠪᠠᠢ ᠠᠷᠠᠴᠢᠯᠠᠵᠦ᠍ ᠲᠤᠳᠤᠮᠳᠠᠬ᠍ᠰᠠᠨ᠎ᠠᠴᠠ᠂ ᠶᠠᠩ ᠴᠢᠩ ᠹᠦ᠋᠎ᠶ᠋ᠢᠨ᠎ᠬᠢᠨ 8 ᠦᠬᠡᠷ᠎ᠲᠠᠢ ᠪᠤᠯᠵᠤ᠂ 2020 ᠤᠨ᠎ᠤ ᠡᠬᠢ᠎ᠪᠠᠷ ᠲᠡᠷᠡ ᠬᠤᠶᠠᠷ ᠲᠤᠭᠤᠯ ᠬᠤᠳᠠᠯᠳᠤᠭᠠᠳ 2.6 ᠲᠦᠮᠡᠨ ᠲᠦᠬᠦᠷᠢᠭ ᠡᠪᠦᠷᠳᠦᠯᠡᠵᠦ᠍᠂ ᠶᠠᠳᠠᠭᠤ᠎ᠠᠴᠠ᠎ᠪᠠᠨ ᠲᠦᠢᠯᠪᠤᠷᠢᠳᠠᠢ ᠠᠩᠬᠢᠵᠢᠷᠠᠵᠠᠢ᠃

ᠶᠠᠩ ᠴᠢᠩ ᠹᠦ᠋᠎ᠶ᠋ᠢᠨ᠎ᠬᠢᠨ᠎ᠤ ᠶᠠᠳᠠᠭᠤ᠎ᠠᠴᠠ ᠠᠩᠬᠢᠵᠢᠷᠠᠬ᠍ᠰᠠᠨ ᠶᠠᠪᠤᠳᠠᠯ᠎ᠨᠢ ᠮᠠᠨ᠎ᠤ ᠤᠷᠤᠨ᠎ᠤ ᠠᠵᠦ᠍ ᠦᠢᠯᠡᠰ᠎ᠢᠶᠠᠷ ᠶᠠᠳᠠᠭᠤ᠎ᠶ᠋ᠢ ᠲᠡᠳᠬᠦᠭ᠌ᠰᠡᠨ ᠨᠢᠬᠡ ᠵᠢᠱ᠌ᠢᠶ᠎ᠠ ᠲᠡᠳᠦᠶ ᠶᠤᠮ᠃ ᠤᠢ᠍ᠢᠷ᠎ᠠ᠎ᠶ᠋ᠢᠨ ᠵᠢᠯ᠎ᠳᠤ᠂ ᠮᠠᠨ᠎ᠤ ᠤᠷᠤᠨ ᠶᠠᠳᠠᠭᠤ᠎ᠶ᠋ᠢ ᠲᠡᠳᠬᠦᠬᠦ᠌ ᠠᠵᠦ᠍ ᠦᠢᠯᠡᠰ᠎ᠢ ᠬᠦᠭ᠌ᠵᠢᠬᠦᠯᠬᠦ᠌᠎ᠳᠤ ᠶᠡᠭᠡ ᠬᠦᠴᠤ᠌ ᠤᠷᠤᠭᠤᠯᠵᠦ᠍᠂ ᠮᠠᠯ ᠠᠵᠦ᠍ ᠠᠬᠤᠢ ᠲᠠᠷᠢᠶᠠᠯᠠᠩ᠎ᠤᠨ ᠡᠬᠢ ᠪᠠᠶᠠᠯᠢᠬ᠎ᠤᠨ ᠲᠠᠪᠠᠭᠤᠯᠢᠬ᠎ᠲᠠᠭᠠᠨ ᠰᠠᠭᠤᠷᠢᠯᠠᠵᠦ᠍᠂ ᠶᠠᠳᠠᠭᠤ᠎ᠶ᠋ᠢ ᠲᠡᠳᠬᠦᠬᠦ᠌ 15 ᠲᠠᠪᠠᠭᠤᠯᠢᠬ ᠠᠵᠤ ᠦᠢᠯᠡᠰ᠎ᠤᠨ ᠪᠦᠰᠡ ᠪᠠ ᠶᠠᠳᠠᠭᠤ᠎ᠶ᠋ᠢ ᠲᠡᠳᠬᠦᠬᠦ᠌ 11 ᠠᠵᠦ᠍ ᠦᠢᠯᠡᠰ᠎ᠤᠨ ᠪᠦᠯᠦᠭ᠌ᠵᠢᠯ᠎ᠢ ᠪᠦᠷᠢᠯᠳᠦᠬᠦᠯᠬᠦ᠌᠎ᠶ᠋ᠢ ᠠᠬᠢᠭᠤᠯᠵᠦ᠍᠂ ᠠᠵᠦ᠍ ᠦᠢᠯᠡᠰ᠎ᠤᠨ ᠲᠦᠷᠦᠯ ᠵᠦᠢᠯ ᠪᠦ᠍ᠬᠦ᠌ ᠤᠷᠤᠨ᠎ᠤ 80% ᠎ᠠᠴᠠ ᠲᠡᠭᠡᠭ᠌ᠰᠢᠬᠢ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠪᠦᠷᠬᠦᠵᠡᠢ᠃ ᠡᠳ᠋᠎ᠤᠨ ᠵᠠᠰᠠᠬ᠎ᠠᠴᠠ ᠶᠠᠳᠠᠭᠤ᠎ᠶ᠋ᠢ ᠲᠡᠳᠬᠦᠭᠦ᠎ᠳᠤ 394.1 ᠳ᠋ᠦᠩᠱᠢᠭᠤᠷ ᠲᠦᠬᠦᠷᠢᠭ᠎ᠤᠨ ᠪᠡᠯᠡ ᠮᠦᠩᠬᠦ᠌ ᠤᠷᠤᠭᠤᠯᠵᠦ᠍᠂ ᠶᠠᠳᠠᠭᠤ ᠬᠦᠴᠢᠷᠳᠡᠯᠳᠡᠢ ᠭᠠᠵᠠᠷ ᠤᠷᠤᠨ᠎ᠤ ᠮᠠᠯ ᠠᠵᠦ᠍ ᠠᠬᠤᠢ ᠲᠠᠷᠢᠶᠠᠯᠠᠩ᠎ᠤᠨ ᠬᠦᠭ᠌ᠵᠢᠯᠳᠡ᠎ᠳᠤ ᠬᠡᠯᠪᠠᠢᠭ᠌ᠰᠡᠨ ᠪᠡᠯᠡ ᠮᠦᠩᠬᠦ᠌ 445 ᠳ᠋ᠦᠩᠱᠢᠭᠤᠷ ᠲᠦᠬᠦᠷᠢᠭ᠎ᠲᠤ ᠬᠦᠷᠴᠤ᠌᠂ 207.6 ᠳ᠋ᠦᠩᠱᠢᠭᠤᠷ ᠲᠦᠬᠦᠷᠢᠭ᠎ᠤᠨ ᠶᠠᠳᠠᠭᠤ᠎ᠶ᠋ᠢ ᠲᠡᠳᠬᠦᠬᠦ᠌ ᠪᠠᠭ᠎ᠠ ᠲᠤᠭᠠᠨ᠎ᠤ ᠵᠢᠬᠡᠯᠡᠯᠬᠡ᠎ᠶ᠋ᠢ ᠲᠠᠷᠬᠠᠭᠠᠵᠦ᠍᠂ ᠶᠠᠳᠠᠭᠤ᠎ᠶ᠋ᠢ ᠲᠡᠳᠬᠦᠬᠦ᠌ ᠠᠵᠦ᠍ ᠦᠢᠯᠡᠰ᠎ᠤᠨ ᠬᠦᠭ᠌ᠵᠢᠯᠳᠡ᠎ᠳᠤ ᠬᠦᠢᠴᠡᠳ ᠪᠡᠯᠡ ᠮᠦᠩᠬᠦᠨ᠎ᠤ ᠪᠠᠳᠤᠯᠠᠭ᠎ᠠ ᠬᠠᠩᠭᠠᠵᠠᠢ᠃

ᠠᠵᠦ᠍ ᠦᠢᠯᠡᠰ᠎ᠢ ᠬᠦᠭ᠌ᠵᠢᠬᠦᠯᠵᠦ᠍᠂ ᠠᠷᠠᠳ ᠤᠯᠠᠨ᠎ᠢ ᠪᠠᠶᠠᠵᠢᠭᠤᠯᠤᠨ᠎ᠠ᠃ ᠪᠦᠬᠦ᠌ ᠤᠷᠤᠨ᠎ᠤ ᠡᠯ᠎ᠠ ᠭᠠᠵᠠᠷ ᠤᠷᠤᠨ 《ᠵᠠᠬᠢᠶᠠᠯᠠᠭ᠎ᠠ᠎ᠶ᠋ᠢᠨ ᠬᠡᠯᠪᠡᠷᠢ》 ᠎ᠶ᠋ᠢᠨ ᠶᠠᠳᠠᠭᠤ᠎ᠶ᠋ᠢ ᠲᠡᠳᠬᠦᠬᠦ᠂ ᠨᠠᠢᠳᠠᠨ ᠬᠠᠮᠢᠶᠠᠷᠤᠭᠤᠯᠵᠦ᠍ ᠡᠵᠡᠩᠨᠡᠬᠦ᠂ ᠮᠡᠷᠬᠡᠵᠢᠯ᠎ᠤᠨ ᠦᠢᠯᠡᠴᠢᠯᠡᠭᠡ ᠬᠠᠩᠭᠠᠬᠤ᠂ ᠬᠤᠪᠢᠴᠠᠭᠠᠳᠤ ᠬᠠᠮᠳᠤᠷᠠᠯᠴᠠᠭ᠎ᠠ ᠦᠷᠨᠢᠬᠦᠯᠬᠦ᠌ ᠵᠡᠷᠬᠡ ᠵᠠᠬ᠍ᠪᠤᠷ᠎ᠢᠶᠠᠷ ᠲᠠᠮᠵᠢᠵᠦ᠍᠂ ᠶᠠᠳᠠᠭᠤ ᠬᠦᠴᠢᠷᠳᠡᠯᠳᠡᠢ ᠡᠷᠦᠬᠡ᠎ᠶ᠋ᠢ ᠶᠠᠳᠠᠭᠤ᠎ᠠᠴᠠ ᠠᠩᠬᠢᠵᠢᠷᠠᠭᠤᠯᠬᠤ ᠠᠵᠦ᠍ ᠦᠢᠯᠡᠰ᠎ᠤᠨ ᠬᠡᠯᠬᠢᠶ᠎ᠠ᠎ᠳᠤ ᠤᠷᠤᠭᠤᠯᠵᠠᠢ᠃ ᠤᠳᠤᠬᠠᠨ ᠪᠤᠯᠳᠠᠯ᠎ᠠ᠂ ᠪᠦᠬᠦ᠌ ᠤᠷᠤᠨ᠎ᠤ ᠶᠠᠳᠠᠭᠤ ᠬᠦᠴᠢᠷᠳᠡᠯᠳᠡᠢ ᠡᠷᠦᠬᠡ᠎ᠯᠤᠭ᠎ᠠ ᠨᠢᠬ᠍ᠳᠠ ᠠᠱᠢᠬ ᠲᠤᠰᠠ᠎ᠶ᠋ᠢᠨ ᠬᠤᠯᠪᠤᠭ᠎ᠠ᠎ᠲᠠᠢ ᠠᠵᠦ᠍ ᠠᠬᠤᠢ᠍ᠢᠯᠠᠯ 1004 ᠪᠤᠯᠵᠤ᠂ 55.71 ᠲᠦᠮᠡᠨ (ᠬᠦᠮᠦᠨ ᠤᠳᠠᠭ᠎ᠠ) ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠲᠠᠢᠴᠢᠯᠠᠵᠠᠢ᠃ ᠪᠦᠬᠦ᠌ ᠤᠷᠤᠨ ᠮᠠᠯᠴᠢᠨ ᠲᠠᠷᠢᠶᠠᠴᠢᠨ᠎ᠤ ᠲᠤᠰᠭᠠᠢ ᠬᠤᠷᠱᠢᠶ᠎ᠠ᠎ᠶ᠋ᠢ 4169᠂ ᠬᠡᠷ ᠪᠦᠯᠢ᠎ᠶ᠋ᠢᠨ ᠮᠠᠯᠵᠢᠯ᠎ᠤᠨ ᠲᠠᠯᠠᠪᠠᠢ ᠪᠠ ᠲᠠᠷᠢᠶᠠᠯᠠᠩ᠎ᠤᠨ ᠲᠠᠯᠠᠪᠠᠢ᠎ᠶ᠋ᠢ 906᠂ ᠶᠠᠳᠠᠭᠤ ᠬᠦᠴᠢᠷᠳᠡᠯᠳᠡᠢ ᠭᠠᠴᠠᠭ᠎ᠠ ᠲᠤᠰᠭᠤᠨ᠎ᠤ ᠴᠢᠨᠡᠭᠡᠯᠢᠭ᠌ᠵᠢᠯ᠎ᠤᠨ ᠲᠠᠭᠠᠭᠤᠯᠤᠬ᠍ᠴᠢ᠎ᠶ᠋ᠢ 1.7 ᠲᠦᠮᠡ ᠬᠦᠭ᠌ᠵᠢᠬᠦᠯᠵᠦ᠍᠂ 35.25 ᠲᠦᠮᠡᠨ (ᠬᠦᠮᠦᠨ ᠤᠳᠠᠭ᠎ᠠ) ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠲᠠᠢᠴᠢᠯᠠᠵᠠᠢ᠃ ᠪᠦᠬᠦ᠌ ᠤᠷᠤᠨ᠎ᠤ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠲᠠᠢᠴᠢᠯᠠᠵᠦ᠍ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠴᠦᠭᠡᠳᠭᠡᠭ᠌ᠰᠡᠨ 9 ᠵᠠᠬ᠍ᠪᠤᠷ 《ᠪᠦᠬᠦ᠌ ᠪᠦᠮᠪᠦᠷᠴᠡᠭ᠎ᠤᠨ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠴᠦᠭᠡᠳᠭᠡᠭ᠌ᠰᠡᠨ ᠵᠢᠱ᠌ᠢᠶ᠎ᠠ》 ᠎ᠪᠠᠷ ᠰᠤᠩᠭᠤᠬ᠍ᠳᠠᠵᠠᠢ᠃

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号