《ᠡᠨᠡ ᠵᠢᠯ᠎ᠤᠨ ᠪᠦᠬᠦ᠌ ᠤᠯᠤᠰ᠎ᠤᠨ ᠬᠤᠶᠠᠷ ᠬᠤᠷᠠᠯ ᠣᠳᠠᠯ ᠦᠭᠡᠢ ᠬᠤᠷᠠᠯᠳᠤᠬᠤ ᠭᠡᠵᠦ᠍ ᠪᠣᠢ᠂ ᠪᠢ ᠠᠢᠽᠢ ᠡᠪᠡᠳᠴᠢᠨ᠎ᠢ ᠰᠡᠷᠭᠡᠢᠯᠡᠬᠦ᠂ ᠭᠠᠩᠰᠠᠷᠠᠬᠤ ᠬᠡᠮ᠎ᠤᠨ ᠠᠩᠬᠠᠨ᠎ᠤ ᠬᠤᠭᠤᠴᠠᠭᠠᠨ᠎ᠳᠤ ᠰᠡᠳᠡᠯᠲᠡ ᠦᠭ᠌ᠬᠦ ᠲᠤᠬᠠᠢ ᠰᠠᠨᠠᠯ ᠳᠤᠷᠠᠳᠤᠯᠭ᠎ᠠ ᠪᠡᠯᠡᠳᠭᠡᠭ᠌ᠰᠡᠨ》 ᠭᠡᠵᠦ᠍ ᠮᠠᠨ᠎ᠤ ᠤᠷᠤᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ᠂ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠬᠦᠮᠦᠨ ᠠᠮᠠ ᠡᠭᠢ ᠪᠠᠶᠠᠯᠢᠭ ᠤᠷᠴᠢᠨ ᠲᠤᠭᠤᠷᠢᠨ᠎ᠤ ᠵᠦᠪᠯᠡᠯ᠎ᠤᠨ ᠡᠷᠬᠢᠯᠡᠭ᠌ᠴᠢ ᠶᠦᠨ ᡁᠢ ᠡᠾᠸᠥ ᠪᠠᠶᠠᠷᠲᠠᠢ ᠬᠡᠯᠡᠨ᠎ᠡ᠃ ᠨᠢᠳᠤᠨᠤᠨ᠎ᠤ ᠪᠦᠬᠦ᠌ ᠤᠯᠤᠰ᠎ᠤᠨ ᠬᠤᠶᠠᠷ ᠬᠤᠷᠠᠯ᠎ᠤᠨ ᠬᠤᠭᠤᠴᠠᠭᠠᠨ᠎ᠳᠤ᠂ ᠳᠡᠬᠦᠨ᠎ᠤ ᠳᠡᠪᠱᠢᠬᠦᠯᠦᠭ᠌ᠰᠡᠨ ᠠᠵᠢᠯᠲᠠᠨ᠎ᠤ ᠶᠠᠪᠣᠳᠠᠯ᠎ᠤᠨ ᠤᠷᠢᠨ ᠡᠯᠰᠡᠬᠦ᠌ ᠱᠢᠯᠭᠠᠯᠲᠠ᠎ᠶ᠋ᠢ ᠱᠢᠯᠢᠳᠡᠭ᠌ᠵᠢᠬᠦᠯᠵᠦ᠍᠂ ᠲᠦᠷᠢᠮ᠎ᠤᠨ ᠴᠢᠨᠠᠷᠲᠠᠢ ᠠᠵᠢᠯ ᠤᠯᠭᠤᠬᠤ ᠭᠠᠳᠠᠭᠤᠷᠴᠢᠯᠠᠯ᠎ᠢ ᠠᠷᠢᠯᠭᠠᠵᠣ᠂ ᠴᠢᠳᠠᠪᠤᠷᠢᠲᠠᠨ᠎ᠤ ᠦᠨᠳᠦᠰᠦᠨ ᠱᠠᠲᠦ ᠳᠡᠢᠰᠢ ᠡᠮᠬᠢ ᠵᠢᠷᠦᠮ᠎ᠲᠠᠢ ᠱᠢᠯᠵᠢᠬᠦ᠌᠎ᠶ᠋ᠢ ᠠᠬᠢᠭᠤᠯᠬᠤ ᠲᠤᠬᠠᠢ ᠰᠠᠨᠠᠯ ᠳᠤᠷᠠᠳᠤᠯᠭ᠎ᠠ᠎ᠨᠢ᠂ ᠪᠦᠬᠦ᠌ ᠤᠯᠤᠰ᠎ᠤᠨ ᠡᠯ᠎ᠡ ᠭᠠᠵᠠᠷ᠎ᠤᠨ᠎ᠬᠢᠨ᠎ᠤ ᠤᠯᠤᠰ᠎ᠤᠨ ᠠᠵᠢᠯᠲᠠᠨ᠎ᠤ ᠶᠠᠪᠣᠳᠠᠯ᠎ᠤᠨ ᠱᠢᠯᠭᠠᠯᠲᠠ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢ ᠲᠤᠭᠤᠱᠢᠯᠠᠭᠤᠯᠣᠨ ᠨᠠᠢᠳᠠᠪᠤᠷᠢᠵᠢᠭᠤᠯᠬᠤ᠎ᠶ᠋ᠢ ᠠᠬᠢᠭᠤᠯᠵᠠᠢ᠃ 2020 ᠤᠨ᠎ᠤ ᠪᠦᠬᠦ᠌ ᠤᠯᠤᠰ᠎ᠤᠨ ᠡᠯ᠎ᠡ ᠭᠠᠵᠠᠷ᠎ᠤᠨ ᠦᠨᠳᠦᠰᠦᠨ ᠱᠠᠲᠦᠨ᠎ᠤ ᠡᠮ ᠡᠮᠨᠡᠯᠭᠡ ᠡᠷᠡᠬᠦᠯ ᠬᠠᠮᠠᠭᠠᠯᠠᠯ᠎ᠤᠨ ᠠᠵᠢᠯᠲᠠᠨ᠂ ᠪᠠᠭ᠍ᠰᠢ ᠤᠷᠢᠨ ᠡᠯᠰᠡᠬᠦ᠌ ᠱᠢᠯᠭᠠᠯᠲᠠ᠎ᠳᠤ᠂ ᠪᠦᠬᠦᠯᠢ ᠡᠳᠦᠷ᠎ᠤᠨ ᠲᠦᠷᠢᠮᠲᠦ ᠪᠤᠰᠤ ᠰᠤᠷᠤᠯᠭ᠎ᠠ᠎ᠶ᠋ᠢᠨ ᠨᠠᠮᠲᠠᠷ᠎ᠲᠠᠢ ᠬᠦᠮᠦᠰ ᠨᠡᠷ᠎ᠡ ᠮᠡᠳᠡᠭᠦᠯᠦᠨ ᠱᠢᠯᠭᠠᠵᠣ ᠦᠯᠦ᠍ ᠪᠤᠯᠬᠤ ᠱᠠᠭᠠᠷᠳᠠᠯᠭ᠎ᠠ᠎ᠶ᠋ᠢ ᠬᠦᠴᠦᠨ ᠦᠭᠡᠢ ᠪᠣᠯᠭᠠᠵᠠᠢ᠃
ᠠᠮᠵᠢᠯᠳᠠ ᠪᠦᠲᠦᠮᠵᠢ᠎ᠶ᠋ᠢᠨ ᠠᠷᠦ᠎ᠳᠠᠬᠢ 《ᠠᠷᠭ᠎ᠠ ᠤᠬᠠᠭᠠᠨ》 ᠪᠤᠯᠤᠨ 《ᠪᠤᠳᠠᠳᠦ ᠠᠵᠢᠯᠯᠠᠭ᠎ᠠ》 ᠨᠢ᠂ ᠪᠦᠷ 《ᠬᠦᠮᠦᠨ ᠠᠮᠠ》᠂ 《ᠡᠬᠢ ᠪᠠᠶᠠᠯᠢᠭ》᠂ 《ᠤᠷᠴᠢᠨ ᠲᠤᠭᠤᠷᠢᠨ》 ᠠᠴᠠ ᠰᠠᠯᠵᠦ᠍ ᠴᠢᠳᠠᠬᠤ ᠦᠬᠡᠢ᠃
《ᠨᠢᠳᠤᠨᠤᠨ᠎ᠤ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠬᠡᠨᠡᠳᠲᠡ᠎ᠪᠠᠷ ᠡᠬᠦᠰᠦᠭ᠌ᠰᠡᠨ ᠱᠢᠨ᠎ᠡ ᠲᠢᠲᠢᠮᠯᠢᠡ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠨᠢ᠂ ᠨᠢᠬᠡ ᠣᠳᠠᠭ᠎ᠠ᠎ᠶ᠋ᠢᠨ ᠴᠢᠬᠤᠯᠠ ᠶᠡᠭᠡ ᠬᠡᠨᠡᠳᠲᠡ ᠡᠬᠦᠰᠦᠭ᠌ᠰᠡᠨ ᠤᠯᠠᠨ ᠨᠡᠢᠲᠡ᠎ᠶ᠋ᠢᠨ ᠡᠷᠡᠬᠦᠯ ᠬᠠᠮᠠᠭᠠᠯᠠᠯ᠎ᠤᠨ ᠭᠡᠷᠡᠭ ᠪᠤᠯᠬᠤ᠎ᠨᠢ ᠶᠠᠷᠢᠶᠠᠨ ᠦᠬᠡᠢ᠂ ᠠᠷᠠᠳ ᠲᠦᠮᠡᠨ᠎ᠤ ᠠᠮᠢ ᠨᠠᠰᠦ ᠡᠷᠡᠬᠦᠯ ᠮᠠᠨᠳᠦ᠎ᠳᠤ ᠯᠤᠲᠦ ᠶᠡᠭᠡ ᠰᠦᠷᠳᠡᠬᠦᠯᠦᠯ ᠪᠤᠯᠤᠨ ᠬᠤᠬᠢᠷᠠᠯ ᠤᠴᠠᠷᠠᠭᠤᠯᠤᠬ᠍ᠰᠠᠨᠢᠶᠠᠷ ᠪᠠᠷᠠᠬᠤ ᠦᠬᠡᠢ᠂ ᠠᠵᠦ᠍ ᠠᠬᠤᠢ᠎ᠶ᠋ᠢᠨ ᠬᠦᠭ᠌ᠵᠢᠯᠲᠡ᠎ᠶ᠋ᠢ ᠴᠦ᠍ ᠨᠦᠯᠦᠭᠡᠯᠡᠵᠡᠢ》 ᠭᠡᠵᠦ᠍ ᠶᠦᠨ ᡁᠢ ᠡᠾᠸᠥ ᠬᠡᠯᠡᠨ᠎ᠡ᠃ ᠲᠡᠭᠦᠨ᠎ᠤ ᠦᠵᠡᠬᠦ᠌᠎ᠪᠠᠷ᠂ ᠡᠯ᠎ᠠ ᠠᠵᠢᠯ ᠲᠦᠷᠦᠯ᠎ᠤᠨ ᠭᠡᠨᠡᠳᠲᠡ ᠡᠬᠦᠰᠦᠭ᠌ᠰᠡᠨ ᠤᠯᠠᠨ ᠨᠡᠢᠲᠡ᠎ᠶ᠋ᠢᠨ ᠡᠷᠡᠬᠦᠯ ᠬᠠᠮᠠᠭᠠᠯᠠᠯ᠎ᠤᠨ ᠬᠡᠷᠡᠭ᠎ᠢ ᠪᠠᠴᠢᠮ ᠠᠷᠭᠠᠴᠠᠬᠤ ᠪᠡᠯᠡᠳᠭᠡᠯ ᠲᠦᠰᠦᠯ᠎ᠢ ᠲᠦᠷᠭᠡᠨ ᠲᠡᠬᠦᠯᠳᠡᠷᠵᠢᠬᠦᠯᠬᠦ᠌᠎ᠨᠢ ᠲᠦᠢᠯ᠎ᠤᠨ ᠴᠢᠬᠤᠯᠠ ᠠᠵᠢᠯ ᠪᠣᠯᠣᠨ᠎ᠠ᠃ ᠲᠡᠷᠡ ᠲᠤᠰᠭᠠᠢ ᠮᠡᠷᠭᠡᠵᠢᠯ᠎ᠤᠨ ᠳᠠᠪᠠᠭᠤᠯᠢᠭ᠎ᠢᠶᠠᠨ ᠪᠠᠳᠠᠷᠠᠭᠤᠯᠵᠦ᠍᠂ ᠡᠯ᠎ᠡ ᠠᠵᠢᠯ ᠲᠦᠷᠦᠯ᠎ᠤᠨ ᠬᠡᠨᠡᠳᠲᠡ ᠡᠬᠦᠰᠦᠭ᠌ᠰᠡᠨ ᠤᠯᠠᠨ ᠨᠡᠢᠲᠡ᠎ᠶ᠋ᠢᠨ ᠡᠷᠡᠬᠦᠯ ᠬᠠᠮᠠᠭᠠᠯᠠᠯ᠎ᠤᠨ ᠬᠡᠷᠡᠭ᠎ᠢ ᠪᠠᠴᠢᠮ ᠠᠷᠭᠠᠴᠠᠬᠤ ᠪᠡᠯᠡᠳᠭᠡᠯ ᠲᠦᠰᠦᠯ᠎ᠢ ᠲᠡᠬᠦᠯᠳᠡᠷᠵᠢᠬᠦᠯᠬᠦ᠌ ᠲᠤᠬᠠᠢ ᠰᠠᠨᠠᠭᠤᠯᠭ᠎ᠠ ᠲᠤᠭᠤᠷᠪᠢᠨ ᠮᠡᠳᠡᠬᠦᠯᠦᠨ ᠬᠦᠷᠭᠡᠵᠡᠢ᠃
《ᠶᠡᠷᠦᠩᠬᠡᠢ ᠱᠦᠵᠢ ᠰᠢ᠎ᠶ᠋ᠢᠨ ᠫᠢᠩ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠤᠯᠤᠨ ᠴᠢᠨᠠᠷ ᠰᠠᠢᠲᠠᠢ ᠬᠦᠭ᠌ᠵᠢᠯᠲᠡ᠎ᠶ᠋ᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠦ᠍ ᠨᠠᠢᠳᠠᠪᠤᠷᠢᠵᠢᠭᠤᠯᠬᠤ᠎ᠳᠤ᠂ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠲᠠ᠎ᠳᠤ ᠦᠢᠯᠡᠴᠢᠯᠡᠬᠦ᠌ ᠠᠵᠢᠯ᠎ᠤᠨ ᠶᠡᠭᠡ ᠳᠠᠯᠠᠳᠤ ᠰᠠᠭᠤᠷᠢᠯᠠᠬᠤ ᠬᠡᠷᠡᠭ᠌ᠲᠡᠢ》 ᠭᠡᠵᠦ᠍ ᠶᠦᠨ ᡁᠢ ᠡᠾᠸᠥ ᠬᠡᠯᠡᠨ᠎ᠡ᠃ ᠨᠢᠳᠤᠨᠤᠨ ᠶᠦᠨ ᡁᠢ ᠡᠾᠸᠥ ᠶᠠᠷᠢᠯᠴᠠᠬᠤ ᠬᠤᠷᠠᠯ ᠬᠢᠬᠦ᠌᠎ᠪᠠᠷ ᠳᠠᠮᠵᠢᠭᠤᠯᠵᠦ᠍᠂ 12 ᠲᠢᠩᠬᠢᠮ ᠲᠤᠪᠴᠢᠶ᠎ᠡ᠎ᠶ᠋ᠢᠨ ᠬᠠᠷᠢᠭᠤᠴᠠᠯᠭᠠᠲᠠᠨ᠎ᠤ ᠬᠠᠮᠢᠶ᠎ᠠ ᠪᠦᠬᠦᠢ ᠪᠠᠢᠳᠠᠯ᠎ᠤᠨ ᠲᠠᠨᠢᠯᠴᠠᠭᠤᠯᠭ᠎ᠠ᠎ᠶ᠋ᠢ ᠬᠢᠨᠠᠮᠠᠭᠠᠢ ᠲᠡᠮᠳᠡᠭ᠌ᠯᠡᠨ ᠠᠪᠴᠠᠢ; ᠬᠠᠲᠤᠨ ᠭᠤᠤᠯ ᠳᠠᠭᠠᠥ᠎ᠶ᠋ᠢᠨ 7 ᠠᠢᠮᠠᠬ ᠬᠤᠲᠠ᠎ᠶ᠋ᠢᠨ ᠬᠠᠲᠤᠨ ᠭᠤᠤᠯ᠎ᠤᠨ ᠲᠦᠭ᠌ᠰᠢᠬᠦᠷᠢ᠎ᠲᠦ ᠬᠡᠰᠡᠭ᠂ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠭ᠂ ᠠᠮᠢ ᠠᠬᠤᠢ᠎ᠶ᠋ᠢᠨ ᠵᠠᠰᠠᠯᠲᠠ᠎ᠶ᠋ᠢᠨ ᠣᠷᠣᠨ᠂ ᠤᠰᠤᠨ ᠠᠱᠢᠬ᠍ᠯᠠᠯᠲᠠ᠎ᠶ᠋ᠢᠨ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠬᠦᠨᠵᠡᠬᠡᠢᠷᠡᠵᠦ᠍᠂ ᠪᠤᠳᠠᠳᠠᠢ ᠭᠠᠵᠠᠷ᠎ᠲᠤᠨᠢ ᠪᠠᠢᠴᠠᠭᠠᠨ ᠰᠤᠳᠤᠯᠬᠤ᠂ ᠵᠦᠪᠯᠡᠯᠬᠡ ᠦᠭ᠌ᠴᠦ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠣᠨ᠂ ᠬᠠᠲᠤᠨ ᠭᠤᠤᠯ᠎ᠤᠨ ᠤᠰᠤᠨ᠎ᠤ ᠡᠬᠢ ᠪᠠᠶᠠᠯᠢᠭ᠎ᠤᠨ ᠠᠱᠢᠬ᠍ᠯᠠᠯᠲᠠ᠂ ᠬᠠᠲᠤᠨ ᠭᠤᠤᠯ ᠳᠠᠭᠠᠥ ᠤᠷᠤᠨ᠎ᠤ ᠠᠵᠦ᠍ ᠦᠢᠯᠡᠰ᠎ᠤᠨ ᠬᠦᠭ᠌ᠵᠢᠯᠲᠡ᠂ ᠤᠷᠴᠢᠨ ᠲᠤᠭᠤᠷᠢᠨ᠎ᠤ ᠬᠠᠮᠠᠭᠠᠯᠠᠯᠲᠠ ᠵᠡᠷᠭᠡ ᠪᠠᠢᠳᠠᠯ᠎ᠢ ᠤᠢ᠍ᠢᠯᠠᠭᠠᠪᠠ; ᠲᠤᠰᠭᠠᠢ ᠮᠡᠷᠭᠡᠵᠢᠯᠲᠡᠨ᠎ᠤ ᠰᠠᠨᠠᠯ᠎ᠢ ᠬᠤᠷᠢᠶᠠᠬᠤ᠂ ᠬᠠᠮᠢᠶ᠎ᠠ ᠪᠦᠬᠦᠢ ᠲᠤᠭ᠎ᠠ ᠪᠠᠷᠢᠮᠲᠠ᠎ᠶ᠋ᠢ ᠬᠠᠷᠭᠤᠭᠤᠯᠬᠤ᠂ ᠤᠷᠤᠨ᠎ᠤ ᠭᠠᠳᠠᠨᠠᠬᠢ ᠲᠡᠷᠢᠬᠦᠨ᠎ᠤ ᠲᠤᠷᠱᠢᠯᠭ᠎ᠠ᠎ᠶ᠋ᠢ ᠰᠤᠷᠤᠯᠴᠠᠬᠤ᠂ ᠤᠯᠤᠰ ᠪᠤᠯᠤᠨ ᠦᠪᠡᠷᠲᠡᠭᠡᠨ ᠵᠠᠰᠠᠬᠤ ᠤᠷᠤᠨ᠎ᠤ ᠬᠠᠮᠢᠶ᠎ᠠ ᠪᠦᠬᠦᠢ ᠲᠦᠷᠦ᠎ᠶ᠋ᠢᠨ ᠪᠤᠳᠤᠯᠭ᠎ᠠ᠎ᠶ᠋ᠢ ᠨᠠᠷᠢᠨ ᠤᠢ᠍ᠢᠯᠠᠭᠠᠬᠤ ᠁ ᠵᠡᠷᠭᠡ᠎ᠪᠠᠷ ᠳᠠᠮᠵᠢᠭᠤᠯᠣᠨ᠂ ᠡᠴᠦᠰ᠎ᠲᠡᠭᠡᠨ ᠬᠠᠲᠤᠨ ᠭᠤᠤᠯ ᠳᠠᠭᠠᠥ ᠤᠷᠤᠨ᠎ᠤ ᠠᠮᠢ ᠠᠬᠤᠢ᠎ᠶ᠋ᠢᠨ ᠬᠠᠮᠠᠭᠠᠯᠠᠯᠲᠠ ᠪᠤᠯᠤᠨ ᠴᠢᠨᠠᠷ ᠰᠠᠢᠲᠠᠢ ᠬᠦᠭ᠌ᠵᠢᠯᠲᠡ᠎ᠳᠤ ᠡᠵᠡᠮᠱᠢᠬᠦ᠌ ᠴᠢᠬᠤᠯᠠᠲᠠᠢ ᠭᠤᠤᠯ ᠵᠠᠷᠴᠢᠮ᠎ᠢ ᠲᠤᠷᠠᠳᠴᠣ᠂ ᠬᠠᠲᠤᠨ ᠭᠤᠤᠯ᠎ᠤᠨ ᠰᠠᠪᠠ ᠭᠠᠵᠠᠷ᠎ᠲᠤ ᠠᠷᠪᠠᠨ ᠲᠠᠯ᠎ᠠ᠎ᠶ᠋ᠢᠨ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠰᠠᠢᠲᠤᠷ ᠠᠳᠭᠤᠬᠤ ᠲᠤᠬᠠᠢ ᠰᠠᠨᠠᠭᠤᠯᠭ᠎ᠠ ᠭᠠᠷᠭᠠᠵᠦ᠍᠂ ᠠᠵᠢᠯ᠎ᠤᠨ ᠳᠠᠪᠬᠤᠷᠭ᠎ᠠ᠎ᠠᠴᠠ ᠲᠦᠷᠪᠡᠨ ᠲᠠᠯ᠎ᠠ᠎ᠶ᠋ᠢᠨ ᠰᠠᠨᠠᠭᠤᠯᠭ᠎ᠠ ᠳᠤᠷᠠᠳᠴᠠᠢ᠃
ᠡᠬᠦᠨ᠎ᠤ ᠬᠠᠮᠳᠦ᠂ ᠶᠦᠨ ᡁᠢ ᠡᠾᠸᠥ ᠲᠤᠬᠠᠢᠯᠠᠬ᠍ᠰᠠᠨ ᠠᠵᠢᠯ᠎ᠳᠠᠭᠠᠨ ᠰᠠᠭᠤᠷᠢᠯᠠᠵᠦ᠍᠂ ᠲᠤᠯᠤᠳᠤᠭᠠᠷ ᠤᠳᠠᠭᠠᠨ᠎ᠤ ᠪᠦᠬᠦ᠌ ᠤᠯᠤᠰ᠎ᠤᠨ ᠬᠦᠮᠦᠨ ᠠᠮᠠ᠎ᠶ᠋ᠢᠨ ᠨᠡᠢᠳᠡᠮ ᠪᠠᠢᠴᠠᠭᠠᠯᠲᠠ᠎ᠶ᠋ᠢᠨ ᠲᠤᠭ᠎ᠠ ᠪᠠᠷᠢᠮᠲᠠ᠎ᠲᠠᠢ ᠤᠶᠠᠯᠳᠤᠭᠤᠯᠵᠦ᠍᠂ ᠦᠪᠡᠷᠲᠡᠭᠡᠨ ᠵᠠᠰᠠᠬᠤ ᠤᠷᠤᠨ᠎ᠤ ᠬᠦᠮᠦᠨ ᠠᠮᠠ᠎ᠶ᠋ᠢᠨ ᠬᠦᠭ᠌ᠵᠢᠯᠲᠡ᠎ᠶ᠋ᠢᠨ ᠬᠠᠨᠳᠤᠰᠢ᠎ᠶ᠋ᠢᠨ ᠰᠤᠳᠤᠯᠭᠠᠨ᠎ᠲᠠᠢ ᠤᠶᠠᠯᠳᠤᠭᠤᠯᠵᠦ᠍᠂ ᠦᠪᠦᠷ ᠮᠤᠩᠭᠤᠯ᠎ᠤᠨ ᠬᠦᠮᠦᠨ ᠠᠮᠠ᠎ᠶ᠋ᠢᠨ ᠨᠠᠰᠤᠵᠢᠯ᠎ᠢ ᠠᠷᠭᠠᠴᠠᠬᠤ ᠪᠤᠳᠤᠯᠭ᠎ᠠ᠂ ᠬᠦᠮᠦᠨ ᠠᠮᠠ᠎ᠶ᠋ᠢᠨ ᠱᠢᠯᠵᠢᠯᠲᠡ᠎ᠶ᠋ᠢᠨ ᠬᠠᠨᠳᠤᠰᠢ ᠵᠡᠷᠭᠡ ᠠᠭᠤᠯᠭ᠎ᠠ᠎ᠪᠠᠷ ᠪᠠᠢᠴᠠᠭᠠᠨ ᠰᠤᠳᠤᠯᠤᠯᠲᠠ ᠬᠢᠵᠡᠢ᠃
ᠶᠦᠨ ᡁᠢ ᠡᠾᠸᠥ᠎ᠶ᠋ᠢᠨ ᠠᠯᠪᠠᠨ ᠭᠡᠷ᠎ᠤᠨ ᠪᠢᠴᠢᠭ᠎ᠤᠨ ᠬᠤᠷᠭᠤ᠎ᠳᠠᠬᠢ ᠤᠯᠠᠭᠠᠨ ᠬᠠᠪᠢᠰᠣᠳᠠᠢ ᠵᠢᠵᠢᠭ ᠳᠡᠪᠲᠡᠷ᠎ᠨᠢ ᠰᠤᠷᠪᠤᠯᠵᠢᠯᠠᠬ᠍ᠴᠢ᠎ᠶ᠋ᠢᠨ ᠠᠩᠬᠠᠷᠤᠯ᠎ᠢ ᠣᠨᠴᠠ ᠳᠠᠳᠠᠪᠠ᠂ ᠡᠨᠡ᠎ᠨᠢ 1994 ᠤᠨ᠎ᠳᠤ ᠬᠦᠬᠡᠬᠤᠲᠠ᠎ᠶ᠋ᠢᠨ ᠤᠯᠤᠰ ᠲᠦᠷᠦ᠎ᠶ᠋ᠢᠨ ᠵᠦᠪᠯᠡᠯᠬᠡᠨ᠎ᠠᠴᠠ ᠤᠯᠭᠤᠬ᠍ᠰᠠᠨ 《ᠬᠡᠱᠢᠬᠦᠨ᠎ᠢᠶᠠᠷ ᠤᠷᠢᠭ᠍ᠰᠠᠨ ᠪᠢᠴᠢᠭ》 ᠪᠤᠯᠤᠨ᠎ᠠ᠃ 《ᠪᠢ ᠬᠦᠬᠡᠬᠤᠲᠠ᠎ᠶ᠋ᠢᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ᠂ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ ᠪᠤᠯᠤᠬ᠍ᠰᠠᠨ᠎ᠳᠠᠭᠠᠨ ᠮᠠᠰᠢ ᠤᠮᠤᠬ᠍ᠰᠢᠨᠡ》 ᠭᠡᠵᠦ᠍ ᠳᠡᠷᠡ ᠬᠡᠯᠡᠨ᠎ᠡ᠃ 2021 ᠤᠨ᠎ᠳᠤ ᠠᠵᠢᠯ᠎ᠤᠨ ᠴᠢᠭ᠌ᠯᠡᠯ᠎ᠢᠶᠠᠨ ᠦᠯᠦ᠍ ᠬᠤᠪᠢᠷᠠᠭᠤᠯᠣᠨ᠂ ᠡᠷᠴᠢᠮ᠎ᠢᠶᠠᠨ ᠦᠯᠦ᠍ ᠰᠤᠯᠠᠷᠠᠭᠤᠯᠵᠣ᠂ ᠠᠷᠭ᠎ᠠ ᠣᠬᠠᠭᠠᠨ ᠭᠠᠷᠭᠠᠨ ᠵᠠᠰᠠᠭ᠎ᠲᠤ ᠲᠤᠰᠠᠯᠠᠬᠤ ᠪᠤᠯᠤᠨ ᠬᠠᠮᠳᠦ᠎ᠶ᠋ᠢᠨ ᠲᠠᠨᠢᠯᠲᠠ᠎ᠪᠠᠨ ᠨᠢᠬ᠍ᠲᠠᠷᠠᠭᠤᠯᠬᠤ ᠳᠠᠯ᠎ᠠ᠎ᠪᠠᠷ ᠦᠷᠬᠦᠯᠵᠢᠯᠡᠨ ᠬᠤᠤᠰ ᠴᠢᠭ᠌ᠯᠡᠯ᠎ᠢᠶᠠᠷ ᠬᠦᠴᠦᠯᠡᠵᠦ᠍᠂ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠶᠦᠨ ᡁᠢ ᠡᠾᠸᠥ ᠢᠯᠡᠷᠬᠡᠢᠯᠡᠨ᠎ᠡ᠃