ᠮᠠᠨ᠎ᠤ ᠣᠷᠣᠨ᠎ᠤ ᠡᠯ᠎ᠡ ᠠᠢᠮᠠᠭ ᠬᠤᠲᠠ ᠦᠨᠳᠦᠰᠦᠳᠡᠨ᠎ᠤ ᠦᠬᠡ ᠬᠡᠯᠡ᠎ᠪᠠᠷ ᠬᠢᠴᠢᠶᠡᠯᠯᠡᠵᠤ ᠪᠠᠢᠭ᠎ᠠ ᠰᠤᠷᠭᠠᠭᠤᠯᠢ᠎ᠶ᠋ᠢᠨ ᠡᠯ᠎ᠡ ᠵᠦᠢᠯ᠎ᠤᠨ ᠰᠤᠷᠭᠠᠭᠤᠯᠢ ᠡᠬᠢᠯᠡᠬᠦ᠌ ᠪᠡᠯᠡᠳᠭᠡᠯ ᠠᠵᠢᠯ᠎ᠢ ᠢᠳᠡᠪᠬᠢᠲᠡᠶ ᠰᠠᠢᠲᠤᠷ ᠬᠢᠵᠤ ᠪᠠᠢᠨ᠎ᠠ
2021-02-27 18:18:25
ᠵᠣᠬᠢᠶᠠᠭ᠍ᠴᠢ᠄
ᠯᠢᠦ ᡁᠢ ᠱᠢᠶᠠᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠠᠴᠠ ᠤᠢ᠍ᠢᠯᠠᠭᠠᠭ᠍ᠰᠠᠨ᠎ᠢᠶᠠᠷ᠂ 2021 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ ᠤᠳᠠᠯ ᠦᠭᠡᠢ ᠡᠬᠢᠯᠡᠬᠦ᠌ ᠬᠡᠵᠤ ᠪᠠᠢᠭ᠎ᠠ ᠮᠦᠴᠡ᠎ᠳᠤ᠂ ᠪᠦᠬᠦ᠌ ᠣᠷᠣᠨ᠎ᠤ ᠡᠯ᠎ᠡ ᠠᠢᠮᠠᠭ ᠬᠤᠳᠠ᠎ᠶ᠋ᠢᠨ᠎ᠬᠢᠨ ᠦᠨᠳᠦᠰᠦᠳᠡᠨ᠎ᠤ ᠦᠬᠡ ᠬᠡᠯᠡ᠎ᠪᠠᠷ ᠬᠢᠴᠢᠶᠡᠯᠯᠡᠵᠤ ᠪᠠᠢᠭ᠎ᠠ ᠰᠤᠷᠭᠠᠭᠤᠯᠢ᠎ᠶ᠋ᠢᠨ ᠡᠯ᠎ᠡ ᠵᠦᠢᠯ᠎ᠤᠨ ᠰᠤᠷᠭᠠᠭᠤᠯᠢ ᠡᠬᠢᠯᠡᠬᠦ᠌ ᠪᠡᠯᠡᠳᠭᠡᠯ ᠠᠵᠢᠯ᠎ᠢ ᠢᠳᠡᠪᠬᠢᠲᠡᠢ ᠰᠠᠢᠲᠤᠷ ᠬᠢᠵᠦ᠍᠂ ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ ᠬᠦᠷᠴᠦ᠍ ᠢᠷᠡᠬᠦ᠌᠎ᠶ᠋ᠢ ᠤᠭ᠍ᠲᠤᠵᠤ ᠪᠠᠢᠨ᠎ᠠ᠃

ᠬᠥᠬᠡᠬᠤᠲᠠ᠎ᠶ᠋ᠢᠨ ᠤᠷᠢᠵᠦ᠍ ᠡᠯᠰᠡᠭ᠌ᠰᠡᠨ ᠭᠤᠷᠪᠠᠨ ᠬᠢᠴᠢᠶᠡᠯ ᠲᠥᠷᠥᠯ᠎ᠤᠨ 15 ᠪᠠᠭ᠍ᠰᠢ ᠨᠢᠭᠡᠨᠲᠡ ᠠᠵᠢᠯ᠎ᠤᠨ ᠤᠷᠤᠨ ᠪᠠᠢᠷᠢ᠎ᠳᠠᠭᠠᠨ ᠬᠦᠷᠦᠭ᠌ᠰᠡᠨ ᠪᠥᠭᠡᠳ ᠭᠤᠷᠪᠠᠨ ᠬᠢᠴᠢᠶᠡᠯ ᠲᠥᠷᠥᠯ᠎ᠤᠨ 6 ᠱᠢᠯᠢᠳᠡᠭ ᠪᠠᠭ᠍ᠰᠢ᠎ᠶ᠋ᠢ ᠰᠣᠩᠭᠤᠨ ᠦᠨᠳᠦᠰᠦᠳᠡᠨ᠎ᠤ ᠦᠬᠡ ᠬᠡᠯᠡ᠎ᠪᠠᠷ ᠬᠢᠴᠢᠶᠡᠯᠯᠡᠵᠤ ᠪᠠᠢᠭ᠎ᠠ ᠰᠤᠷᠭᠠᠭᠤᠯᠢ᠎ᠳᠤ ᠲᠤᠮᠢᠯᠠᠵᠤ ᠪᠠᠭ᠍ᠰᠢᠯᠠᠭᠤᠯᠪᠠ; ᠪᠥᠬᠦ᠌ ᠬᠤᠲᠠ᠎ᠶ᠋ᠢᠨ ᠦᠨᠳᠦᠰᠦᠳᠡᠨ᠎ᠤ ᠦᠬᠡ ᠬᠡᠯᠡ᠎ᠪᠠᠷ ᠬᠢᠴᠢᠶᠡᠯᠯᠡᠵᠤ ᠪᠠᠢᠭ᠎ᠠ ᠰᠤᠷᠭᠠᠭᠤᠯᠢ᠎ᠶ᠋ᠢᠨ ᠪᠠᠭ᠍ᠰᠢ᠎ᠶ᠋ᠢᠨ ᠡᠪᠦᠯ᠎ᠤᠨ ᠠᠮᠠᠷᠠᠯᠲᠠ᠎ᠶ᠋ᠢᠨ ᠪᠤᠯᠪᠡᠰᠦᠷᠡᠯ᠎ᠤᠨ ᠠᠩᠬᠢ᠎ᠶ᠋ᠢᠨ ᠬᠤᠶᠠᠳᠤᠭᠠᠷ ᠬᠤᠭᠤᠴᠠᠭᠠᠨ᠎ᠤ ᠪᠤᠯᠪᠠᠰᠤᠷᠠᠯ᠎ᠤᠨ ᠠᠩᠬᠢ ᠶᠠᠭ ᠶᠠᠪᠤᠬ᠍ᠳᠠᠵᠤ ᠪᠤᠢ᠂ ᠬᠠᠮᠢᠶ᠎ᠠ ᠪᠥᠬᠦᠶ ᠵᠢᠭᠠᠬᠤ ᠮᠠᠲ᠋ᠧᠷᠢᠶᠠᠯ᠎ᠢ ᠴᠥᠮ ᠪᠠᠭ᠍ᠰᠢ᠎ᠶ᠋ᠢᠨ ᠭᠠᠷ᠎ᠲᠤ ᠲᠠᠷᠬᠠᠭᠠᠵᠤ᠂ ᠰᠤᠷᠭᠠᠭᠤᠯᠢ ᠡᠬᠢᠯᠡᠬᠦ᠌᠎ᠠᠴᠠ ᠡᠮᠦᠨ᠎ᠡ ᠬᠢᠷᠢ ᠲᠡᠩᠴᠡᠭ᠌ᠰᠡᠨ ᠪᠠᠭ᠍ᠰᠢ ᠠᠵᠢᠯ᠎ᠤᠨ ᠪᠠᠢᠷᠢ᠎ᠳᠤ ᠭᠠᠷᠬᠤ᠎ᠶ᠋ᠢ ᠪᠠᠳᠤᠯᠠᠪᠠ; ᠡᠯ᠎ᠡ ᠭᠠᠵᠠᠷ᠎ᠤᠨ ᠱᠢᠨᠬᠤᠸᠠ ᠨᠣᠮ᠎ᠤᠨ ᠳᠡᠯᠭᠡᠭᠦᠷ ᠣᠳᠣ ᠶᠠᠭ ᠰᠤᠷᠭᠠᠭᠤᠯᠢ᠎ᠳᠤ ᠵᠢᠭᠠᠬᠤ ᠮᠠᠲ᠋ᠧᠷᠢᠶᠠᠯ᠎ᠢ ᠬᠦᠷᠭᠡᠨ ᠥᠭ᠌ᠴᠦ᠂ 3 ᠰᠠᠷ᠎ᠠ᠎ᠶ᠋ᠢᠨ 1 ᠎ᠤ ᠡᠳᠦᠷ ᠰᠤᠷᠭᠠᠭᠤᠯᠢ ᠡᠬᠢᠯᠡᠬᠦ᠌᠎ᠠᠴᠠ ᠡᠮᠦᠨ᠎ᠡ ᠪᠦᠬᠦᠨ᠎ᠢ ᠤᠷᠤᠨ ᠪᠠᠢᠷᠢ᠎ᠳᠤᠨᠢ ᠬᠦᠷᠬᠡᠬᠦ᠌ ᠪᠤᠯᠤᠨ᠎ᠠ᠃ ᠪᠤᠭᠤᠳᠤ ᠬᠤᠳᠠ ᠢᠯᠡ᠎ᠪᠠᠷ ᠤᠷᠢᠵᠤ ᠡᠯᠰᠡᠬᠦ᠌᠎ᠪᠠᠷ ᠲᠠᠮᠵᠢᠨ ᠦᠨᠳᠦᠰᠦᠳᠡᠨ᠎ᠤ ᠦᠬᠡ ᠬᠡᠯᠡ᠎ᠪᠠᠷ ᠬᠢᠴᠢᠶᠡᠯᠯᠡᠵᠤ ᠪᠠᠢᠭ᠎ᠠ 4 ᠰᠤᠷᠭᠠᠭᠤᠯᠢ᠎ᠳᠤ 36 ᠪᠠᠭ᠍ᠰᠢ ᠨᠥᠬᠦᠪᠥᠷᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠣᠨᠴᠠ ᠠᠵᠢᠯ᠎ᠤᠨ ᠪᠠᠢᠷᠢ᠎ᠶ᠋ᠢᠨ 8 ᠪᠠᠭ᠍ᠰᠢ᠎ᠶ᠋ᠢ ᠨᠥᠬᠦᠪᠥᠷᠢᠯᠡᠵᠦ᠍᠂ ᠪᠥᠬᠦ᠌ ᠬᠤᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠲᠤᠮᠳᠠ ᠳᠣᠭᠢᠷᠠᠭᠤᠯᠬᠤ ᠠᠷᠭ᠎ᠠ᠎ᠪᠠᠷ 40 ᠪᠡᠯᠡᠳᠭᠡᠯ ᠪᠠᠭ᠍ᠰᠢ᠎ᠶ᠋ᠢ ᠱᠢᠯᠢᠨ ᠰᠣᠩᠭᠤᠵᠤ᠂ ᠠᠵᠢᠯ᠎ᠤᠨ ᠪᠠᠢᠷᠢ᠎ᠳᠤ ᠭᠠᠷᠤᠭ᠍ᠰᠠᠨ ᠪᠣᠶ ᠪᠥᠬᠦᠶ ᠪᠠᠭ᠍ᠰᠢ᠎ᠳᠤ ᠴᠥᠮ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ ᠬᠦᠷᠲᠡᠭᠡᠪᠡ᠃ ᠣᠳᠣᠬᠠᠨ᠎ᠳᠤ᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦᠨ᠎ᠢ ᠪᠦᠷᠢᠨ ᠭᠦᠢᠴᠡᠳ ᠪᠡᠯᠡᠳᠭᠡᠭ᠌ᠰᠡᠨ ᠪᠥᠭᠡᠳ ᠨᠢᠭᠡᠨᠲᠡ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠤ ᠪᠠᠢᠭ᠎ᠠ ᠡᠯ᠎ᠡ ᠰᠤᠷᠭᠠᠭᠤᠯᠢ᠎ᠳᠤ ᠬᠦᠷᠭᠡᠪᠡ᠃

ᠲᠦᠩᠯᠢᠶᠣᠤ ᠬᠤᠲᠠ 2 ᠰᠠᠷ᠎ᠠ᠎ᠶ᠋ᠢᠨ 23 ᠎ᠤ ᠡᠳᠦᠷ ᠭᠤᠷᠪᠠᠨ ᠬᠢᠴᠢᠶᠡᠯ ᠲᠥᠷᠥᠯ᠎ᠤᠨ ᠪᠠᠭ᠍ᠰᠢ᠎ᠶ᠋ᠢᠨ ᠨᠡᠢᠳᠡᠯᠢᠭ ᠭᠡᠯᠡᠠ᠎ᠤ ᠪᠤᠯᠪᠡᠰᠦᠷᠡᠯ᠎ᠤᠨ ᠠᠩᠬᠢ᠎ᠶ᠋ᠢ ᠡᠷᠬᠢᠯᠡᠵᠤ᠂ ᠪᠥᠬᠦ᠌ ᠬᠤᠲᠠ᠎ᠶ᠋ᠢᠨ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠤ ᠪᠠᠢᠭ᠎ᠠ ᠰᠤᠷᠭᠠᠭᠤᠯᠢ᠎ᠶ᠋ᠢᠨ ᠭᠤᠷᠪᠠᠨ ᠬᠢᠴᠢᠶᠡᠯ ᠲᠥᠷᠥᠯ᠎ᠤᠨ 114 ᠪᠠᠭ᠍ᠰᠢ ᠪᠣᠯᠪᠠᠰᠤᠷᠠᠯ᠎ᠳᠤ ᠣᠷᠣᠯᠴᠠᠪᠠ᠃ ᠡᠭᠦᠨ᠎ᠤ ᠬᠠᠮᠳᠤ᠂ ᠲᠤᠰ ᠬᠤᠲᠠ᠎ᠶ᠋ᠢᠨ ᠰᠤᠷᠭᠠᠭᠤᠯᠢ ᠡᠬᠢᠯᠡᠬᠦ᠌᠎ᠠᠴᠠ ᠡᠮᠦᠨᠡᠬᠢ ᠭᠡᠷ ᠪᠦᠯᠢ᠎ᠶ᠋ᠢᠨ ᠰᠤᠷᠪᠤᠯᠵᠢᠯᠠᠭ᠎ᠠ᠎ᠶ᠋ᠢᠨ ᠠᠵᠢᠯ ᠵᠠᠭ ᠶᠠᠪᠤᠬ᠍ᠳᠠᠵᠤ ᠪᠠᠢᠨ᠎ᠠ᠃ ᠱᠢᠯᠢ᠎ᠶ᠋ᠢᠨ ᠭᠤᠤᠯ ᠠᠢᠮᠠᠭ᠎ᠤᠨ ᠡᠯ᠎ᠡ ᠬᠤᠱᠢᠭᠤ ᠱᠢᠶᠠᠨ ᠬᠤᠲᠠ (ᠲᠣᠭᠤᠷᠢᠭ) ᠎ᠨᠢ ᠴᠥᠮ ᠬᠠᠪᠰᠤᠷᠤᠯᠴᠠᠭ᠎ᠠ ᠪᠠᠢᠭᠤᠯᠵᠤ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠪᠠᠢᠭᠤᠯᠵᠤ᠂ 48 ᠡᠩ᠎ᠤᠨ ᠰᠤᠷᠭᠠᠭᠤᠯᠢ᠎ᠨᠢ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠤ ᠪᠠᠢᠭ᠎ᠠ 29 ᠰᠤᠷᠭᠠᠭᠤᠯᠢ᠎ᠯᠤᠭ᠎ᠠ ᠬᠠᠪᠰᠤᠷᠤᠯᠴᠠᠭ᠎ᠠ ᠪᠠᠢᠭᠤᠯᠤᠨ ᠲᠡᠳᠬᠦᠵᠤ᠂ ᠵᠢᠭᠠᠨ ᠰᠤᠷᠭᠠᠯᠲᠠ᠎ᠶ᠋ᠢᠨ ᠲᠠᠯ᠎ᠠ᠎ᠳᠤ ᠭᠠᠷᠴᠤ᠌ ᠮᠡᠳᠡᠬᠦ᠌ ᠬᠦᠴᠢᠷ ᠲᠦᠪᠡᠭ᠌ᠲᠡᠶ ᠠᠰᠠᠭᠤᠳᠠᠯ᠎ᠳᠤ ᠴᠢᠭ᠌ᠯᠡᠭᠦᠯᠦᠨ᠂ ᠬᠡᠯᠡ ᠪᠢᠴᠢᠭ᠎ᠤᠨ ᠵᠢᠭᠠᠨ ᠰᠤᠷᠭᠠᠯᠲᠠ᠎ᠶ᠋ᠢᠨ ᠪᠠᠭ᠎ᠠ ᠰᠤᠷᠭᠠᠭᠤᠯᠢ ᠪᠠ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠵᠢᠭᠠᠨ ᠰᠤᠷᠭᠠᠯᠳᠠ᠎ᠶ᠋ᠢ ᠵᠣᠯᠭᠠᠭᠤᠯᠬᠤ ᠠᠵᠢᠯ᠎ᠤᠨ ᠲᠤᠬᠠᠢ ᠰᠠᠨᠠᠭᠤᠯᠭ᠎ᠠ ᠵᠢᠴᠢ ᠪᠠᠭ᠎ᠠ ᠰᠤᠷᠭᠠᠭᠤᠯᠢ᠎ᠶ᠋ᠢᠨ ᠳᠥᠷᠪᠡ᠎ᠠᠴᠠ ᠵᠢᠷᠭᠤᠳᠤᠭᠠᠷ ᠣᠨ ᠬᠦ᠍ᠷᠳᠡᠯᠡᠬᠢ ᠢᠵᠢᠯ ᠠᠯᠬᠤᠮᠳᠤ ᠵᠢᠭᠠᠨ ᠰᠤᠷᠭᠠᠬᠤ ᠰᠠᠨᠠᠭᠤᠯᠭ᠎ᠠ᠎ᠶ᠋ᠢ ᠳᠤᠷᠠᠳᠪᠠ᠃

ᠤᠷᠳᠤᠰ ᠬᠤᠳᠠ᠎ᠶ᠋ᠢᠨ᠎ᠬᠢᠨ ᠪᠦᠬᠦ᠌ ᠬᠤᠳᠠ᠎ᠶ᠋ᠢᠨ 576 ᠰᠤᠷᠭᠠᠭᠤᠯᠢ ᠶᠣᠰᠣ ᠰᠤᠷᠲᠠᠬᠤᠨ᠎ᠤ ᠬᠥᠮᠦᠵᠢᠯ᠎ᠤᠨ ᠠᠵᠢᠯ᠎ᠤᠨ ᠲᠠᠪᠴᠠᠩ ᠪᠣᠯᠤᠨ ᠰᠦᠯᠵᠢᠶᠡᠨ ᠳᠡᠭᠡᠷᠡᠬᠢ ᠭᠡᠷ᠎ᠤᠨ ᠠᠬᠠᠮᠠᠳ᠎ᠤᠨ ᠰᠤᠷᠭᠠᠭᠤᠯᠢ᠎ᠶ᠋ᠢᠨ ᠲᠠᠪᠴᠠᠩ᠎ᠢ ᠠᠱᠢᠬ᠍ᠯᠠᠨ ᠤᠯᠠᠨ ᠶᠠᠩᠵᠤ ᠬᠡᠯᠪᠡᠷᠢ᠎ᠶ᠋ᠢᠨ ᠭᠡᠷ ᠪᠦᠯᠢ ᠪᠣᠯᠤᠨ ᠰᠤᠷᠭᠠᠭᠤᠯᠢ᠎ᠶ᠋ᠢᠨ ᠬᠠᠮᠲᠤᠷᠠᠭ᠍ᠰᠠᠨ ᠠᠵᠢᠯᠯᠠᠭ᠎ᠠ ᠥᠷᠨᠢᠭᠦᠯᠬᠦ᠌᠎ᠶ᠋ᠢ ᠵᠢᠯᠤᠭᠤᠳᠴᠤ᠌᠂ ᠠᠩᠭᠢ᠎ᠶ᠋ᠢᠨ ᠡᠷᠬᠢᠯᠡᠭ᠌ᠴᠢ ᠭᠠᠷ ᠤᠲᠠᠰᠤ᠎ᠪᠠᠷ ᠭᠡᠷ ᠪᠦᠯᠢ᠎ᠶ᠋ᠢᠨ ᠰᠤᠷᠪᠤᠯᠵᠢᠯᠠᠭ᠎ᠠ ᠬᠢᠬᠦ᠂ ᠭᠡᠷ᠎ᠲᠤᠨᠢ ᠬᠦᠷᠴᠦ᠍ ᠰᠤᠷᠪᠤᠯᠵᠢᠯᠠᠬᠤ ᠵᠡᠷᠭᠡ ᠤᠯᠠᠨ ᠵᠦᠢᠯ᠎ᠤᠨ ᠬᠡᠯᠪᠡᠷᠢ᠎ᠪᠠᠷ ᠭᠡᠷ ᠪᠦᠯᠢ᠎ᠶ᠋ᠢᠨ ᠰᠤᠷᠪᠤᠯᠵᠢᠯᠠᠭ᠎ᠠ ᠬᠢᠭ᠌ᠰᠡᠨ ᠨᠤᠷᠮ᠎ᠠ 100% ᠪᠠᠢᠬᠤ᠎ᠶ᠋ᠢ ᠪᠡᠶᠡᠯᠡᠭᠦᠯᠪᠡ᠃ ᠪᠠᠶᠠᠨᠨᠠᠭᠤᠷ ᠬᠤᠲᠠ᠎ᠶ᠋ᠢᠨ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢ ᠢᠯᠡ᠎ᠪᠠᠷ ᠤᠷᠢᠵᠤ ᠬᠡᠷᠡᠭ᠌ᠯᠡᠬᠦ᠌ ᠠᠵᠢᠯ ᠨᠢᠭᠡᠨᠲᠡ ᠪᠢᠷ᠎ᠤᠨ ᠱᠢᠯᠭᠠᠯᠲᠠ᠂ ᠨᠢᠭᠤᠷᠲᠠᠨ ᠱᠢᠯᠭᠠᠬᠤ ᠶᠠᠪᠤᠴᠠ᠎ᠶ᠋ᠢ ᠳᠠᠭᠤᠰᠭᠠᠵᠤ᠂ ᠨᠡᠢᠲᠡ 24 ᠬᠥᠮᠦᠨ ᠪᠡᠶ᠎ᠡ᠎ᠶ᠋ᠢᠨ ᠪᠠᠢᠴᠠᠭᠠᠯᠲᠠ ᠬᠢᠬᠦ᠂ ᠬᠢᠨᠠᠨ ᠪᠠᠢᠴᠠᠭᠠᠬᠤ ᠶᠠᠪᠤᠴᠠ᠎ᠳᠤ ᠬᠦᠷᠦᠭᠡᠳ ᠪᠤᠢ᠃ ᠦᠬᠠᠢ ᠬᠤᠲᠠ ᠭᠤᠷᠪᠠᠨ ᠬᠢᠴᠢᠶᠡᠯ ᠲᠦᠷᠦᠯ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ ᠨᠠᠷ᠎ᠢ ᠪᠦᠬᠦᠨ᠎ᠢ ᠲᠤᠬᠢᠷᠠᠭᠤᠯᠵᠤ ᠤᠷᠤᠨ ᠪᠠᠢᠷᠢ᠎ᠳᠤᠨᠢ ᠬᠦᠷᠬᠡᠪᠡ᠃

ᠣᠢᠯᠠᠭᠠᠭ᠍ᠰᠠᠨ᠎ᠢᠶᠠᠷ᠂ ᠮᠠᠨ᠎ᠤ ᠣᠷᠣᠨ᠎ᠤ ᠪᠤᠰᠤᠳ ᠡᠯ᠎ᠡ ᠠᠢᠮᠠᠭ ᠬᠤᠲᠠ ᠴᠤ᠌ ᠰᠤᠷᠭᠠᠭᠤᠯᠢ ᠡᠬᠢᠯᠡᠬᠦ᠌ ᠡᠯ᠎ᠡ ᠵᠦᠶᠯ᠎ᠤᠨ ᠪᠡᠯᠡᠳᠭᠡᠯ ᠠᠵᠢᠯ᠎ᠢ ᠨᠢᠭᠡᠨᠲᠡ ᠰᠠᠢᠲᠤᠷ ᠬᠢᠭ᠌ᠰᠡᠨ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号