ᠸᠠᠩ ᠰᠦᠩ ᠰᠦᠩ᠄ ᠦᠭᠡ ᠬᠡᠯᠡ ᠨᠡᠪᠲᠡᠷᠡᠯᠴᠡᠪᠡᠯ ᠬᠥᠮᠦᠰ᠎ᠤᠨ ᠰᠡᠳᠭᠢᠯ ᠨᠠᠩ ᠤᠢ᠍ᠢᠷ᠎ᠠ ᠪᠤᠯᠳᠠᠭ
2021-02-27 18:18:17
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

《ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠬᠤᠶᠠᠷ ᠬᠤᠷᠠᠯ ᠳᠡᠭᠡᠷ᠎ᠡ᠂ ᠮᠣᠩᠭᠤᠯ ᠦᠨᠳᠦᠰᠦᠲᠡᠨ᠎ᠤ ᠨᠢᠭᠡ ᠲᠥᠯᠥᠭᠡᠯᠡᠭ᠌ᠴᠢ᠎ᠠᠴᠠ ᠲᠡᠭᠦᠨ᠎ᠤ 3 ᠬᠡᠤᠬᠡᠳ᠎ᠨᠢ ᠣᠯᠠᠨ ᠵᠦᠶᠯ᠎ᠤᠨ ᠬᠡᠯᠡ᠎ᠶ᠋ᠢ ᠡᠵᠡᠮᠱᠢᠭ᠌ᠰᠡᠨ᠎ᠢᠶᠠᠷ ᠲᠤᠰ ᠲᠤᠰ᠎ᠤᠨ ᠬᠥᠭ᠌ᠵᠢᠯᠲᠡ᠎ᠶ᠋ᠢᠨ ᠵᠠᠮ᠎ᠨᠢ ᠪᠦᠷ ᠶᠡᠭᠡ ᠰᠠᠷᠠᠭᠤᠯ ᠠᠭᠤᠳᠠᠮ ᠪᠣᠯᠤᠭ᠍ᠰᠠᠨ ᠪᠠᠢᠨ᠎ᠠ᠂ ᠲᠡᠷᠡ ᠦᠪᠡᠷ᠎ᠢᠶᠠᠨ ᠪᠤᠯ ᠥᠨᠳᠥᠷ ᠳᠤᠮᠳᠠᠳᠤ᠎ᠳᠤ ᠤᠷᠤᠬ᠍ᠰᠠᠨ᠎ᠤ ᠳᠠᠷᠠᠭ᠎ᠠ ᠰᠠᠶᠢ ᠡᠬᠢᠯᠡᠵᠤ ᠰᠤᠷᠤᠭ᠍ᠰᠠᠨ ᠲᠤᠯᠠ ᠬᠢᠲᠠᠳ᠎ᠢᠶᠠᠷ ᠶᠠᠷᠢᠵᠤ ᠢᠯᠡᠳᠭᠡᠬᠦ᠌ ᠴᠢᠳᠠᠪᠤᠷᠢ᠎ᠨᠢ ᠲᠡᠢᠮᠦ᠍ ᠰᠠᠢᠨ ᠪᠢᠰᠢ ᠭᠡᠵᠦ᠍ ᠪᠠᠢᠯ᠎ᠠ᠃ ᠮᠢᠨᠤ ᠪᠤᠳᠤᠬᠤ᠎ᠪᠠᠷ ᠡᠨᠡ᠎ᠨᠢ ᠢᠯᠡᠭᠦᠦ ᠨᠢᠭᠡ ᠵᠦᠶᠯ᠎ᠤᠨ ᠬᠡᠯᠡ᠎ᠶ᠋ᠢ ᠡᠵᠡᠮᠱᠢᠪᠡᠯ ᠢᠯᠡᠬᠦᠦ ᠨᠢᠬᠡ ᠵᠠᠮ᠎ᠲᠠᠢ ᠪᠤᠯᠬᠤ᠎ᠶ᠋ᠢ ᠢᠯᠡᠷᠬᠡᠢᠯᠡᠵᠦ᠍ ᠪᠠᠢᠨ᠎ᠠ》 ᠬᠡᠵᠥ᠍ ᠦᠬᠠᠶ ᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠪᠠᠭ᠍ᠰᠢ ᠸᠠᠩ ᠰᠥᠩ ᠰᠥᠩ ᠤᠢ᠍ᠢᠷ᠎ᠠ᠎ᠳᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠰᠤᠷᠭᠠᠨ ᠬᠥᠮᠦᠵᠢᠯ᠎ᠤᠨ ᠠᠵᠢᠯ᠎ᠤᠨ ᠲᠤᠬᠠᠶ ᠰᠤᠷᠪᠤᠯᠵᠢᠯᠠᠭ᠍ᠴᠢ᠎ᠳᠤ ᠡᠢᠨ ᠬᠦ᠌ ᠶᠠᠷᠢᠵᠠᠢ᠃

ᠦᠬᠠᠢ ᠬᠤᠳᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠤᠷᠠᠨ ᠪᠢᠴᠢᠯᠭᠡ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ 9 ᠵᠢᠯ ᠭᠠᠷᠤᠢ᠎ᠶ᠋ᠢᠨ ᠵᠢᠭᠠᠨ ᠰᠤᠷᠭᠠᠯᠲᠠ᠎ᠶ᠋ᠢᠨ ᠶᠠᠪᠤᠴᠠ᠎ᠳᠠᠭᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠴᠤ᠌ ᠰᠠᠢᠲᠤᠷ ᠬᠡᠷᠡᠭ᠌ᠯᠡᠬᠦ᠌᠎ᠶ᠋ᠢᠨ ᠴᠢᠬᠤᠯᠠ ᠴᠢᠨᠠᠷ᠎ᠤᠨ ᠲᠤᠬᠠᠢ ᠸᠠᠩ ᠰᠦᠩ ᠰᠦᠩ ᠭᠦᠨ ᠲᠦᠷᠦᠭ᠌ᠳᠡᠯ᠎ᠲᠠᠢ᠃ 《ᠠᠩᠬ᠎ᠠ ᠡᠬᠢᠯᠡᠵᠦ᠍ ᠤᠷᠠᠨ ᠪᠢᠴᠢᠯᠭᠡ ᠵᠢᠭᠠᠬᠤ᠎ᠳᠤ᠂ ᠮᠣᠩᠭᠤᠯ ᠰᠤᠷᠤᠭ᠍ᠴᠢᠳ᠎ᠲᠠᠢ ᠰᠤᠯᠢᠯᠴᠠᠬᠤ᠎ᠳᠤ ᠵᠢᠭᠠᠬᠠᠨ ᠬᠦᠴᠢᠷᠳᠡᠵᠦ᠍ ᠪᠠᠢᠪᠠ᠂ ᠰᠤᠷᠤᠭ᠍ᠴᠢᠳ ᠤᠷᠠᠨ ᠪᠢᠴᠢᠯᠭᠡ᠎ᠶ᠋ᠢᠨ ᠬᠢᠴᠢᠶᠡᠯ᠎ᠤᠨ ᠲᠤᠬᠠᠢ ᠳᠤᠷ᠎ᠠ ᠰᠣᠨᠢᠷᠬᠠᠯ ᠨᠡᠢᠳᠡᠮ᠎ᠳᠡᠭᠡᠨ ᠥᠨᠳᠥᠷ ᠪᠢᠰᠢ᠂ ᠳᠠᠪᠱᠢᠯᠲᠠ ᠴᠤ᠌ ᠲᠡᠢᠮᠦ᠍ ᠶᠡᠭᠡ ᠪᠢᠰᠢ ᠪᠠᠢᠵᠠᠢ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠪᠣᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠦᠮᠦᠵᠢᠯ᠎ᠢ ᠳᠡᠯᠬᠡᠷᠡᠬᠦᠯᠦᠭ᠌ᠰᠡᠨ᠎ᠠᠴᠠ ᠨᠠᠭᠠᠰᠢ᠂ ᠤᠳᠤ ᠴᠥᠭᠡᠨ ᠪᠤᠰᠤ ᠮᠣᠩᠭᠤᠯ ᠰᠤᠷᠤᠭ᠍ᠴᠢᠳ ᠤᠷᠠᠨ ᠪᠢᠴᠢᠯᠭᠡ᠎ᠶ᠋ᠢᠨ ᠬᠠᠮᠢᠶ᠎ᠠ ᠪᠦᠬᠦᠢ ᠮᠡᠳᠡᠯᠭᠡ᠎ᠶ᠋ᠢ ᠨᠡᠩ ᠲᠦᠷᠭᠡᠨ ᠨᠡᠩ ᠭᠦᠨᠵᠡᠭᠡᠢ ᠣᠢᠯᠠᠭᠠᠬᠤ ᠪᠤᠯᠵᠥ᠍᠂ ᠤᠷᠠᠨ ᠪᠢᠴᠢᠯᠭᠡ᠎ᠶ᠋ᠢᠨ ᠲᠤᠬᠠᠢ ᠳᠤᠷ᠎ᠠ ᠰᠣᠨᠢᠷᠬᠠᠯ᠎ᠲᠠᠢ ᠪᠤᠯᠵᠤ᠂ ᠵᠠᠷᠢᠮ᠎ᠨᠢ ᠬᠢᠴᠢᠶᠡᠯ᠎ᠤᠨ ᠭᠠᠳᠠᠨᠠᠬᠢ ᠴᠠᠭ᠎ᠢᠶᠠᠷ ᠰᠠᠨᠠᠭᠠᠴᠢᠯᠠᠭ᠎ᠠ᠎ᠠᠴᠠ᠎ᠪᠠᠨ ᠨᠠᠮᠠᠶ᠋ᠢ ᠡᠷᠢᠵᠦ᠍ ᠰᠤᠷᠤᠯᠴᠠᠬᠤ ᠪᠣᠯᠵᠠᠢ》 ᠭᠡᠵᠦ᠍ ᠲᠡᠷᠡ ᠬᠡᠯᠡᠨ᠎ᠠ᠃ ᠲᠡᠭᠦᠨ᠎ᠤ ᠦᠵᠡᠬᠦ᠌᠎ᠪᠠᠷ᠂ ᠦᠭᠡ ᠬᠡᠯᠡ ᠪᠤᠯ ᠰᠣᠯᠢᠯᠴᠠᠭᠠᠨ᠎ᠤ ᠪᠠᠭᠠᠵᠢ ᠪᠤᠯᠬᠤ᠎ᠪᠠᠷ ᠪᠠᠷᠠᠬᠤ ᠦᠭᠡᠢ ᠪᠠᠰᠠ ᠴᠤ᠌ ᠬᠠᠢᠷ᠎ᠠ ᠰᠡᠳᠭᠢᠯᠭᠡ᠎ᠶ᠋ᠢᠨ ᠬᠦᠭᠦᠷᠭᠡ ᠬᠤᠯᠪᠤᠭᠠᠰᠤ ᠪᠣᠯᠤᠨ᠎ᠠ᠂ ᠦᠭᠡ ᠬᠡᠯᠡ ᠨᠡᠪᠲᠡᠷᠡᠯᠴᠡᠪᠡᠯ ᠬᠥᠮᠦᠰ ᠨᠡᠩ ᠰᠠᠢᠲᠤᠷ ᠤᠢ᠍ᠢᠯᠠᠭᠠᠯᠴᠠᠨ ᠤᠯᠤᠯᠴᠠᠵᠤ᠂ ᠬᠦᠮᠦᠰ᠎ᠤᠨ ᠰᠡᠳᠭᠢᠯ ᠨᠡᠩ ᠤᠢ᠍ᠢᠷ᠎ᠠ ᠪᠤᠯᠳᠠᠭ᠃

ᠸᠠᠩ ᠰᠥᠩ ᠰᠥᠩ᠎ᠤᠨ ᠦᠵᠡᠬᠦ᠌᠎ᠪᠠᠷ᠂ ᠤᠳᠤ᠎ᠶ᠋ᠢᠨ ᠨᠡᠢᠭᠡᠮ᠎ᠳᠤ᠂ ᠬᠥᠮᠦᠰ᠎ᠤᠨ ᠬᠤᠭᠤᠷᠣᠨᠳᠣᠬᠢ ᠶᠠᠪᠤᠯᠴᠠᠭ᠎ᠠ ᠶᠠᠪᠤᠬᠤ ᠲᠤᠳᠤᠮ ᠣᠯᠠᠱᠢᠷᠠᠵᠤ᠂ ᠬᠡᠯᠡᠨ᠎ᠤ ᠴᠢᠳᠠᠪᠤᠷᠢ᠎ᠶ᠋ᠢᠨ ᠴᠢᠬᠤᠯᠠ ᠴᠢᠨᠠᠷ ᠴᠤ᠌ ᠶᠠᠪᠤᠬᠤ ᠲᠤᠳᠤᠮ ᠲᠣᠪᠤᠢᠮ᠎ᠠ ᠪᠤᠯᠪᠠ᠃ ᠲᠤᠰ ᠦᠨᠳᠦᠰᠦᠲᠡᠨ᠎ᠤ᠎ᠪᠠᠨ ᠦᠭᠡ ᠬᠡᠯᠡ ᠦᠰᠦᠭ ᠪᠢᠴᠢᠭ᠎ᠢᠶᠠᠨ ᠰᠠᠢᠲᠤᠷ ᠰᠤᠷᠤᠯᠴᠠᠬᠤ᠎ᠶ᠋ᠢᠨ ᠬᠠᠮᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠴᠤ᠌ ᠡᠵᠡᠮᠱᠢᠬᠦ᠌᠎ᠨᠢ ᠴᠥᠭᠡᠨ ᠲᠣᠭᠠᠲᠤ ᠦᠨᠳᠦᠰᠦᠲᠡᠨ᠎ᠤ ᠬᠡᠦᠬᠡᠳ᠎ᠲᠤ ᠠᠪᠴᠤ᠌ ᠬᠡᠯᠡᠪᠡᠯ ᠢᠯᠡᠬᠦᠦ ᠨᠢᠭᠡ ᠵᠦᠢᠯ᠎ᠤᠨ ᠴᠢᠳᠠᠪᠤᠷᠢ᠎ᠲᠠᠢ ᠪᠤᠯᠵᠤ᠂ ᠨᠡᠩ ᠶᠡᠭᠡ ᠣᠷᠣᠨ ᠵᠠᠢ᠎ᠳᠤ ᠰᠤᠷᠤᠯᠴᠠᠬᠤ ᠪᠠ ᠠᠵᠢᠯ ᠤᠯᠬᠤ ᠳᠤᠬᠢᠶᠠᠯ᠎ᠲᠠᠢ ᠪᠤᠯᠵᠤ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠤᠷᠤᠰᠭᠠᠯ᠎ᠳᠤ ᠨᠡᠩ ᠰᠠᠢᠲᠤᠷ ᠵᠣᠬᠢᠴᠠᠨ᠂ ᠠᠮᠢᠳᠤᠷᠠᠯ᠎ᠳᠠᠭᠠᠨ ᠦᠪᠡᠷ᠎ᠤᠨ ᠭᠡᠷᠡᠯ ᠬᠢᠯᠪᠠᠭ᠎ᠠ᠎ᠪᠠᠨ ᠰᠠᠴᠤᠷᠠᠭᠤᠯᠬᠤ ᠠᠵᠠ ᠳᠤᠬᠢᠶᠠᠯ ᠨᠡᠩ ᠤᠯᠠᠨ ᠪᠤᠯᠬᠤ᠎ᠶ᠋ᠢ ᠬᠠᠷᠠᠭᠤᠯᠤᠨ᠎ᠠ᠃

《ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠠᠢ᠂ ᠤᠯᠠᠨ ᠵᠦᠢᠯ᠎ᠤᠨ ᠦᠭᠡ ᠬᠡᠯᠡ᠎ᠲᠠᠢ᠂ ᠤᠯᠠᠨ ᠵᠦᠢᠯ᠎ᠤᠨ ᠨᠤᠲᠤᠭ᠎ᠤᠨ ᠠᠶᠠᠯᠭᠤ᠎ᠲᠠᠢ ᠬᠥᠮᠦᠨ ᠠᠮᠠ ᠤᠯᠠᠨᠳᠠᠢ ᠲᠤᠮᠤ ᠤᠯᠤᠰ ᠮᠥᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠳᠤᠮᠳᠠᠳᠤ᠎ᠶ᠋ᠢᠨ ᠦᠨᠳᠦᠰᠦᠲᠡᠨ᠎ᠤ ᠲᠠᠪᠤᠨ ᠮᠢᠩᠭᠠᠨ ᠵᠢᠯ᠎ᠤᠨ ᠥᠨᠢ ᠤᠳᠠᠭᠠᠨ ᠭᠡᠷᠡᠯ ᠰᠠᠴᠤᠷᠠᠩᠭᠤᠢ ᠪᠣᠯᠪᠠᠰᠤᠨ᠎ᠢ ᠤᠯᠠᠮᠵᠢᠯᠠᠵᠤ ᠪᠠᠢᠳᠠᠭ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠬᠤ᠎ᠨᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠨᠡᠩ ᠡᠷᠬᠡ ᠲᠡᠭ᠌ᠰᠢ᠂ ᠨᠡᠩ ᠴᠢᠨᠠᠷ ᠰᠠᠢᠲᠠᠢ ᠰᠤᠷᠭᠠᠨ ᠬᠥᠮᠦᠵᠢᠯ ᠬᠦᠷᠲᠡᠬᠦ᠌᠎ᠳᠤ ᠠᠱᠢᠭ᠍ᠲᠠᠢ᠂ ᠡᠯ᠎ᠡ ᠦᠨᠳᠦᠰᠦᠲᠡᠨ ᠡᠯ᠎ᠡ ᠭᠠᠵᠠᠷ ᠣᠷᠣᠨ᠎ᠤ ᠬᠤᠭᠤᠷᠣᠨᠳᠣᠬᠢ ᠠᠵᠤ ᠠᠬᠤᠢ ᠰᠣᠶᠣᠯ᠎ᠤᠨ ᠰᠣᠯᠢᠯᠴᠠᠭ᠎ᠠ᠎ᠶ᠋ᠢ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ᠎ᠢ ᠴᠢᠩᠭᠠᠳᠭᠠᠬᠤ᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠬᠤ᠂ ᠤᠯᠤᠰ᠎ᠤᠨ ᠨᠢᠭᠡᠳᠦᠯ᠎ᠢ ᠬᠠᠮᠠᠭᠠᠯᠠᠬᠤ᠎ᠳᠤ ᠲᠦᠢᠯ᠎ᠤᠨ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠤᠷᠠᠨ ᠪᠢᠴᠢᠯᠭᠡ᠎ᠶ᠋ᠢᠨ ᠰᠣᠶᠣᠯ ᠪᠣᠯ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠳᠤ ᠰᠠᠭᠤᠷᠢᠯᠠᠭ᠍ᠰᠠᠨ ᠶᠤᠮ᠂ ᠳᠠᠷᠠᠭᠠᠴᠢ᠎ᠪᠠᠷ ᠪᠢ ᠬᠢᠲᠠᠳ ᠦᠰᠦᠭ᠎ᠤᠨ ᠬᠤᠪᠢᠷᠠᠯ ᠬᠥᠭ᠌ᠵᠢᠯ ᠪᠠ ᠤᠷᠠᠨ ᠪᠢᠴᠢᠯᠭᠡ᠎ᠶ᠋ᠢᠨ ᠰᠣᠶᠣᠯ᠎ᠢ ᠤᠷᠠᠨ ᠪᠢᠴᠢᠯᠭᠡ᠎ᠶ᠋ᠢᠨ ᠵᠢᠭᠠᠨ ᠰᠤᠷᠭᠠᠯᠳᠠ᠎ᠳᠤ ᠠᠭᠤᠰᠤᠯᠴᠠᠭᠤᠯᠵᠤ᠂ ᠬᠡᠦᠬᠡᠳ᠎ᠤᠳ᠎ᠲᠤ ᠬᠢᠲᠠᠳ ᠦᠰᠦᠭ᠎ᠤᠨ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠵᠦ᠍᠂ ᠤᠷᠠᠨ ᠪᠢᠴᠢᠯᠭᠡ᠎ᠶ᠋ᠢᠨ ᠤᠷᠠᠯᠢᠭ᠎ᠤᠨ ᠭᠤᠸ᠎ᠠ ᠰᠠᠢᠬᠠᠨ᠎ᠢ ᠣᠢᠯᠠᠭᠠᠭᠤᠯᠬᠤ᠎ᠶ᠋ᠢᠨ ᠬᠠᠮᠲᠤ ᠦᠨᠳᠦᠰᠦᠲᠡᠨ᠎ᠤ ᠰᠣᠶᠣᠯ᠎ᠤᠨ ᠬᠠᠮᠲᠤ᠎ᠶ᠋ᠢᠨ ᠲᠠᠨᠢᠯᠲᠠ ᠪᠠ ᠰᠣᠶᠣᠯ᠎ᠤᠨ ᠢᠲᠡᠭᠡᠯ᠎ᠢ᠎ᠨᠢ ᠲᠠᠰᠤᠷᠠᠯᠲᠠ ᠦᠭᠡᠢ ᠴᠢᠩᠭᠠᠷᠠᠭᠤᠯᠤᠨ᠂ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ᠎ᠨᠢ ᠵᠤᠵᠠᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ᠎ᠨᠢ ᠪᠠᠲᠤ ᠴᠣᠭ᠍ᠴᠠᠯᠠᠨ᠎ᠠ》 ᠭᠡᠵᠦ᠍ ᠸᠠᠩ ᠰᠦᠩ ᠰᠦᠩ ᠬᠡᠯᠡᠪᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号