ᠠᠮᠢ ᠠᠬᠤᠢ᠎ᠪᠠᠷ ᠶᠠᠳᠠᠭᠤ᠎ᠠᠴᠠ ᠠᠩᠭᠢᠵᠢᠷᠠᠭᠤᠯᠵᠦ᠍ ᠠᠮᠢ ᠠᠬᠤᠢ᠎ᠶ᠋ᠢ 《ᠠᠯᠳᠠ ᠮᠦᠩᠬᠦ᠌》 ᠪᠤᠯᠭᠠᠨ ᠬᠤᠪᠢᠷᠠᠭᠤᠯᠤᠨ᠎ᠠ
2021-02-27 18:20:24
ᠵᠣᠬᠢᠶᠠᠭ᠍ᠴᠢ᠄
ᠵᠠᠩ ᠬᠤᠢ ᠯᠢᠩ ᠵᠣᠣ ᠳ᠋ᠦᠩ ᠱᠢᠶᠠ
ᠣᠩᠱᠢᠭ᠍ᠰᠠᠨ ᠣᠳᠠᠭ᠎ᠠ᠄
★★★☆☆

《ᠲᠣᠰᠭᠤᠨ᠎ᠤ᠎ᠬᠢᠨ ᠭᠠᠵᠠᠷ ᠱᠢᠷᠣᠢ᠎ᠶ᠋ᠢ ᠦᠬᠡᠷᠡᠴᠢᠯᠡᠨ ᠰᠠᠢᠵᠢᠷᠠᠭᠤᠯᠵᠤ᠂ ᠲᠣᠰᠭᠤᠨ᠎ᠤ ᠬᠠᠮᠲᠤ᠎ᠶ᠋ᠢᠨ ᠠᠵᠤ ᠠᠬᠤᠢ᠎ᠶ᠋ᠢ ᠨᠡᠮᠡᠭ᠌ᠳᠡᠭᠦᠯᠦᠭ᠌ᠰᠡᠨ᠎ᠢᠶᠠᠷ ᠪᠠᠷᠠᠬᠤ ᠦᠭᠡᠢ᠂ ᠨᠡᠩ ᠴᠤ᠌ ᠮᠠᠨ᠎ᠤ ᠲᠣᠰᠭᠤᠨ᠎ᠤ ᠠᠮᠢ ᠠᠬᠤᠢ᠎ᠪᠠᠷ ᠠᠷᠠᠳ᠎ᠢ ᠪᠠᠶᠠᠵᠢᠭᠤᠯᠬᠤ ᠵᠠᠮ᠎ᠢ ᠨᠡᠭᠡᠭᠡᠵᠡᠢ᠂ ᠮᠠᠨ᠎ᠤ᠎ᠬᠢᠨ 3 ᠮᠦ᠍ ᠭᠠᠵᠠᠷ᠎ᠢ ᠥᠭᠡᠷᠡᠴᠢᠯᠡᠨ ᠰᠠᠢᠵᠢᠷᠠᠭᠤᠯᠵᠤ ᠱᠢᠰᠢ ᠲᠠᠷᠢᠭ᠍ᠰᠠᠨ᠎ᠤ ᠲᠠᠷᠠᠭ᠎ᠠ᠂ ᠤᠨᠠᠯᠲᠠ ᠨᠡᠮᠡᠭ᠌ᠳᠡᠭ᠌ᠰᠡᠨ ᠪᠥᠭᠡᠳ ᠣᠷᠣᠯᠭ᠎ᠠ ᠴᠤ᠌ ᠨᠡᠮᠡᠭ᠌ᠳᠡᠭ᠌ᠰᠡᠨ ᠪᠠᠢᠨ᠎ᠠ》 ᠭᠡᠵᠤ ᠤᠷᠳᠤᠰ ᠬᠤᠳᠠ᠎ᠶ᠋ᠢᠨ ᠵᠡᠭᠦᠨᠭᠠᠷ ᠬᠤᠱᠢᠭᠤᠨ᠎ᠤ ᠯᠦᠩ ᠺᠸᠤ ᠪᠠᠯᠭᠠᠰᠤᠨ᠎ᠤ ᠶᠡᠭᠡ ᠬᠦᠷᠢᠶᠠᠨ ᠱᠢᠯᠢ ᠲᠣᠰᠭᠤᠨ᠎ᠤ ᠠᠷᠠᠳ ᠵᠧᠦ ᠺᠠᠢ ᠶᠢᠩ ᠲᠣᠰᠭᠤᠨ᠎ᠤ ᠬᠡᠷᠡᠭ᠌ᠵᠢᠭᠦᠯᠵᠦ᠍ ᠪᠠᠢᠭ᠎ᠠ 《ᠨᠠᠯᠠᠤ ᠭᠠᠵᠠᠷ᠎ᠢ ᠲᠡᠭ᠌ᠰᠢᠯᠡᠬᠦ᠌》 ᠲᠦᠷᠦᠯ ᠵᠦᠢᠯ᠎ᠢ ᠳᠤᠷᠠᠳᠭᠤ᠎ᠲᠠᠢ ᠵᠡᠷᠭᠡ ᠮᠠᠭ᠍ᠲᠠᠭᠠᠳ ᠵᠤᠬ᠍ᠰᠤᠬᠤ ᠦᠭᠡᠢ᠃

2018 ᠣᠨ᠎ᠳᠤ᠂ ᠲᠣᠰᠭᠤᠨ᠎ᠤ ᠬᠠᠮᠲᠤ᠎ᠶ᠋ᠢᠨ ᠠᠵᠤ ᠠᠬᠤᠢ᠎ᠶ᠋ᠢ ᠬᠥᠭ᠌ᠵᠢᠭᠦᠯᠵᠦ᠍᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢᠨ ᠲᠥᠯᠥᠭᠡ᠂ ᠶᠡᠭᠡ ᠬᠦᠷᠢᠶᠠᠨ ᠱᠢᠯᠢ ᠲᠣᠰᠭᠤᠨ᠎ᠤ᠎ᠬᠢᠨ ᠪᠣᠳᠠᠲᠠᠢ ᠪᠠᠢᠳᠠᠯ᠎ᠢᠶᠠᠨ ᠦᠨᠳᠦᠰᠦᠯᠡᠨ᠂ 《ᠨᠠᠯᠠᠤ ᠭᠠᠵᠠᠷ᠎ᠢ ᠲᠡᠭ᠌ᠰᠢᠯᠡᠬᠦ᠌》 ᠲᠦᠷᠦᠯ ᠵᠦᠢᠯ᠎ᠢ ᠬᠡᠷᠡᠭ᠌ᠵᠢᠭᠦᠯᠵᠦ᠍᠂ 430 ᠮᠦ᠍ ᠨᠠᠯᠠᠤ ᠭᠠᠵᠠᠷ᠎ᠢ ᠦᠬᠡᠷᠡᠴᠢᠯᠡᠨ ᠰᠠᠢᠵᠢᠷᠠᠭᠤᠯᠪᠠ᠃ ᠲᠤᠰ ᠲᠣᠰᠭᠤᠨ ᠪᠠᠰᠠ ᠲᠠᠷᠢᠮᠠᠯ᠎ᠤᠨ ᠵᠠᠭ᠍ᠪᠤᠷ᠎ᠢᠶᠠᠨ ᠰᠠᠢᠵᠢᠷᠠᠭᠤᠯᠵᠤ᠂ 2019 ᠣᠨ᠎ᠳᠤ 38 ᠡᠷᠦᠬᠡ᠎ᠶ᠋ᠢᠨ 200 ᠮᠦ᠍ ᠲᠠᠷᠢᠶᠠᠨ ᠭᠠᠵᠠᠷ᠎ᠢ ᠥᠭᠡᠷᠡᠴᠢᠯᠡᠨ ᠰᠠᠢᠵᠢᠷᠠᠭᠤᠯᠵᠤ᠂ ᠵᠠᠬᠢᠶᠠᠯᠠᠭ᠎ᠠ᠎ᠶ᠋ᠢᠨ ᠱᠢᠰᠢ ᠳᠠᠷᠢᠵᠤ᠂ ᠲᠦᠷᠦᠭᠦᠦ ᠵᠢᠯ᠎ᠳᠡᠭᠡᠨ ᠠᠮᠵᠢᠯᠲᠠ ᠣᠯᠵᠤ᠂ ᠮᠦ᠍ ᠪᠦᠷᠢ᠎ᠶ᠋ᠢᠨ ᠤᠨᠠᠯᠳᠠ᠎ᠨᠢ 1000 ᠵᠢᠩ᠎ᠳᠤ ᠬᠦᠷᠴᠡᠶ᠃ 《ᠭᠠᠵᠠᠷ ᠱᠢᠷᠣᠶ᠎ᠶ᠋ᠢ ᠨᠡᠢᠳᠭᠡᠵᠤ ᠱᠢᠰᠢ ᠳᠠᠷᠢᠭ᠍ᠰᠠᠨ᠎ᠤ ᠳᠠᠷᠠᠭ᠎ᠠ᠂ ᠡᠷᠳᠡᠨᠢ ᠱᠢᠰᠢ ᠳᠠᠷᠢᠭ᠍ᠰᠠᠨ᠎ᠢ ᠪᠤᠳᠤᠪᠠᠯ᠂ ᠮᠥ᠍ ᠪᠦᠷᠢ᠎ᠶ᠋ᠢᠨ ᠤᠷᠤᠯᠭ᠎ᠠ 320 ᠲᠥᠭᠦᠷᠢᠭ ᠨᠡᠮᠡᠭ᠌ᠳᠡᠵᠦ᠍᠂ ᠮᠢᠨᠤ 3 ᠮᠥ᠍ ᠲᠠᠷᠢᠶᠠᠨ ᠭᠠᠵᠠᠷ᠎ᠤᠨ ᠤᠷᠤᠯᠭ᠎ᠠ ᠵᠢᠯ ᠪᠦᠷᠢ 960 ᠲᠥᠭᠦᠷᠢᠭ ᠨᠡᠮᠡᠭ᠌ᠳᠡᠪᠡ᠂ ᠪᠢ ᠪᠠᠰᠠ ᠬᠥᠯᠥᠰᠥᠨ ᠠᠵᠢᠯ ᠬᠢᠵᠤ ᠰᠠᠷ᠎ᠠ ᠪᠦᠷᠢ 1800 ᠲᠥᠭᠦᠷᠢᠭ᠎ᠤᠨ ᠣᠷᠣᠯᠭ᠎ᠠ᠎ᠲᠠᠢ ᠮᠥᠷᠲᠡᠭᠡᠨ ᠦᠢᠯᠡᠳᠪᠦᠷᠢ᠎ᠠᠴᠠ ᠠᠱᠢᠬ ᠬᠤᠪᠢᠶᠠᠷᠢᠯᠠᠵᠦ᠍ ᠪᠠᠢᠨ᠎ᠠ》 ᠭᠡᠵᠤ ᠵᠧᠦ ᠺᠠᠶ ᠶᠢᠩ ᠰᠤᠷᠪᠤᠯᠵᠢᠯᠠᠭ᠍ᠴᠢ᠎ᠳᠤ ᠳᠠᠩᠰᠠ ᠪᠤᠳᠤᠵᠤ ᠦᠭ᠌ᠭᠦᠨ᠎ᠠ᠃


55.png


2020 ᠣᠨ᠎ᠤ 9 ᠰᠠᠷ᠎ᠠ᠎ᠳᠤ᠂ ᠶᠡᠭᠡ ᠬᠦᠷᠢᠶᠠᠨ ᠱᠢᠯᠢ ᠲᠣᠰᠭᠤᠨ ᠪᠠᠰᠠ 300 ᠲᠡᠭ᠌ᠰᠢ ᠳᠥᠷᠪᠡᠯᠵᠢᠨ ᠮᠧᠲᠷ᠎ᠤᠨ ᠠᠯᠠᠱᠢᠨ ᠦᠬᠡᠷ ᠲᠡᠵᠢᠭᠡᠨ ᠦᠷᠡᠵᠢᠭᠦᠯᠬᠦ᠌ ᠲᠣᠭᠤᠷᠢᠭ᠎ᠢ ᠪᠠᠢᠭᠤᠯᠤᠭ᠍ᠰᠠᠨ ᠪᠥᠭᠡᠳ 34 ᠱᠢᠮᠧᠨ᠋ᠲᠠᠷ ᠦᠬᠡᠷ᠎ᠢ ᠣᠷᠣᠭᠤᠯᠤᠨ ᠠᠪᠴᠢᠷᠠᠵᠤ᠂ ᠲᠡᠵᠢᠭᠡᠨ ᠦᠷᠡᠵᠢᠭᠦᠯᠬᠦ᠌ ᠲᠤᠰᠭᠠᠢ ᠬᠤᠷᠱᠢᠶ᠎ᠠ᠎ᠶ᠋ᠢ ᠪᠠᠢᠭᠤᠯᠵᠠᠢ᠃ ᠡᠢᠨ ᠭᠦ᠌ ᠱᠢᠰᠢ ᠳᠠᠷᠢᠬᠤ᠎ᠠᠴᠠ ᠠᠪᠤᠭᠠᠳ ᠡᠳ᠋ᠱᠢᠬᠦᠯᠦᠨ ᠪᠣᠯᠪᠠᠰᠤᠷᠠᠭᠤᠯᠬᠤ᠂ ᠲᠡᠵᠢᠭᠡᠨ ᠦᠷᠡᠵᠢᠭᠦᠯᠬᠦ᠌ ᠬᠦᠷᠳᠡᠯ᠎ᠡ᠂ ᠡᠬᠢ ᠪᠠᠶᠠᠯᠢᠭ᠎ᠢ ᠵᠢᠭᠠᠬᠠᠨ ᠴᠤ᠌ ᠪᠦᠷᠢᠯᠭᠡᠨ ᠰᠦᠢᠳᠭᠡᠬᠦ᠌᠎ᠪᠠᠨ ᠪᠤᠯᠢᠵᠠᠢ᠃

ᠤᠢ᠍ᠢᠷ᠎ᠠ᠎ᠶ᠋ᠢᠨ ᠵᠢᠯ᠎ᠠᠴᠠ ᠨᠠᠭᠠᠰᠢ᠂ ᠠᠮᠢ ᠠᠬᠤᠢ᠎ᠪᠠᠷ ᠶᠠᠳᠠᠭᠤ᠎ᠶ᠋ᠢ ᠲᠡᠳᠬᠦᠬᠦ᠌ ᠠᠵᠢᠯ᠎ᠤᠨ ᠠᠬᠢᠭᠤᠯᠬᠤ ᠳᠤᠭᠤᠢ᠍ᠢᠯᠠᠩ᠎ᠤᠨ ᠠᠬᠢᠭᠤᠯᠭ᠎ᠠ ᠳᠣᠣᠷ᠎ᠠ᠂ ᠮᠠᠨ᠎ᠤ ᠣᠷᠣᠨ ᠠᠮᠢ ᠠᠬᠤᠢ᠎ᠪᠠᠷ ᠶᠠᠳᠠᠭᠤ᠎ᠶ᠋ᠢ ᠲᠡᠳᠬᠦᠬᠦ᠌᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠶᠠᠳᠠᠭᠤ᠎ᠶ᠋ᠢ ᠲᠡᠳᠬᠦᠵᠦ᠍ ᠨᠡᠭᠡᠭᠡᠨ ᠬᠥᠭ᠌ᠵᠢᠭᠦᠯᠬᠦ᠌ ᠪᠠ ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠳᠤ 《ᠬᠥᠬᠡᠮᠳᠦᠭ ᠨᠣᠭᠤᠭᠠᠨ ᠠᠭᠤᠯᠠ ᠤᠰᠤ》 ᠬᠢᠭᠡᠳ 《ᠠᠯᠲᠠ ᠮᠥᠩᠭᠦᠨ ᠠᠭᠤᠯᠠ》 ᠭᠡᠬᠦ᠌ ᠠᠮᠢ ᠠᠬᠤᠶ᠎ᠪᠠᠷ ᠶᠠᠳᠠᠭᠤ᠎ᠶ᠋ᠢ ᠲᠡᠳᠬᠦᠬᠦ᠌ ᠱᠢᠨ᠎ᠡ ᠵᠠᠮ᠎ᠢ ᠨᠡᠭᠡᠭᠡᠭ᠌ᠰᠡᠨ ᠪᠠᠢᠨ᠎ᠠ᠃

2016 ᠣᠨ᠎ᠠᠴᠠ ᠨᠠᠭᠠᠰᠢ᠂ ᠮᠠᠨ᠎ᠤ ᠣᠷᠣᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ᠎ᠶ᠋ᠢᠨ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ 80% ᠎ᠠᠴᠠ ᠳᠡᠭᠡᠭ᠌ᠰᠢᠬᠢ᠎ᠶ᠋ᠢ ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠳᠤ ᠳᠣᠭᠢᠷᠠᠭᠤᠯᠵᠦ᠍᠂ ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠳᠤ ᠤᠯᠤᠰ᠎ᠤᠨ ᠣᠶ ᠱᠢᠭᠤᠶ᠎ᠶ᠋ᠢᠨ ᠭᠤᠤᠯᠳᠠᠯᠭ᠎ᠠ᠎ᠲᠠᠢ ᠢᠨᠵᠧᠨᠧᠷᠢᠩ᠎ᠤᠨ ᠪᠠᠯᠠ ᠮᠥᠩᠭᠦ᠎ᠶ᠋ᠢ ᠨᠡᠢᠲᠡ 38.1 ᠳ᠋ᠦᠩᠱᠢᠭᠤᠷ ᠲᠥᠭᠦᠷᠢᠭ᠂ ᠤᠯᠤᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠣᠶ᠎ᠶ᠋ᠢᠨ ᠨᠥᠬᠦᠪᠥᠷᠢ ᠮᠥᠩᠭᠦ᠎ᠶ᠋ᠢ 62 ᠳ᠋ᠦᠩᠱᠢᠭᠤᠷ ᠲᠥᠭᠦᠷᠢᠭ ᠣᠷᠣᠭᠤᠯᠵᠤ᠂ 8 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠳᠠᠢᠴᠢᠯᠠᠨ ᠠᠱᠢᠭ ᠬᠦᠷᠲᠡᠭᠡᠪᠡ᠃

ᠬᠠᠮᠲᠤ᠎ᠳᠤᠨᠢ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠠᠮᠢ ᠠᠬᠤᠶ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢᠴᠡᠳ ᠠᠱᠢᠭ᠍ᠯᠠᠨ᠂ ᠣᠶ ᠮᠤᠳᠤᠨ᠎ᠤ ᠠᠵᠤ ᠠᠬᠤᠶ ᠪᠠ ᠤᠢ ᠲᠤᠳᠤᠷᠠᠬᠢ ᠠᠵᠦ᠍ ᠠᠬᠤᠢ᠂ ᠬᠦᠷᠢᠶ᠎ᠡ ᠬᠠᠱᠢᠶᠠᠨ᠎ᠤ ᠵᠢᠮᠢᠰ᠎ᠤᠨ ᠮᠣᠳᠣᠨ᠎ᠤ ᠠᠵᠤ ᠠᠬᠤᠶ ᠵᠡᠷᠭᠡ ᠠᠵᠤ ᠦᠢᠯᠡᠰ᠎ᠢ ᠬᠥᠭ᠌ᠵᠢᠭᠦᠯᠵᠦ᠍᠂ ᠨᠡᠢᠲᠡ 1.5 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠵᠦ᠍᠂ ᠬᠥᠮᠦᠨ ᠳᠤᠮᠳᠠᠴᠢ᠎ᠶ᠋ᠢᠨ ᠣᠷᠣᠯᠭ᠎ᠠ᠎ᠶ᠋ᠢ 1900 ᠲᠥᠭᠦᠷᠢᠭ ᠨᠡᠮᠡᠭ᠌ᠳᠡᠭᠦᠯᠵᠦ᠍᠂ ᠨᠡᠢᠳᠡ 3.17 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠤᠢ ᠬᠠᠮᠠᠭᠠᠯᠠᠭ᠍ᠴᠢ᠎ᠪᠠᠷ ᠤᠷᠢᠨ ᠬᠡᠷᠡᠭ᠌ᠯᠡᠵᠤ᠂ ᠬᠥᠮᠦᠨ ᠳᠤᠮᠳᠠᠴᠢ᠎ᠶ᠋ᠢᠨ ᠣᠷᠣᠯᠭ᠎ᠠ᠎ᠨᠢ 6000 ᠲᠥᠭᠦᠷᠢᠭ᠎ᠢ ᠳᠠᠪᠠᠵᠠᠶ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号